【 ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠪᠡ 】 ᠶᠢᠨ ᠶᠦᠩ ᠯᠢ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠪᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠣᠳᠠᠭᠠᠨ ᠤ ᠳᠤᠭᠤᠶᠢᠯᠠᠩ ᠬᠤᠪᠢᠶᠠᠨ ᠶᠠᠷᠢᠯᠴᠠᠬᠤ ᠬᠤᠷᠠᠯᠳᠤᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2022/1/11
     1 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠨᠢᠭᠡᠳᠦᠭᠡᠷ᠂ ᠬᠤᠶᠠᠳᠤᠭᠠᠷ᠂ ᠳᠥᠷᠪᠡᠳᠦᠭᠡᠷ ᠲᠥᠯᠥᠭᠡᠯᠡᠭᠴᠢᠳ ᠤᠨ ᠪᠦᠯᠬᠦᠮ ᠪᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠨᠢᠭᠡᠳᠦᠭᠡᠷ ᠶᠠᠷᠢᠯᠴᠠᠬᠤ ᠳᠤᠭᠤᠶᠢᠯᠠᠩ ᠤᠨ ᠶᠠᠷᠢᠯᠴᠠᠭᠠᠨ ᠳᠤ ᠣᠷᠣᠯᠴᠠᠪᠠ᠃
      ᠶᠠᠷᠢᠯᠴᠠᠭᠠᠨ ᠤ ᠳᠤᠮᠳᠠ᠂ ᠲᠥᠯᠥᠭᠡᠯᠡᠭᠴᠢᠳ ᠪᠣᠯᠤᠨ ᠭᠡᠰᠢᠭᠦᠳ ᠤᠷᠢᠳ ᠬᠤᠵᠢᠳ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠣᠭᠤᠷᠢᠨ ᠳᠤ ᠲᠠᠨᠢᠯᠲᠠ ᠣᠶᠢᠯᠠᠭᠠᠯᠲᠠ ᠪᠠᠨ ᠶᠠᠷᠢᠵᠤ᠂ ᠤᠯᠠᠨ ᠤ ᠦᠵᠡᠬᠦ ᠪᠠᠷ ᠤᠯᠤᠰ ᠲᠦᠷᠦ ᠶᠢᠨ ᠵᠣᠭᠰᠣᠴᠠ ᠥᠨᠳᠥᠷ᠂ ᠪᠣᠳᠣᠯᠬᠢᠯᠠᠯ ᠭᠦᠨᠵᠡᠭᠡᠢ᠂ ᠠᠵᠢᠯ ᠤᠨ ᠪᠠᠶᠢᠷᠢᠯᠠᠭᠤᠯᠤᠯᠲᠠ ᠪᠣᠳᠠᠲᠠᠢ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠬᠤ ᠬᠡᠷᠡᠭᠲᠡᠢ ᠭᠡᠵᠦ ᠦᠵᠡᠪᠡ᠃       ᠶᠢᠨ ᠶᠦᠩ ᠯᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠰᠠᠨᠠᠯ ᠢᠶᠠᠨ ᠰᠣᠯᠢᠯᠴᠠᠪᠠ᠃ ᠲᠡᠷᠡ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠳ᠋ᠦᠩᠨᠡᠬᠦ ᠳᠤ ᠪᠠᠨ ᠦᠨᠡᠨ ᠠᠴᠠ ᠵᠥᠪ ᠢ ᠡᠷᠢᠵᠦ᠂ ᠠᠰᠠᠭᠤᠳᠠᠯ ᠢ ᠵᠠᠳᠠᠯᠬᠤ ᠳᠠᠭᠠᠨ ᠭᠤᠣᠯᠳᠠᠯᠭ᠎ᠠ ᠶᠢ ᠨᠢ ᠠᠳᠬᠤᠵᠣ᠂ ᠠᠵᠢᠯ ᠲᠣᠬᠢᠷᠠᠭᠤᠯᠬᠤ ᠳᠠᠭᠠᠨ ᠪᠣᠳᠠᠲᠠᠶ ᠶᠢ ᠡᠷᠬᠢᠮᠯᠡᠵᠦ᠂ ᠵᠣᠭᠰᠣᠴᠠ ᠨᠢ ᠥᠨᠳᠥᠷ᠂ ᠲᠤᠰᠤᠯᠲᠠ ᠨᠢ ᠪᠣᠳᠠᠲᠠᠶ᠂ ᠴᠢᠭᠯᠡᠯ ᠨᠢ ᠲᠣᠳᠣᠷᠬᠠᠶ᠂ ᠠᠷᠭ᠎ᠠ ᠵᠠᠮ ᠨᠢ ᠣᠨᠣᠪᠴᠢᠲᠠᠶ ᠵᠡᠷᠭᠡ ᠣᠨᠴᠠᠯᠢᠭ ᠢ ᠢᠯᠡᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠭᠰᠠᠨ ᠰᠠᠶᠢᠨ ᠮᠡᠳᠡᠭᠦᠯᠦᠯᠲᠡ ᠪᠠᠶᠢᠵᠤ᠂ ᠮᠠᠨ ᠤ ᠲᠣᠭᠤᠷᠢᠭ ᠤᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠬᠦᠴᠦᠲᠡᠶ ᠵᠢᠷᠤᠮᠯᠠᠯ ᠬᠠᠩᠭᠠᠭᠰᠠᠨ ᠪᠠᠶᠢᠨ᠎ᠠ᠃ ᠲᠥᠯᠥᠭᠡᠯᠡᠭᠴᠢᠳ ᠪᠠ ᠭᠡᠰᠢᠭᠦᠳ ᠨᠠᠷᠢᠨ ᠬᠢᠨᠠᠮᠠᠭᠠᠶ ᠰᠤᠳᠤᠯᠵᠤ᠂ ᠦᠨ᠎ᠡ ᠥᠷᠲᠡᠭ ᠲᠠᠢ ᠰᠠᠨᠠᠭᠤᠯᠭ᠎ᠠ ᠳᠤᠷᠠᠳᠴᠤ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠲᠤ ᠰᠢᠢᠳᠪᠣᠷᠢᠲᠣ ᠪᠣᠳᠣᠯᠭ᠎ᠠ ᠶᠢᠨ ᠯᠠᠪᠯᠠᠯᠲᠠ ᠬᠠᠩᠭᠠᠪᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠨᠠᠷᠢᠨ ᠬᠢᠨᠠᠮᠠᠭᠠᠶ ᠰᠤᠳᠤᠯᠵᠤ᠂ ᠭᠥᠯᠢᠶᠡᠨ ᠠᠪᠴᠤ ᠨᠠᠶᠢᠳᠠᠪᠤᠷᠢᠵᠢᠭᠤᠯᠬᠤ ᠬᠡᠷᠡᠭᠲᠡᠶ᠃        ᠶᠢᠨ ᠶᠦᠩ ᠯᠢ ᠥᠩᠭᠡᠷᠡᠭᠰᠡᠨ ᠤ ᠬᠢᠯᠪᠠᠷ ᠪᠤᠰᠤ ᠪᠠᠷ ᠣᠯᠤᠭᠰᠠᠨ ᠠᠮᠵᠢᠯᠲᠠ ᠪᠦᠲᠦᠮᠵᠢ ᠢᠶᠠᠨ ᠡᠷᠭᠢᠴᠡᠭᠦᠯᠪᠡ᠃ 2021 ᠣᠨ ᠳᠤ᠂ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠪᠠ ᠥᠭᠡᠷᠡᠴᠢᠯᠡᠯᠲᠡ ᠬᠥᠭᠵᠢᠯᠲᠡ ᠤᠨ ᠪᠡᠷᠬᠡ ᠬᠠᠲᠠᠭᠤᠵᠢᠯᠲᠠᠶ ᠬᠦᠨᠳᠦ ᠡᠭᠦᠷᠭᠡ ᠶᠢᠨ ᠡᠮᠦᠨ᠎ᠡ᠂ ᠪᠦᠬᠦ ᠲᠣᠭᠤᠷᠢᠭ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠣᠳᠬᠠᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ ᠠᠵᠢᠯᠯᠠᠭ᠎ᠠ ᠲᠣᠭᠲᠠᠭᠤᠨ ᠤ ᠳᠤᠮᠳᠠ ᠤᠷᠤᠭᠰᠢᠯᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠠᠯᠬᠤᠴᠠ ᠲᠦᠷᠭᠡᠳᠴᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠦᠷ᠎ᠡ ᠪᠦᠲᠦᠮᠵᠢ ᠣᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠦᠷᠭᠦᠯᠵᠢᠯᠡᠨ ᠳᠡᠭᠡᠭᠰᠢᠯᠡᠵᠦ᠂ ᠡᠯ᠎ᠡ ᠲᠠᠯ᠎ᠠ ᠶᠢᠨ ᠠᠵᠢᠯ ᠴᠥᠮ ᠰᠢᠨ᠎ᠡ ᠦᠷ᠎ᠡ ᠪᠦᠲᠦᠮᠵᠢ ᠣᠯᠪᠠ᠃ ᠡᠳᠡᠭᠡᠷ ᠠᠮᠵᠢᠯᠲᠠ ᠶᠢ ᠣᠯᠤᠭᠰᠠᠨ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠦᠴᠦᠲᠡᠶ ᠳᠡᠮᠵᠢᠯᠭᠡ ᠠᠴᠠ ᠰᠠᠯᠵᠤ ᠴᠢᠳᠠᠬᠤ ᠦᠭᠡᠢ ᠪᠥᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠠᠭᠤᠯᠣᠭᠰᠠ ᠪᠠᠶᠢᠨ᠎ᠠ᠃      ᠶᠢᠨ ᠶᠦᠩ ᠯᠢ᠂ 