12 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ | ᠨᠢᠭᠡᠨ ︽2ᠨᠠᠰᠤᠨ ᠠᠴᠠ ᠳᠣᠷᠣᠭᠰᠢᠬᠢ ᠬᠡᠦᠬᠡᠳ ᠲᠤ ᠡᠯ᠎ᠡ ᠵᠦᠢᠯ ᠤᠨ ᠳᠡᠯᠭᠡᠴᠡ ᠦᠵᠡᠬᠦᠯᠬᠦ ᠶᠢ ᠰᠠᠨᠠᠭᠠᠴᠢᠯᠠᠬᠤ | ᠥᠬᠡᠶ︾ ᠭᠡᠬᠦ ᠰᠡᠳᠦᠪᠵᠢᠨᠷ ᠪᠢᠴᠢᠯ ᠪᠯᠤᠭ ᠲᠤ ᠭᠠᠷᠤᠬᠰᠠᠨ ᠬᠠᠯᠠᠭᠤᠨ ᠬᠠᠶᠢᠯᠲᠠ ᠨᠡᠷᠡᠰ ᠤᠨ | ᠵᠢᠭᠰᠠᠭᠠᠯᠲᠠ ᠳᠤ ᠨᠢᠭᠡᠳᠦᠭᠡᠷ ᠲᠤ ᠣᠷᠣᠵᠤ᠂ᠰᠦᠯᠵᠢᠶᠡᠴᠢᠳ ᠤᠨ ᠬᠠᠯᠠᠭᠤᠨ ᠶᠠᠷᠢᠯᠴᠠᠭ᠎ᠠ ᠶᠢ ᠡᠭᠦᠰᠭᠡᠵᠡᠶ᠃ | ᠤᠤᠯ ᠨᠢ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠮ᠎ᠡ | ᠲᠡᠵᠢᠭᠡᠯ ᠤᠨᠤᠬᠠᠭᠠᠨ ᠤ ᠲᠦᠷᠦᠭᠦᠦ ᠲᠤᠰᠬᠠᠶ ᠮᠡᠷᠭᠡᠵᠢᠯᠲᠡᠨ ᠵᠣᠣ ᠸᠧᠨ ᠬᠤᠸᠠ ᠤᠷᠴᠢᠮᠬᠠᠨ ᠬᠡᠯᠡᠬᠦ ᠳᠡᠭᠡᠨ᠄ 2 | ᠨᠠᠰᠤ ᠵᠢᠴᠢ ᠲᠡᠭᠦᠨ ᠡᠴᠠᠲ᠋ᠣᠷᠣᠭᠰᠢᠬᠢ ᠨᠠᠰᠤᠨ ᠤ ᠬᠡᠦᠬᠡᠳ ᠲᠤ ᠴᠢᠭᠯᠡᠭᠦᠯᠦᠨ᠄ ᠨᠢᠭᠡ ᠳᠤ ᠡᠳᠦᠷ ᠪᠦᠷᠢ ᠬᠠᠷᠠᠵᠤ | ᠬᠠᠷᠠᠭᠠᠯᠵᠠᠭᠴᠢ ᠲᠠᠢ ᠪᠠᠨ ᠵᠦᠢᠯ ᠪᠦᠷᠢᠵᠢᠨ ᠬᠡᠯᠪᠡᠷᠢ ᠪᠠᠷ ᠬᠠᠮᠳᠤ ᠪᠠᠷ ᠲᠤᠬᠯᠠᠬᠤ ᠭᠡᠷᠡᠭᠳᠡᠢ︔ ᠬᠤᠶᠠᠷ ᠲᠤ | ᠪᠡᠶ᠎ᠡ ᠪᠠᠨ ᠳᠠᠭᠠᠭᠠᠵᠤ ᠠᠯᠬᠤᠵᠤ ᠴᠢᠳᠠᠬᠤ ᠪᠢᠴᠢᠬᠠᠨᠬᠡᠦᠬᠡᠳ ᠡᠳᠦᠷ ᠪᠦᠷᠢ ᠨᠠᠭᠠᠳᠤ ᠵᠠᠬ᠎ᠠ ᠳᠠᠭᠠᠨ 180 | ᠮᠢᠨᠦ᠋ᠲ ︵3 ᠴᠠᠭ︶ ᠤᠨ ᠪᠡᠶ᠎ᠡ ᠶᠢᠨ ᠬᠥᠳᠡᠯᠭᠡᠭᠡᠨ ᠬᠢᠬᠦ ᠬᠡᠷᠡᠭᠲᠡᠶ︔ᠭᠤᠷᠪᠠ ᠳᠤ ᠬᠢᠵᠠᠭᠠᠷᠯᠠᠬᠤ ᠴᠠᠭ ᠢ ᠨᠢ | ᠤᠳᠠᠭ᠎ᠠ ᠪᠦᠷᠢ 1 ᠴᠠᠭ ᠠᠴᠠ ᠭᠡᠳᠦᠷᠡᠬᠦᠯᠵᠦ ᠪᠣᠯᠬᠤ ᠦᠭᠡᠢ︔ ᠳᠥᠷᠪᠡ ᠳᠤ ᠡᠯ᠎ᠡᠵᠦ᠋ᠢᠯ ᠤᠨ ᠳᠡᠯᠭᠡᠴᠡ | ᠦᠵᠡᠬᠦᠯᠬᠦ ᠶᠢ ᠰᠠᠨᠠᠭᠠᠴᠢᠯᠠᠬᠤ ᠦᠭᠡᠢ ᠬᠡᠪᠡ᠃ | ᠴᠥᠭᠡᠨ ᠪᠤᠰᠤ ᠰᠦᠯᠵᠢᠶᠡᠴᠢᠳ᠂ ᠬᠤᠶᠠᠷ ᠨᠠᠰᠤ ᠵᠢᠴᠢ ᠲᠡᠭᠦᠨ ᠠᠴᠠ ᠳᠣᠷᠣᠭᠰᠢᠬᠢ ᠨᠠᠰᠤᠨ ᠤ | ᠬᠡᠦᠬᠡᠳ ᠨᠢᠪᠡᠶᠡ ᠪᠠᠨ ᠳᠠᠭᠠᠭᠠᠬᠤ ᠴᠢᠳᠠᠪᠤᠷᠢ ᠥᠬᠡᠶ ᠪᠤᠯᠬᠤᠷ ᠴᠥᠮ ᠲᠣᠮᠣ ᠬᠥᠮᠦᠨ ᠤ ᠡᠵᠡᠮᠲᠡᠯ ᠳᠤ | ᠲᠦᠰᠢᠭᠯᠡᠳᠡᠭ᠂ ᠲᠡᠷᠡᠴᠢᠯᠡᠨ ᠪᠠᠭᠠᠨᠠᠰᠤᠨ ᠤ ᠬᠡᠦᠬᠡᠳ ᠤᠨ ᠪᠤᠰᠤᠳ ᠢ ᠳᠠᠭᠤᠷᠢᠶᠠᠬᠤ ᠴᠢᠳᠠᠪᠤᠷᠢ ᠨᠢ ᠴᠢᠩᠭ᠎ᠠ | ᠪᠠᠶᠢᠳᠠᠭ ᠪᠤᠯᠬᠤᠷ ᠬᠡᠷᠪᠡ ᠬᠡᠷ ᠤᠨ ᠠᠬᠠᠮᠠᠳ ᠨᠢᠭᠠᠷ ᠤᠲᠠᠰᠤ ᠨᠠᠭᠠᠳᠤᠭᠠᠳ ᠪᠠᠶᠢᠪᠠᠯ ᠬᠡᠦᠬᠡᠳ ᠨᠥᠯᠥᠭᠡᠯᠡᠭᠳᠡᠬᠦ | ᠨᠢ ᠯᠠᠪᠲᠠᠶ ᠶᠤᠮ ᠬᠡᠵᠦ ᠦᠵᠡᠵᠦ ᠪᠤᠢ᠃ ᠭᠡᠪᠡᠴᠦ ᠪᠠᠰᠠᠴᠥ᠋ᠭᠡᠨ ᠪᠤᠰᠤ ᠰᠦᠯᠵᠢᠶᠡᠴᠢᠳ᠄ ᠶᠣᠰᠣ ᠤᠴᠢᠷ ᠢ | ᠪᠦᠷ ᠮᠡᠳᠡᠵᠦ ᠪᠠᠶᠢᠨ᠎ᠠ᠂ ᠭᠡᠪᠡᠴᠦ ᠪᠣᠳᠠᠲᠠᠶ ᠬᠢᠬᠦ ᠳᠤ ᠦᠨᠡᠬᠡᠷ ᠠᠮᠠᠷᠦᠭᠡᠢ ᠬᠡᠵᠡᠭᠡᠨ᠎ᠡ᠃ ᠪᠠᠭ᠎ᠠ ᠨᠠᠰᠤᠨ ᠤ | ᠪᠢᠴᠢᠬᠠᠨ ᠨᠠᠶᠢᠵᠠ ᠨᠠᠷ ᠴᠣᠪᠣᠭᠤ ᠳᠡᠭᠵᠢᠨ ᠬᠦᠳᠡᠯᠭᠡᠭᠡᠨ ᠶᠡᠬᠡᠳᠡᠢ ᠪᠠᠶᠢᠳᠠᠭ ᠪᠤᠯᠬᠤᠷᠪᠠᠭᠠ ᠯᠠ ᠬᠠᠮᠢᠶᠠᠷᠬᠤ | ᠦᠭᠡᠢ ᠪᠣᠯ ᠠᠮᠠᠷᠬᠠᠨ ᠤᠴᠢᠷ ᠭᠠᠷᠴᠤ ᠮᠡᠳᠡᠨ᠎ᠡ᠃ ᠡᠶᠢᠮᠦ ᠠᠴᠠ ᠭᠡᠷ ᠤᠨ ᠠᠬᠠᠮᠠᠳ ᠨᠠᠷ ᠠᠮᠠᠷᠠᠬᠤ ᠴᠠᠭᠵᠢᠨᠨ | ᠵᠠᠷᠤᠴᠠᠭᠤᠯᠤᠨ᠂ ᠠᠯᠢ ᠴᠢᠳᠠᠬᠤ ᠪᠠᠷ ᠬᠡᠦᠬᠡᠳ ᠤᠨ ᠢᠶᠠᠨ ᠳᠡᠯᠭᠡᠴᠡ ᠦᠵᠡᠬᠦ ᠴᠠᠭ ᠢ ᠬᠢᠵᠠᠭᠠᠷᠯᠠᠵᠤ᠂ ᠲᠡᠳᠡᠨ ᠢ | ᠭᠠᠳᠠᠨᠠᠢᠯᠡᠭᠦᠬᠡᠨ ᠲᠠᠭᠠᠭᠤᠯᠤᠨ ᠭᠠᠷᠴᠤ ᠬᠥᠳᠡᠯᠭᠡᠭᠡᠨ ᠬᠢᠬᠡᠷᠡᠢ᠃ | ᠲᠡᠭᠡᠪᠡᠯ ᠬᠡᠦᠬᠡᠳ ᠤᠨ ᠢᠶᠠᠨ ᠲᠧᠯᠸᠢᠰ ᠦᠵᠡᠬᠦ᠂ ᠭᠠᠷ ᠤᠲᠠᠰᠤ ᠦᠵᠡᠬᠦ ᠶᠢ ᠪᠦᠷᠢᠮᠦᠰᠦᠨ ᠬᠤᠷᠢᠭᠯᠠᠵᠤ | ᠳᠡᠶᠢᠯᠬᠦᠦᠭᠡᠢ ᠮᠦᠷᠳᠡᠭᠡᠨ ᠪᠠᠰᠠ ᠬᠡᠦᠬᠡᠳ ᠤᠨ ᠢᠶᠠᠨ ᠪᠤᠶᠢᠵᠢᠯᠲᠠ ᠳᠤ ᠨᠠᠵᠠᠭᠠᠢ ᠨᠥᠯᠥᠭᠡ ᠦᠵᠡᠭᠦᠯᠬᠦ ᠶᠢ ᠬᠦᠰᠡᠬᠦ | ᠦᠭᠡᠢ ᠬᠡᠬᠦ ᠡᠶᠢᠮᠦᠬᠤᠶᠠᠷ ᠠᠰᠠᠭᠤᠳᠠᠯ ᠪᠢᠳᠡᠨ ᠳᠤ ᠲᠤᠯᠭᠠᠷᠠᠯ᠎ᠠ᠂ ᠡᠨᠡ ᠬᠤᠶᠠᠷ ᠬᠦᠴᠢᠷ ᠠᠰᠠᠭᠤᠳᠠᠯ ᠢ ᠶᠠᠮᠠᠷ | ᠠᠷᠭ᠎ᠠ ᠪᠠᠷ ᠰᠢᠢᠳᠪᠦᠷᠢᠯᠡᠬᠦ ᠪᠣᠢ︖ | . ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠨᠡ ᠵᠢᠯ ᠤᠨ ᠨᠡᠶᠢᠲᠡᠯᠡᠭᠰᠡᠨ ᠲᠤᠭ᠎ᠠ | ᠪᠠᠷᠢᠮᠲᠠ ᠳ᠋ᠤ᠋ᠢᠯᠡᠷᠡᠭᠦᠯᠦᠭᠰᠡᠨ ᠢᠶᠠᠷ᠂ 2020 ᠣᠨ ᠳᠤ ᠮᠠᠨ ᠤ ᠤᠯᠤᠰ ᠤᠨ ᠬᠡᠦᠬᠡᠳ ᠪᠠᠭᠠᠴᠤᠳ | ᠵᠠᠯᠠᠭᠤᠴᠤᠳ ᠤᠨ ᠣᠶᠢᠷᠠᠬᠠᠷᠠᠭᠠ ᠶᠢᠨ ᠶᠡᠷᠦᠩᠬᠡᠶ ᠨᠣᠷᠮ᠎ᠠ 52.7% ᠳᠤ ᠬᠦᠷᠴᠦ᠂ 10% ᠣᠷᠴᠢᠮ ᠤᠨ | ᠣᠶᠢᠷ᠎ᠠ ᠬᠠᠷᠠᠭ᠎ᠠ ᠲᠠᠢ ᠰᠤᠷᠤᠭᠴᠢᠳ ᠨᠢᠲ᠋ᠡᠭᠡᠷᠡ ᠬᠡᠮᠵᠢᠶᠡᠨ ᠤ ᠣᠶᠢᠷ᠎ᠠ ᠬᠠᠷᠠᠭ᠎ᠠ ᠲᠠᠢ ᠪᠣᠯᠵᠠᠶ᠃ 90% ᠶᠢᠨ | ᠬᠠᠷᠠᠭᠠᠨ ᠤ ᠠᠰᠠᠭᠤᠳᠠᠯ ᠢ ᠦᠨᠡᠨ ᠳᠡᠭᠡᠨ ᠰᠡᠷᠭᠡᠶᠢᠯᠡᠵᠦᠪᠤᠯᠬᠤ ᠪᠦᠭᠡᠳ ᠵᠠᠰᠠᠵᠤ ᠪᠤᠯᠬᠤ ᠶᠤᠮ ᠬᠡᠵᠦ ᠲᠤᠰᠬᠠᠶ | ᠮᠡᠷᠭᠡᠵᠢᠯᠲᠡᠨ ᠬᠡᠯᠡᠪᠡ᠃ | |