ᠬᠥᠨᠳᠡᠯᠡᠨ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠳᠥᠷᠪᠡᠳᠦᠭᠡᠷ ᠣᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/9
     1 ᠰᠠᠷ᠎ᠠ ᠶᠢᠨ 6 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃
     ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠤᠤ ᠵᠢᠶᠦ᠋ᠨ ᠺᠠᠩ᠂ ᠸᠠᠩ ᠸᠧᠢ᠂ ᠯᠢᠦ ᠯᠢ ᠰᠢᠶᠠ ᠬᠤᠷᠠᠯ ᠳᠤ ᠣᠷᠣᠯᠴᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠵᠢᠶᠦ᠋ᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠶᠢᠨ ᠵᠦᠩ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠣᠷᠣᠯᠠᠭᠴᠢ ᠳᠠᠷᠤᠭ᠎ᠠ ᠯᠢᠦ ᠬᠤᠢ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠣᠷᠣᠯᠠᠭᠴᠢ ᠪᠠᠶᠢᠴᠠᠭᠠᠬᠤ ᠳᠠᠷᠤᠭ᠎ᠠ ᠯᠢᠦ ᠭᠸᠤ ᠬᠤᠷᠠᠯ ᠳᠤ ᠣᠷᠣᠯᠴᠠᠵᠠᠢ᠃      ᠬᠤᠷᠠᠯ ᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠣᠣ ᠵᠢᠶᠦ᠋ᠨ ᠺᠠᠩ ᠡᠷᠭᠢᠯᠡᠪᠡ᠃ ᠬᠤᠷᠠᠯᠳᠤᠭᠠᠨ ᠠᠴᠠ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠬᠤ ᠲᠤᠬᠠᠶ ᠲᠣᠭᠲᠠᠭᠠᠯ ᠢ ᠬᠢᠨᠠᠨ ᠶᠠᠷᠢᠯᠴᠠᠵᠤ ᠪᠠᠲᠤᠯᠠᠪᠠ᠃ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠢᠯᠡᠳᠭᠡᠯ᠂ ᠲᠡᠷᠢᠭᠦᠯᠡᠭᠴᠢᠳ ᠤᠨ ᠪᠦᠯᠬᠦᠮ ᠪᠣᠯᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠤᠨ ᠨᠡᠷᠡᠰ᠂ ᠳᠡᠳ᠋ ᠨᠠᠷᠢᠨ ᠪᠢᠴᠢᠭᠡᠴᠢ ᠤᠨ ᠳᠠᠷᠤᠭ᠎ᠠ ᠶᠢᠨ ᠨᠡᠷᠡᠰ᠂ ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠡᠴᠦᠰ ᠤᠨ ᠬᠤᠭᠤᠴᠠᠭᠠᠨ ᠤ ᠲᠣᠭᠲᠠᠭᠠᠯ᠂ ᠲᠥᠯᠥᠪᠯᠡᠭᠡᠨ ᠤ ᠲᠥᠰᠦᠪ ᠢ ᠬᠢᠨᠠᠨ ᠪᠠᠶᠢᠴᠠᠭᠠᠬᠤ ᠺᠣᠮᠢᠰ ᠤᠨ ᠪᠦᠷᠢᠯᠳᠦᠬᠦᠨ ᠤ ᠨᠡᠷᠡᠰ᠂ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠪᠦᠷᠢᠯᠳᠦᠬᠦᠨ ᠤ ᠨᠡᠷᠡᠰ᠂ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ ᠣᠷᠣᠨ ᠲᠤᠭ᠎ᠠ ᠶᠢ 10 ᠬᠥᠮᠦᠨ ᠠᠴᠠ ᠳᠡᠭᠡᠭᠰᠢ ᠲᠥᠯᠥᠭᠡᠯᠡᠭᠴᠢ ᠠᠴᠠ ᠡᠯ᠎ᠡ ᠵᠦᠢᠯ ᠤᠨ ᠵᠢᠱᠢᠭᠳᠡᠭᠰᠡᠳ ᠤᠨ ᠳᠠᠭᠤᠰᠬᠤ ᠴᠠᠭ ᠢ ᠬᠠᠮᠲᠤᠷᠠᠨ ᠳᠤᠷᠠᠳᠬᠤ ᠲᠣᠭᠲᠠᠭᠠᠯ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠶ ᠺᠣᠮᠢᠰ ᠢ ᠪᠠᠶᠢᠭᠤᠯᠬᠤ ᠲᠣᠭᠲᠠᠭᠠᠯ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠶ ᠺᠣᠮᠢᠰ ᠤᠨ ᠪᠦᠷᠢᠯᠳᠦᠬᠦᠨ ᠤ ᠵᠢᠱᠢᠭᠳᠡᠭᠰᠡᠳ ᠢ ᠪᠠᠲᠤᠯᠠᠬᠤ ᠠᠷᠭ᠎ᠠ᠂ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠪᠦᠷᠢᠯᠳᠦᠬᠦᠨ ᠤ ᠨᠡᠷᠡᠰ ᠂ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠪᠦᠷᠢᠯᠳᠦᠬᠦᠨ ᠤ ᠨᠡᠷᠡᠰ᠂ ᠰᠤᠯᠠ ᠣᠷᠣᠯᠴᠠᠭᠰᠠᠳ ᠤᠨ ᠨᠡᠷᠡᠰ᠂ ᠪᠦᠯᠬᠦᠮ ᠤᠨ ᠳᠡᠳ᠋ ᠳᠠᠷᠤᠭ᠎ᠠ ᠶᠢᠨ ᠨᠡᠷᠡᠰ᠂ ᠰᠣᠩᠭᠤᠭᠤᠯᠢ ᠶᠢᠨ ᠬᠡᠯᠪᠡᠷᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠥᠭᠬᠦ ᠠᠷᠭ᠎ᠠ᠂ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠬᠢᠨᠠᠯᠲᠠ ᠲᠠᠯᠪᠢᠬᠤ ᠠᠵᠢᠯ ᠤᠨ ᠲᠤᠰᠬᠠᠶ ᠠᠵᠢᠯ ᠤᠨ ᠮᠡᠳᠡᠭᠦᠯᠦᠯᠲᠡ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠥᠬᠦᠵᠦ ᠰᠣᠩᠭᠤᠭᠰᠠᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ᠃ ︵ᠰᠤᠷᠪᠤᠯᠵᠢᠯᠠᠭᠴᠢ᠄ ᠵᠤᠤ ᠶᠢᠨ ᠹᠧᠩ  ᠂ ᠬᠢᠨᠠᠨ ᠬᠠᠷᠭᠤᠭᠤᠯᠤᠭᠰᠠᠨ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号