【ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠪᠡ】 ᠲᠢᠶᠠᠨ ᠬᠤᠩ ᠴᠧᠩ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠪᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠳᠤᠭᠤᠶᠢᠯᠠᠩ ᠬᠤᠪᠢᠶᠠᠨ ᠶᠠᠷᠢᠯᠴᠠᠬᠤ ᠳᠤ ᠣᠷᠣᠯᠴᠠᠪᠠ
ᠨᠡᠶᠢᠲᠡᠯᠡᠭᠰᠡᠨ ᠴᠠᠭ᠄
2022/1/11
     1 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠲᠢᠶᠠᠨ ᠬᠤᠩ ᠴᠧᠩ ᠳᠤᠰ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠭᠤᠷᠪᠠᠳᠤᠭᠠᠷ ᠲᠥᠯᠥᠭᠡᠯᠡᠭᠴᠢᠳ ᠤᠨ ᠪᠦᠯᠬᠦᠮ ᠪᠠ ᠳᠥᠷᠪᠡᠳᠦᠭᠡᠷ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠲᠣᠭᠤᠷᠢᠭ ᠤᠨ ᠤᠯᠤᠰ ᠳᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠭᠤᠷᠪᠠᠳᠤᠭᠠᠷ ᠶᠠᠷᠢᠯᠴᠠᠬᠤ ᠳᠤᠭᠤᠶᠢᠯᠠᠩ ᠤᠨ ᠶᠠᠷᠢᠯᠴᠠᠭᠠᠨ ᠳᠤ ᠣᠷᠣᠯᠴᠠᠪᠠ᠃
     ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠭᠤᠷᠪᠠᠳᠤᠭᠠᠷ ᠪᠠ ᠳᠥᠷᠪᠡᠳᠦᠭᠡᠷ ᠲᠥᠯᠥᠭᠡᠯᠡᠭᠴᠢᠳ ᠤᠨ ᠪᠦᠯᠬᠦᠮ ᠤᠨ ᠦᠵᠡᠬᠦ ᠪᠠᠷ᠂ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠰᠡᠳᠬᠢᠮᠵᠢ ᠨᠢ ᠲᠣᠳᠣᠷᠬᠠᠶ᠂ ᠠᠭᠤᠯᠭ᠎ᠠ ᠨᠢ ᠨᠠᠷᠢᠨ ᠪᠣᠳᠠᠲᠠᠶ᠂ ᠬᠠᠷᠠᠯᠲᠠ ᠨᠢ ᠲᠣᠳᠣᠷᠬᠠᠶ ᠪᠤᠯᠤᠨ᠎ᠠ᠃ ᠡᠨᠡ ᠨᠢ ᠲᠣᠭᠤᠷᠢᠭ ᠤ ᠵᠠᠰᠠᠭ ᠤᠨ ᠣᠷᠳᠣᠨ ᠤ ᠪᠣᠳᠠᠲᠠᠢ ᠶᠢ ᠡᠷᠬᠢᠮᠯᠡᠬᠦ᠂ ᠦᠨᠡᠨ ᠢ ᠪᠠᠷᠢᠮᠲᠠᠯᠠᠬᠤ ᠠᠵᠢᠯ ᠤᠨ ᠰᠤᠷᠲᠠᠯ ᠢ ᠭᠦᠢᠴᠡᠳ ᠢᠯᠡᠷᠡᠭᠦᠯᠵᠡᠢ᠃ ᠲᠥᠯᠥᠭᠡᠯᠡᠭᠴᠢᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠤᠷᠭᠠᠨ ᠬᠥᠮᠦᠵᠢᠯ ᠤᠨ ᠳᠡᠭᠡᠭᠰᠢᠯᠡᠯᠲᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠶᠢᠨ ᠠᠵᠢᠯ ᠤᠨ ᠲᠤᠬᠠᠶ ᠲᠣᠰ ᠲᠣᠰ ᠰᠠᠨᠠᠯ ᠵᠥᠪᠯᠡᠯᠭᠡ ᠪᠠᠨ ᠳᠤᠷᠠᠳᠤᠨ ᠭᠠᠷᠭᠠᠪᠠ᠃  ᠪᠦᠬᠦ ᠲᠣᠭᠤᠷᠢᠭ ᠢ ᠨᠡᠩ ᠰᠠᠶᠢᠲᠤᠷ ᠬᠦᠭᠵᠢᠭᠦᠯᠬᠦ ᠶᠢᠨ ᠲᠥᠯᠥᠭᠡ᠂ ᠲᠢᠶᠠᠨ ᠬᠤᠩ ᠴᠧᠩ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠴᠠᠭᠠᠨ ᠰᠤᠳᠤᠯᠤᠯᠲᠠ ᠬᠢᠵᠦ᠂ ᠪᠦᠲᠦᠭᠡᠯᠴᠢ ᠴᠢᠨᠠᠷᠲᠠᠢ ᠰᠠᠨᠠᠭᠤᠯᠭ᠎ᠠ ᠲᠤᠷᠠᠳᠬᠤ ᠶᠢᠨ ᠬᠠᠮᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠶᠢ ᠡᠬᠢᠯᠡᠭᠦᠯᠬᠦ‍ ᠨᠢᠭᠡ ᠵᠢᠯ ᠮᠥᠨ᠂ ᠶᠠᠪᠤᠳᠠᠯ ᠤᠯᠠᠨ ᠪᠠᠶᠢᠳᠠᠭ ᠪᠣᠯᠬᠤᠷ ᠡᠯ᠎ᠡ ᠲᠦᠷᠣᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠠᠷᠠᠳ ᠲᠦᠮᠡᠨ ᠤ ᠲᠥᠯᠥᠭᠡ ᠡᠷᠬᠡ ᠪᠠᠨ ᠬᠡᠷᠡᠭᠵᠢᠭᠦᠯᠵᠦ᠂ ᠡᠭᠦᠷᠭᠡ ᠪᠠᠨ ᠭᠦᠢᠴᠡᠳᠭᠡᠵᠦ᠂ ᠠᠷᠠᠳ ᠲᠦᠮᠡᠨ ᠳᠤ ᠦᠢᠯᠡᠴᠢᠯᠡᠭᠦ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠭᠤᠤᠯ ᠱᠤᠭᠤᠮ ᠲᠠᠢ ᠪᠠᠨ ᠨᠢᠭᠲᠠ ᠤᠶᠠᠯᠳᠤᠭᠤᠯᠤᠨ᠂ ᠣᠶᠤᠨ ᠤᠬᠠᠭᠠᠨ ᠢᠶᠠᠨ ᠲᠥᠪᠯᠡᠷᠡᠭᠦᠯᠵᠦ᠂ ᠬᠦᠴᠦᠨ ᠴᠢᠳᠠᠯ ᠢᠶᠠᠨ ᠨᠢᠭᠲᠠᠷᠠᠭᠤᠯᠵᠤ ᠰᠢᠨ᠎ᠡ ᠴᠠᠭ ᠦᠶ᠎ᠡ ᠶᠢᠨ ᠬᠦᠨᠳᠦᠯᠡᠨ ᠲᠣᠭᠤᠷᠢᠭ ᠢ ᠪᠥᠲᠥᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃      ᠤᠯᠤᠰ ᠲᠥᠷᠥ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠭᠤᠷᠪᠠᠳᠤᠭᠠᠷ ᠶᠠᠷᠢᠯᠴᠠᠬᠤ ᠳᠤᠭᠤᠶᠢᠯᠠᠩ ᠤᠨ ᠲᠤᠬᠠᠶ ᠶᠢᠨ ᠲᠠᠯᠠᠪᠠᠶ ᠳᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠤᠳᠠᠭᠠᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠴᠢᠭᠯᠡᠭᠦᠯᠦᠨ ᠰᠠᠨᠠᠭᠤᠯᠭ᠎ᠠ ᠪᠠᠨ ᠳᠤᠷᠠᠳᠤᠭᠰᠠᠨ ᠪᠠᠶᠢᠨ᠎ᠠ᠃ ︽ᠠᠵᠢᠯ ᠤᠨ ᠢᠯᠡᠳᠬᠡᠯ︾ ᠤᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠪᠦᠬᠦ ᠲᠠᠯ᠎ᠠ ᠪᠠᠷ ᠰᠢᠰᠲ᠋ᠧᠮ ᠲᠠᠢ ᠳ᠋ᠦᠩᠨᠡᠵᠦ᠂ ᠠᠵᠢᠯ ᠤᠨ ᠪᠠᠶᠢᠷᠢᠯᠠᠭᠤᠯᠤᠯᠲᠠ ᠲᠣᠳᠣᠷᠬᠠᠶ ᠪᠠᠶᠢᠵᠣ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠢᠲᠡᠭᠡᠯ ᠵᠣᠷᠢᠭ ᠢᠶᠠᠨ ᠬᠥᠪᠴᠢᠯᠡᠭᠰᠡᠨ ᠮᠡᠳᠡᠭᠦᠯᠦᠯᠲᠡ ᠭᠡᠵᠦ ᠦᠵᠡᠪᠡ᠃ ᠲᠢᠶᠠᠨ ᠬᠤᠩ ᠴᠧᠩ ᠶᠠᠷᠢᠯᠴᠠᠭ᠎ᠠ ᠶᠢ ᠨᠠᠷᠢᠨ ᠰᠣᠨᠣᠰᠴᠤ ᠲᠡᠮᠳᠡᠭᠯᠡᠬᠦ ᠶᠢᠨ ᠬᠠᠮᠲᠤ ᠡᠯ᠎ᠡ ᠭᠡᠰᠢᠭᠦᠳ ᠲᠠᠢ ᠰᠠᠨᠠᠯ ᠢᠶᠠᠨ ᠰᠣᠯᠢᠯᠴᠠᠪᠠ᠃ ᠲᠢᠶᠠᠨ ᠬᠤᠩ ᠴᠧᠩ᠂ ᠭᠡᠰᠢᠭᠦᠳ ᠤᠨ ᠶᠠᠷᠢᠶ᠎ᠠ ᠶᠢ ᠰᠣᠨᠣᠰᠤᠭᠠᠳ ᠮᠠᠰᠢ ᠶᠡᠭᠡ ᠰᠡᠩᠬᠡᠷᠡᠭᠦᠯᠦᠯ ᠣᠯᠵᠤ᠂ ᠠᠰᠠᠭᠤᠳᠠᠯ ᠢ ᠨᠠᠷᠢᠨ ᠦᠵᠡᠵᠦ᠂ ᠬᠡᠮ ᠰᠣᠭᠤᠭ ᠢ ᠡᠷᠢᠨ ᠣᠯᠵᠤ᠂ ᠵᠠᠩᠭᠢᠯᠠᠭ᠎ᠠ ᠶᠢᠨ ᠲᠠᠯ᠎ᠠ ᠢ ᠶᠠᠷᠢᠯᠴᠠᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠥᠨᠳᠥᠷ ᠬᠡᠪ ᠴᠢᠨᠠᠷ ᠢ ᠢᠯᠡᠷᠡᠭᠦᠯᠪᠡ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠥᠨᠳᠡᠯᠡᠨ ᠲᠣᠭᠤᠷᠢᠭ ᠤᠨ ᠣᠳᠣᠬᠠᠨ ᠤ ᠪᠠ ᠢᠷᠡᠭᠡᠳᠦᠶ ᠶᠢᠨ ᠬᠠᠷᠠᠯᠲᠠ ᠡᠭᠦᠷᠭᠡ ᠶᠢ ᠴᠢᠩᠭ᠎ᠠ ᠠᠳᠬᠤᠵᠤ᠂ ᠭᠤᠣᠯ ᠠᠵᠢᠯ ᠪᠠ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠪᠤᠳᠤᠯᠭ᠎ᠠ ᠪᠠ ᠬᠦᠴᠦᠨ ᠴᠢᠳᠠᠯ ᠢᠶᠠᠨ ᠡᠷᠭᠦᠵᠦ᠂ ᠤᠬ ᠰᠠᠨᠠᠭ᠎ᠠ ᠪᠠᠨ ᠦᠯᠦ ᠮᠠᠷᠲᠡᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠦᠷᠭᠦᠯᠵᠢᠯᠡᠨ ᠤᠷᠤᠭᠰᠢᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠵᠣ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠵᠦ᠂ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠬᠤᠢ ᠪᠠᠶᠢᠳᠠᠯ ᠢ ᠪᠡᠶᠡᠯᠡᠭᠦᠯᠬᠦ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ ︵ᠰᠤᠷᠪᠤᠯᠵᠢᠯᠠᠭᠴᠢ᠄ ᠶᠠᠨ ᠢ ᠫᠸᠢ  ᠂ ᠬᠢᠨᠠᠨ ᠬᠠᠷᠭᠤᠭᠤᠯᠤᠭᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号