ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠩᠬᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/17
    1 ᠰᠠᠷ᠎ᠠ ᠶᠢᠨ 13 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠩᠬᠠᠳᠤᠭᠠᠷ ᠬᠤᠷᠠᠯ ᠬᠤᠷᠠᠯᠳᠤᠪᠠ᠃
    ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠳᠡᠳ᠋ ᠡᠷᠬᠢᠯᠡᠭᠴᠢ ᠬᠣ᠋ ᠰᠢᠶᠠ᠂ ᠸᠠᠩ ᠸᠧᠶ᠂ ᠯᠢᠦ ᠯᠢ ᠰᠢᠶᠠ ᠵᠢᠴᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠧᠤ ᠮᠢᠨ ᠵᠢᠶᠡ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᠱᠧᠨ ᠮᠦᠸᠧ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢᠦ ᠬᠦᠢ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢᠦ ᠵᠢᠶᠦᠩ ᠬᠤᠷᠠᠯ ᠳᠤ ᠣᠷᠣᠯᠴᠠᠪᠠ᠃      ᠬᠤᠷᠠᠯ ᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠸᠧᠶ ᠡᠷᠭᠢᠯᠡᠪᠡ᠃ ᠬᠤᠷᠠᠯ ᠠᠴᠠ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠩᠬᠠᠳᠤᠭᠠᠷ ᠬᠤᠷᠠᠯᠳᠤᠭᠠᠨ ᠤ ᠵᠥᠪᠯᠡᠬᠦ ᠵᠦᠢᠯ ᠢ ᠬᠢᠨᠠᠨ ᠶᠠᠷᠢᠯᠴᠠᠵᠤ ᠪᠠᠲᠤᠯᠠᠪᠠ᠃ ᠬᠥᠨᠳᠡᠯᠡᠨ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ᠃ ︵ᠰᠤᠷᠪᠤᠯᠵᠢᠯᠠᠭᠴᠢ ᠄ ᠵᠤᠤ ᠶᠢᠨ ᠹᠸᠡᠭ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号