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠦᠷᠳᠡᠭᠡᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠩᠭᠢᠯᠠᠭ᠎ᠠ ᠶᠢᠨ ᠵᠢᠯ ᠮᠥᠨ᠂ ᠠᠵᠤ ᠠᠬᠤᠶ ᠨᠡᠶᠢᠭᠡᠮ ᠤᠨ ᠡᠯ᠎ᠡ ᠠᠵᠢᠯ ᠢ ᠰᠠᠶᠢᠲᠤᠷ ᠬᠢᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠭᠡ ᠬᠠᠨᠳᠤᠰᠢ ᠶᠢ ᠡᠵᠡᠮᠳᠡᠵᠦ᠂ ᠬᠦᠴᠦᠨ ᠢᠶᠠᠨ ᠪᠠᠲᠤᠯᠠᠵᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠃ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢᠨ ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠵᠤ᠂ ︽ᠲᠦᠷᠪᠡᠨ ᠰᠠᠭᠤᠷᠢᠨ ᠭᠤᠷᠪᠠᠨ ᠲᠣᠭᠤᠷᠢᠭ︾ ᠤᠨ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠠᠵᠤ ᠦᠢᠯᠡᠳᠪᠦᠷᠢ ᠶᠢᠨ ᠨᠡᠮᠡᠭᠳᠡᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠠᠭᠠᠭᠤᠯᠤᠭᠴᠢ᠂ ᠵᠢᠱᠢᠶ᠎ᠡ ᠦᠵᠡᠭᠦᠯᠬᠦ ᠣᠷᠣᠨ ᠪᠤᠯᠵᠤ᠂ ᠠᠵᠤ ᠠᠬᠤᠢ ᠶᠢᠨ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠪᠠ ᠲᠤᠭ᠎ᠠ ᠬᠡᠮᠵᠢᠶ᠎ᠡ ᠶᠢᠨ ᠲᠦᠷᠭᠡᠨ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠦᠨ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠡ᠃ ᠪᠦᠲᠦᠮᠵᠢᠲᠡᠢ ᠪᠡᠯᠡ ᠣᠷᠣᠭᠤᠯᠤᠯᠲᠠ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠠᠶᠢᠭᠤᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠠᠲᠦᠯᠵᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠬᠥᠭᠵᠢᠯᠲᠡ ᠶᠢᠨ ᠶᠠᠰᠤ ᠴᠢᠨᠠᠷ ᠂ ᠪᠦᠲᠦᠴᠡ᠂  ᠬᠡᠪᠴᠢᠶ᠎ᠡ᠂ ᠦᠷ᠎ᠡ ᠠᠰᠢᠭ ᠪᠠ ᠠᠮᠤᠷ ᠲᠦᠪᠰᠢᠨ ᠤ ᠨᠢᠭᠡᠳᠦᠯ ᠢ ᠪᠡᠶᠡᠯᠡᠬᠦᠯᠤᠨ᠎ᠡ᠃ ᠰᠢᠷᠭᠠᠭᠤ ᠬᠠᠲᠠᠭᠤᠵᠢᠯᠲᠠᠢ ᠠᠵᠢᠯᠯᠠᠵᠤ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠴᠢᠨᠠᠭᠰᠢᠳᠠ ᠪᠠᠳᠠᠷᠠᠭᠤᠯᠵᠤ᠂ ᠲᠦᠭᠰᠢᠭᠦᠷᠢᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠳᠬᠤᠵᠤ᠂ ᠨᠢᠭᠡ ᠡᠳᠦᠷ ᠨᠢᠭᠡ ᠬᠤᠪᠢᠷᠠᠯᠲᠠ ᠲᠠᠢ᠂ ᠨᠢᠭᠡ ᠭᠠᠷᠠᠭ ᠲᠤ ᠨᠢᠭᠡ ᠠᠬᠢᠴᠠ ᠲᠠᠢ᠂ ᠨᠢᠭᠡ ᠰᠠᠷ᠎ᠠ ᠳᠤ ᠨᠢᠭᠡ ᠦᠷ᠎ᠡ ᠪᠦᠲᠦᠮᠵᠢ ᠲᠠᠢ᠂ ᠨᠢᠭᠡ ᠤᠯᠠᠷᠢᠯ ᠳᠤ ᠨᠢᠭᠡ ᠦᠷ᠎ᠡ ᠳ᠋ᠦᠩ ᠲᠠᠢ ᠪᠠᠶᠢᠬᠤ ᠶᠢ ᠪᠡᠶᠡᠯᠡᠭᠦᠯᠵᠦ᠂ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠳᠤ ᠨᠡᠩ ᠶᠡᠭᠡ ᠰᠢᠨ᠎ᠡ ᠰᠢᠪᠲᠤᠯᠤᠯᠲᠠ ᠲᠠᠢ ᠪᠣᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠢᠯᠠᠩᠭᠤᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠥᠨᠳᠡᠯᠡᠨ ᠲᠣᠭᠤᠷᠢᠭ ᠤᠨ ᠬᠥᠭᠵᠢᠯᠲᠡ ᠳᠤ ᠢᠯᠡᠭᠦᠬᠡᠨ ᠲᠠᠨᠢᠯᠴᠠᠭᠤᠯᠭ᠎ᠠ ᠬᠢᠵᠦ᠂ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠳᠤ ᠢᠯᠡᠭᠦᠬᠡᠨ ᠮᠡᠳᠡᠭᠡ ᠵᠠᠩᠭᠢ ᠡᠷᠢᠨ ᠥᠭᠴᠦ᠂ ᠠᠵᠤ ᠠᠬᠤᠶᠢᠯᠠᠯ ᠤᠨ ᠡᠷᠦᠬᠡ ᠠᠮᠠ ᠣᠷᠣᠬᠤ ᠳᠤ ᠨᠡᠩ ᠰᠠᠶᠢᠨ ᠬᠤᠯᠪᠣᠭ᠎ᠠ ᠠᠪᠴᠤ᠂ ᠨᠠᠩ ᠣᠯᠠᠨ ᠮᠡᠷᠭᠡᠵᠢᠯ᠂ ᠴᠢᠳᠠᠪᠤᠷᠢᠲᠠᠨ ᠪᠠ ᠪᠠᠯᠠ ᠮᠥᠩᠭᠦ ᠶᠢᠨ ᠣᠷᠣᠭᠤᠯᠣᠯᠳᠠ ᠶᠢ ᠠᠬᠢᠭᠤᠯᠵᠤ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠳᠥᠯᠭᠢᠨ ᠠᠬᠢᠭᠤᠯᠬᠤ ᠬᠡᠷᠡᠭᠲᠡᠶ ᠭᠡᠵᠡᠶ᠃ ᠪᠦᠯᠬᠦᠮᠳᠡᠨ ᠨᠢᠭᠡᠳᠴᠦ᠂ ᠨᠢᠭᠡ ᠰᠡᠳᠬᠢᠯ ᠨᠢᠭᠡ ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠦᠷᠭᠦᠯᠵᠢᠯᠡᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠪᠣᠳᠠᠲᠠᠢ ᠶᠢ ᠡᠷᠬᠢᠮᠯᠡᠬᠦ ᠠᠷᠭ᠎ᠠ ᠪᠤᠳᠤᠯᠭ᠎ᠠ ᠶᠢ ᠢᠯᠡᠭᠦᠬᠡᠨ ᠳᠡᠪᠰᠢᠭᠦᠯᠵᠦ᠂ ᠥᠩᠭᠡᠷᠡᠭᠰᠡᠨ ᠲᠠᠢ ᠠᠳᠠᠯᠢ ᠪᠠᠷ ᠬᠥᠨᠳᠡᠯᠡᠨ ᠲᠣᠭᠤᠷᠢᠭ ᠤᠨ ᠠᠵᠢᠯ ᠢ ᠳᠡᠮᠵᠢᠨ ᠬᠠᠯᠠᠮᠵᠢᠯᠠᠵᠤ᠂ ︽ᠬᠤᠶᠠᠷ ᠬᠤᠷᠠᠯ︾ ᠢ ᠠᠮᠵᠢᠯᠲᠠ ᠲᠠᠢ ᠬᠤᠷᠠᠯᠳᠤᠭᠤᠯᠵᠤ᠂ ᠰᠢᠨ᠎ᠡ ᠨᠢᠭᠡ ᠵᠢᠯ ᠳᠤ ᠬᠥᠨᠳᠡᠯᠡᠨ ᠲᠣᠭᠤᠷᠢᠭ ᠤᠨ ᠰᠢᠨ᠎ᠡ ᠳᠦᠷᠰᠦ ᠪᠠᠶᠢᠳᠠᠯ ᠢ ᠰᠠᠶᠢᠲᠤᠷ ᠢᠯᠡᠷᠡᠭᠦᠯᠵᠦ᠂ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ︵ᠰᠤᠷᠪᠤᠯᠵᠢᠯᠠᠭᠴᠢ᠄ ᠹᠸᠡᠭ ᠰᠢᠤᠸᠠᠢ᠂ ᠶᠠᠩ ᠧᠨ ᠨᠢᠩ  ᠂ ᠬᠢᠨᠠᠨ ᠬᠠᠷᠭᠤᠭᠤᠯᠤᠭᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号