ᠬᠥᠨᠳᠡᠯᠡᠨ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠳᠤᠭᠤᠶᠢᠯᠠᠩ ᠠᠵᠢᠯ ᠤᠨ ᠪᠣᠳᠠᠲᠤ ᠪᠠᠶᠢᠯᠳᠤᠭᠠᠨ ᠤ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/1/17
     1 ᠰᠠᠷ᠎ᠠ ᠶᠢᠨ 14 ᠤ ᠡᠳᠦᠷ᠂ ᠪᠥᠬᠦ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠳᠤᠭᠤᠶᠢᠯᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠠᠵᠢᠯ ᠤᠨ ᠵᠢᠩᠬᠢᠨᠢ ᠪᠠᠶᠢᠯᠳᠤᠭᠠᠨ ᠤ ᠪᠣᠯᠪᠠᠰᠤᠷᠠᠯ ᠤᠨ ᠬᠤᠷᠠᠯ ᠬᠢᠪᠠ᠃
     ᠬᠤᠷᠠᠯ ᠠᠴᠠ ᠪᠤᠭᠤᠲᠤ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠠᠵᠢᠯ ᠤᠨ ᠪᠣᠳᠠᠲᠤ ᠪᠠᠶᠢᠯᠳᠤᠭᠠᠨ ᠤ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠵᠢᠭ ᠤᠨ ᠪᠠᠶᠢᠳᠠᠯ ᠤᠨ ᠲᠤᠬᠠᠶ ᠤᠬᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ᠂ ᠨᠡᠶᠢᠭᠡᠮ ᠤᠨ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠵᠡᠷᠭᠡ ᠵᠠᠩᠭᠢᠯᠠᠭ᠎ᠠ ᠶᠢ ᠪᠦᠬᠦ ᠲᠠᠯ᠎ᠠ ᠪᠠᠷ ᠨᠠᠷᠢᠯᠢᠭ ᠤᠨᠤᠪᠴᠢᠲᠠᠢ ᠬᠢᠬᠦ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠬᠢᠭᠰᠡᠨ ᠪᠥᠭᠡᠳ ᠣᠳᠣᠬᠠᠨ ᠤ ᠪᠠᠶᠢᠳᠠᠯ ᠳᠣᠣᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃      ᠬᠤᠷᠠᠯ ᠠᠴᠠ᠂ ᠡᠯ᠎ᠡ ᠳᠤᠭᠤᠶᠢᠯᠠᠩ ᠤᠨ ᠪᠦᠷᠢᠯᠳᠦᠬᠦᠨ ᠨᠢᠭᠡᠴᠢ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠭᠦᠢᠴᠡᠳ ᠲᠠᠨᠢᠵᠤ᠂ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠨᠢᠭᠡᠴᠢ ᠶᠢᠨ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠪᠣᠳᠠᠲᠠᠶ ᠠᠵᠢᠯ ᠤᠨ ᠲᠥᠰᠦᠯ ᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠡᠭᠦᠷᠭᠡᠯᠡᠭᠴᠢ ᠪᠠ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠶ᠃ ᠡᠷᠬᠡ ᠰᠦᠷᠲᠦ ᠮᠡᠳᠡᠭᠡ ᠵᠠᠩᠭᠢ ᠨᠡᠶᠢᠲᠡᠯᠡᠬᠦ ᠡᠷᠴᠢᠮ ᠢ ᠴᠢᠩᠭᠠᠷᠠᠭᠤᠯᠵᠤ᠂ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠣᠨᠣᠪᠴᠢᠲᠠᠢ ᠬᠠᠷᠢᠭᠤᠯᠲᠠ ᠥᠭᠴᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠤᠬᠠᠮᠰᠠᠷ ᠠᠴᠠ ᠪᠠᠨ ᠰᠠᠶᠢᠲᠤᠷ ᠬᠠᠮᠵᠢᠯᠴᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ᠂ ᠠᠵᠢᠯ ᠤᠨ ᠵᠢᠭᠠᠪᠤᠷᠢ ᠶᠢᠨ ᠤᠬᠠᠭᠤᠯᠭ᠎ᠠ ᠶᠢ ᠢᠮᠠᠭᠲᠠ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃ ᠡᠭᠦᠨ ᠤ ᠬᠠᠮᠲᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠥᠪᠡᠷ ᠢ ᠪᠠᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠡᠷᠴᠢᠮ ᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠴᠤ ᠡᠵᠡᠮᠳᠡᠵᠦ ᠪᠣᠯᠬᠤ ᠶᠢ ᠪᠠᠲᠤᠯᠠᠨ᠎ᠠ᠃      ᠬᠤᠷᠠᠯ ᠳᠤ᠂ ︽ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠠᠵᠢᠯ ᠤᠨ ᠵᠢᠩᠬᠢᠨᠢ ᠪᠠᠶᠢᠯᠳᠤᠭᠠᠨ ᠤ ᠭᠠᠷ ᠳᠡᠪᠲᠡᠷ︾ ᠢ ᠳᠠᠷᠤᠮᠠᠯᠯᠠᠨ ᠲᠠᠷᠬᠠᠭᠠᠵᠠᠢ᠃ ︵ᠰᠤᠷᠪᠤᠯᠵᠢᠯᠠᠭᠴᠢ᠄ ᠼᠦᠢ ᠵᠢᠶᠠ ᠾᠦᠢ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号