ᠬᠥᠨᠳᠡᠯᠡᠨ ᠲᠣᠭᠤᠷᠢᠭ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠶᠢᠩᠭᠤ ᠶᠢᠨ ᠠᠵᠢᠯ ᠤᠨ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/18
     1 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠬᠥᠨᠳᠡᠯᠡᠨ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠶᠢᠩᠭᠤ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠮᠠ ᠹᠦ᠋ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠣᠭᠤᠷᠢᠭ ᠤᠨ ᠤᠳᠤᠷᠢᠳᠤᠯᠭ᠎ᠠ ᠹᠠᠨ ᠬᠤᠩ ᠴᠢᠶᠠᠩ᠂ ᠢᠦᠢ ᠵᠠᠨ ᠵᠢᠶᠠᠩ᠂ ᠵᠤᠤ ᠲᠠᠢ ᠰᠢᠶᠠᠨ ᠬᠤᠷᠠᠯ ᠳᠤ ᠣᠷᠣᠯᠴᠠᠵᠠᠢ᠃
     ᠬᠤᠷᠠᠯ ᠳᠡᠭᠡᠷ᠎ᠡ ᠮᠠᠨ ᠤ ᠲᠣᠭᠤᠷᠢᠭ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠠᠵᠢᠯ ᠤᠨ ᠲᠤᠬᠠᠢ ᠬᠢᠨᠠᠨ ᠪᠠᠶᠢᠴᠠᠭᠠᠬᠤ ᠸᠢᠳᠢᠣ᠋ ᠶᠢ ᠨᠡᠪᠲᠡᠷᠡᠭᠦᠯᠵᠦ᠂ ᠤᠢᠢᠷ᠎ᠠ ᠶᠢᠨ ᠬᠤᠭᠤᠴᠠᠭᠠᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠬᠢᠨᠠᠨ ᠪᠠᠶᠢᠴᠠᠭᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠡᠪᠲᠡᠷᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠢᠷᠠᠭᠤᠯᠤᠯᠳᠠ ᠶᠢᠨ ᠲᠤᠬᠠᠢ ᠶᠠᠷᠢᠶ᠎ᠠ ᠲᠠᠯᠪᠢᠵᠠᠢ᠃      ᠬᠤᠷᠠᠯ ᠠᠴᠠ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ ᠭᠡᠪᠡ᠃ ᠪᠠᠶᠢᠩᠭᠤᠵᠢᠭᠤᠯᠤᠭᠰᠠᠨ ᠡᠭᠦᠳᠦᠨ ᠪᠠᠶᠢᠭᠤᠯᠬᠤ ᠠᠵᠢᠯ ᠢ ᠡᠩ ᠤᠨ᠂ ᠡᠳᠦᠷ ᠲᠤᠲᠤᠮ ᠤᠨ ᠠᠵᠢᠯ ᠪᠣᠯᠭᠠᠨ ᠬᠢᠬᠦ ᠶᠢ ᠪᠠᠷᠢᠮᠲᠠᠯᠠᠵᠤ᠂ ᠠᠵᠢᠯ ᠤᠨ ᠠᠶᠢᠵᠠᠮ ᠪᠠ ᠠᠷᠭ᠎ᠠ ᠮᠠᠶ᠋ᠢᠭ ᠢᠶᠠᠨ ᠵᠦᠶ ᠵᠣᠬᠢᠰᠲᠠᠶ ᠳᠣᠭᠢᠷᠠᠭᠤᠯᠤᠨ᠂ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠠᠵᠢᠯ ᠢ ᠬᠤᠲᠠ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠪᠣᠯᠭᠠᠵᠤ᠂ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠨ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠣᠨ᠎ᠡ᠃ ᠰᠠᠷ᠎ᠠ ᠶᠢᠨ ᠰᠢᠯᠭᠠᠨ ᠲᠣᠭᠲᠠᠭᠠᠯᠲᠠ ᠶᠢ ᠴᠢᠬᠤᠯᠠᠴᠢᠯᠠᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠣᠨ᠎ᠡ᠃ ᠬᠤᠳᠠ ᠶᠢ ᠡᠭᠦᠳᠦᠨ ᠪᠠᠶᠢᠭᠤᠯᠬᠤ ᠵᠢᠯᠣᠭᠤᠳᠬᠤ ᠭᠠᠵᠠᠷ ᠤᠨ ᠰᠢᠯᠭᠠᠨ ᠲᠣᠭᠲᠠᠭᠠᠯᠲᠠ ᠪᠠ ᠡᠳᠦᠷ ᠳᠤᠳᠤᠮ ᠤᠨ ᠬᠢᠨᠠᠨ ᠪᠠᠶᠢᠴᠠᠭᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠢ ᠨᠠᠷᠢᠨ ᠬᠢᠨᠠᠮᠠᠭᠠᠢ ᠬᠢᠵᠦ᠂ ᠱᠠᠳᠤ ᠦᠶ᠎ᠡ ᠶᠢᠨ ᠴᠢᠨᠠᠷᠲᠠᠢ ᠪᠣᠭᠤᠮᠲᠠ ᠰᠢᠪᠲᠤᠯᠬᠤ ᠪᠠ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠠᠵᠢᠯ ᠲᠠᠢ ᠤᠶᠠᠯᠳᠤᠭᠤᠯᠵᠤ᠂ ᠰᠠᠷ᠎ᠠ ᠪᠦᠷᠢ ᠴᠡᠭᠴᠡᠯᠡᠨ ᠵᠠᠰᠠᠬᠤ ᠢ ᠪᠡᠶᠡᠯᠡᠭᠦᠯᠵᠦ᠂ ᠪᠣᠳᠠᠲᠠᠢ ᠭᠠᠵᠠᠷ ᠲᠤᠨᠢ ᠪᠠᠶᠢᠭᠤᠯᠤᠭᠰᠠᠨ ᠨᠡᠶᠢᠲᠡᠯᠢᠭ ᠵᠢᠱᠢᠶ᠎ᠡ ᠶᠢ ᠪᠤᠢ ᠪᠣᠯᠭᠠᠨ᠎ᠡ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯᠯᠠᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠠᠵᠢᠯ ᠢ ᠰᠡᠳᠬᠢᠯ ᠳᠡᠭᠡᠨ ᠪᠤᠳᠤᠵᠤ᠂  ᠪᠦᠬᠦ ᠵᠢᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠨᠠᠶᠢᠳᠠᠪᠤᠷᠢᠵᠢᠭᠤᠯᠣᠨ᠎ᠡ᠃ ᠣᠬᠠᠭᠤᠯᠣᠨ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠬᠤᠳᠠ ᠶᠢᠨ ᠠᠷᠠᠳ ᠤᠨ ᠬᠡᠪ ᠴᠢᠨᠠᠷ ᠢ ᠳᠡᠭᠡᠭᠰᠢᠯᠡᠭᠦᠯᠣᠨ᠎ᠡ᠃ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠨ ᠬᠤᠳᠠ ᠶᠢᠨ ᠠᠷᠠᠳ ᠤᠨ ᠬᠡᠪ ᠴᠢᠨᠠᠷ ᠢ ᠡᠭᠦᠳᠦᠨ ᠪᠠᠶᠢᠭᠤᠯᠬᠤ ︽ᠠᠷᠪᠠᠨ ᠶᠡᠭᠡ ᠠᠵᠢᠯᠯᠠᠭ᠎ᠠ︾ ᠶᠢ ᠳᠡᠭᠡᠭᠰᠢᠯᠡᠭᠦᠯᠬᠦ ᠠᠵᠢᠯ ᠲᠠᠢ ᠤᠶᠠᠯᠳᠤᠭᠤᠯᠤᠨ᠂ ᠪᠣᠯᠪᠠᠰᠤᠨ ᠠᠵᠢᠯᠯᠠᠭ᠎ᠠ ᠶᠢ ᠢᠳᠡᠪᠬᠢᠲᠡᠢ ᠦᠷᠨᠢᠭᠦᠯᠬᠦ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠨᠢᠭᠡᠨ ᠵᠢᠯ ᠤᠨ ᠪᠠᠶᠢᠩᠭᠤ ᠶᠢᠨ ᠴᠢᠨᠠᠷᠲᠠᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠡᠬᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ ︵ᠰᠤᠷᠪᠤᠯᠵᠢᠯᠠᠭᠴᠢ᠄ ᠵᠠᠩ ᠯᠧᠢ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号