ᠬᠥᠨᠳᠡᠯᠡᠨ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠤ ᠳ᠋ᠢᠩ ᠰᠢᠤ ᠹᠧᠩ ᠱᠦᠵᠢ ᠶᠢᠨ ᠤᠲᠠᠰᠤ ᠪᠠᠷ ᠦᠭᠬᠦᠭᠰᠡᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠳᠠᠷᠤᠢ ᠳᠤᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ    ᠶᠢᠨ ᠶᠦᠩ ᠯᠢ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/10/16
     10 ᠰᠠᠷ᠎ᠠ ᠶᠢᠨ 12 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠶᠦᠩ ᠯᠢ ᠪᠥᠬᠦ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠢᠩ ᠰᠢᠤ ᠹᠧᠩ ᠤᠨ ᠤᠳᠠᠰᠤ ᠪᠠᠷ ᠦᠭᠬᠦᠭᠰᠡᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠲᠤᠰ ᠡᠭᠡᠯᠵᠢ ᠶᠢᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠮᠠᠨ ᠤ ᠲᠤᠭᠤᠷᠢᠭ ᠲᠡᠷᠡ ᠳᠠᠷᠤᠢ ᠳᠤᠨᠢ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠡᠬᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠦᠳᠲᠡᠷ ᠲᠦᠷᠭᠡᠨ ᠡᠬᠢᠯᠡᠭᠦᠯᠵᠦ᠂ ᠪᠦᠬᠦ ᠲᠤᠭᠤᠷᠢᠭ ᠳᠠᠶᠠᠭᠠᠷ ᠡᠳᠦᠷ ᠰᠥᠨᠢ ᠦᠭᠡᠢ ᠲᠡᠮᠡᠴᠡᠵᠦ᠂ ᠥᠷᠭᠡᠨ ᠤᠯᠠᠨ ᠰᠠᠭᠤᠭᠠᠯᠢ ᠠᠷᠠᠳ ᠢᠳᠡᠪᠬᠢᠲᠡᠢ ᠬᠠᠮᠵᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠡᠪᠡᠳᠴᠢᠨ ᠤ ᠵᠢᠱᠢᠶ᠎ᠡ ᠶᠢ ᠦᠬᠡᠢ ᠪᠤᠯᠭᠠᠬᠤ ᠪᠣᠭᠤᠮᠲᠠ ᠰᠢᠪᠲᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ ᠬᠡᠵᠤ ᠵᠢᠭᠠᠵᠤ ᠭᠠᠷᠭᠠᠪᠠ᠃ ᠳ᠋ᠢᠩ ᠰᠢᠤ ᠹᠧᠩ ᠱᠦᠵᠢ ᠣᠯᠠᠨ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠴᠦᠬᠦᠷᠡᠰᠢ ᠦᠬᠡᠢ ᠪᠠᠶᠢᠯᠳᠤᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠪᠣᠭᠤᠮᠲᠠ ᠰᠢᠪᠲᠤᠯᠬᠤ ᠬᠦᠴᠦᠷᠬᠡᠭ ᠶᠡᠭᠡ ᠰᠦᠰᠦ ᠵᠣᠷᠢᠭ ᠢᠶᠠᠷ ᠠᠵᠢᠯ ᠤᠨ ᠪᠠᠶᠢᠷᠢ ᠪᠠᠨ ᠪᠠᠲᠤ ᠰᠠᠬᠢᠵᠤ᠂ ᠢᠯᠠᠯᠲᠠ ᠶᠢᠨ ᠡᠷᠴᠢᠨ ᠳᠡᠭᠡᠷ᠎ᠡ ᠪᠠᠨ  ᠤᠷᠤᠬᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︽ᠡᠪᠡᠳᠴᠢᠨ ᠤ ᠵᠢᠱᠢᠶ᠎ᠡ ᠦᠬᠡᠢ ᠪᠣᠯᠭᠠᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠳᠡᠢ ᠭᠡᠵᠦ ᠵᠣᠷᠢᠭᠵᠢᠭᠤᠯᠪᠠ᠃      ᠬᠤᠷᠠᠯ ᠠᠴᠠ᠂ ︽ᠡᠪᠡᠳᠴᠢᠨ ᠤ ᠵᠢᠱᠢᠶ᠎ᠡ ᠦᠬᠡᠢ ᠪᠣᠯᠭᠠᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠪᠦᠬᠦ ᠲᠤᠭᠤᠷᠢᠭ ᠤᠨ ᠡᠯ᠎ᠡ ᠱᠠᠲᠤᠨ ᠤ ᠺᠠᠳ᠋ᠷ ᠳ᠋ᠢᠩ ᠰᠢᠤ ᠹᠧᠩ ᠱᠦᠵᠢ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠪᠠᠶᠢᠳᠠᠯ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠪᠣᠯᠤᠨ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠪᠣᠯᠤᠨ ᠲᠤᠰᠠᠭᠠᠷᠯᠠᠬᠤ ᠲᠠᠯᠠᠪᠤᠷ ᠭᠠᠵᠠᠷ ᠤᠨ ᠬᠠᠮᠢᠶᠠᠷᠤᠯᠲᠠ ᠶᠢ ᠤᠯᠠᠮ ᠴᠢᠨᠠᠭᠰᠢᠳᠠ ᠵᠢᠷᠤᠮᠵᠢᠭᠤᠯᠵᠤ᠂ ᠨᠡᠶᠢᠭᠡᠮ ᠤᠨ ᠲᠡᠯ᠎ᠠ ᠶᠢᠨ ᠡᠪᠡᠳᠴᠢᠨ ᠤ ᠵᠢᠱᠢᠶ᠎ᠡ ᠦᠬᠡᠢ ᠪᠤᠯᠭᠠᠬᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭ᠎ᠠ ᠰᠠᠶᠢᠳᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠪᠣᠯᠤᠨ ︽ᠭᠤᠷᠪᠠᠨ ᠲᠣᠭᠤᠷᠢᠭ︾ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠷᠢᠶᠡᠯᠠᠯ ᠤᠨ ᠳᠣᠲᠣᠭᠠᠳᠤ ᠶᠢᠨ ᠬᠠᠮᠢᠶᠠᠷᠤᠯᠲᠠ ᠡᠵᠡᠮᠳᠡᠯ ᠤᠨ ᠡᠷᠴᠢᠮ ᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠳᠠᠪᠲᠠᠮᠵᠢ ᠶᠢ ᠨᠡᠮᠡᠭᠳᠡᠬᠦᠯᠬᠦ᠂ ᠷᠠᠳᠢᠣ᠋ ᠪᠠᠷ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠵᠡᠷᠭᠡ ᠪᠣᠳᠠᠲᠠᠶ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠤᠷᠢᠶᠠᠯᠠᠯ ᠤᠨ ᠰᠠᠭᠤᠭᠠᠯᠢ ᠠᠷᠠᠳ ᠢ ᠰᠠᠶᠢᠳᠤᠷ ᠢᠳᠬᠠᠵᠤ ᠭᠠᠳᠠᠭᠰᠢ ᠭᠠᠷᠬᠤ ᠥᠬᠡᠶ᠂ ᠪᠥᠭᠡᠮᠨᠡᠷᠡᠬᠦ ᠥᠬᠡᠶ᠂ ᠴᠤᠭᠯᠠᠷᠠᠬᠤ ᠥᠬᠡᠶ ᠪᠠᠶᠢᠬᠤ ᠬᠡᠷᠡᠭᠲᠡᠶ᠃ ᠲᠤᠭᠤᠷᠢᠭ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ᠂ ᠵᠡᠭᠡᠯᠢ ᠭᠤᠳᠤᠮᠵᠢ ᠪᠠᠯᠭᠠᠰᠤ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷ ᠤᠨ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠭᠦᠶᠴᠡᠳ ᠪᠠᠳᠠᠷᠠᠭᠤᠯᠵᠤ᠂ ᠨᠡᠶᠢᠭᠡᠮ ᠤᠨ ᠲᠠᠯ᠎ᠠ ᠶᠢᠨ ᠬᠥᠮᠦᠰ ᠤᠨ ᠨᠠᠭᠠᠰᠢ ᠴᠠᠭᠠᠰᠢ ᠶᠠᠪᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ︽ᠨᠠᠮ ᠲᠠᠶᠢᠪᠤᠩ︾ ᠪᠠᠶᠢᠬᠤ ᠪᠠᠶᠢᠳᠠᠯ ᠢ ᠪᠠᠲᠤᠯᠠᠬᠤ ᠬᠡᠷᠡᠭᠲᠡᠶ᠃ ᠣᠷᠣᠵᠤ ᠭᠠᠷᠬᠤ ᠦᠨᠡᠮᠯᠡᠯ ᠤᠨ ᠬᠡᠷᠡᠭᠯᠡᠯᠲᠡ ᠬᠠᠮᠢᠶᠠᠷᠤᠯᠲᠠ ᠪᠠ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠶᠢ ᠵᠢᠷᠤᠮᠵᠢᠭᠤᠯᠵᠤ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯᠲᠠᠨ ᠳᠤ ᠣᠷᠣᠵᠤ ᠭᠠᠷᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠳᠠᠷᠦ᠋ᠢᠬᠠᠨ ᠣᠶᠢᠯᠠᠭᠠᠭᠤᠯᠵᠤ᠂ ᠦᠨᠡᠮᠯᠡᠯ ᠢ ᠬᠠᠭᠤᠷᠮᠠᠭᠯᠠᠨ ᠵᠣᠬᠢᠶᠠᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠪᠠᠨ ᠴᠢᠩᠭᠠᠳᠬᠠᠵᠤ᠂ ᠡᠯ᠎ᠡ ᠡᠵᠡᠩᠨᠡᠯᠲᠡ ᠶᠢᠨ ᠲᠡᠯᠡᠪᠤᠷ ᠭᠠᠵᠠᠷ ᠤᠨ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠳᠠ ᠪᠠ ᠲᠤᠰᠠᠭᠠᠷᠯᠠᠬᠤ ᠲᠠᠯᠠᠪᠤᠷ ᠭᠠᠵᠠᠷ ᠤᠨ ᠬᠠᠮᠢᠶᠠᠷᠤᠯᠲᠠ ᠶᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠬᠦ ᠬᠡᠷᠡᠭᠲᠡᠢ᠃ ᠭᠤᠤᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠡ ᠶᠢ ᠵᠢᠷᠤᠮᠵᠢᠩᠭᠤᠢ ᠥᠷᠨᠢᠭᠦᠯᠵᠦ᠂ ᠪᠥᠭᠡᠮ ᠬᠦᠴᠢᠯ ᠤᠨ ᠪᠠᠶᠢᠴᠠᠭᠠᠯᠲᠡ ᠶᠢᠨ ᠶᠠᠪᠤᠴᠠ ᠶᠢ ᠰᠢᠯᠢᠳᠡᠭᠵᠢᠭᠦᠯᠦᠨ᠂ ᠲᠤᠬᠠᠶ ᠶᠢᠨ ᠲᠠᠯᠠᠪᠠᠶ ᠶᠢᠨ ᠥᠯᠢᠭᠡᠷ ᠠᠪᠬᠤ ᠡᠮᠬᠢ ᠵᠢᠷᠤᠮ ᠢ ᠴᠢᠩᠭᠠᠳᠬᠠᠵᠤ᠂ ︽ᠦᠯᠢᠬᠡᠷ ᠠᠪᠬᠤ᠂ ᠬᠦᠷᠭᠡᠬᠦ᠂ ᠰᠢᠯᠭᠠᠨ ᠪᠠᠶᠢᠴᠠᠭᠠᠬᠤ᠂ ᠮᠡᠳᠡᠭᠦᠯᠬᠦ︾  ᠵᠡᠷᠬᠡ ᠭᠤᠬᠴᠤᠭ᠎ᠠ ᠨᠢᠬᠡᠪᠦᠷᠢ ᠶᠢ ᠨᠢᠭᠲᠠ ᠵᠤᠯᠭᠠᠭᠤᠯᠬᠤ ᠶᠢ ᠪᠠᠲᠤᠯᠠᠬᠤ ᠬᠡᠷᠡᠭᠳᠡᠢ᠃ ᠲᠦᠭᠰᠢᠭᠦᠷᠢ ᠶᠡᠬᠡᠲᠡᠶ ᠣᠷᠣᠨ ᠪᠦᠰᠡ ᠶᠢᠨ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠪᠠᠶᠢᠴᠠᠭᠠᠯᠳᠠ ᠶᠢᠨ ᠠᠵᠢᠯ ᠢ ᠵᠢᠷᠤᠮᠵᠢᠭᠤᠯᠤᠨ ᠰᠠᠶᠢᠲᠤᠷ ᠬᠢᠵᠦ᠂ ᠥᠯᠢᠭᠡᠷ ᠠᠪᠬᠤ ᠨᠢ ᠵᠢᠷᠤᠮᠵᠢᠩᠭᠤᠢ᠂ ᠬᠦᠷᠭᠡᠵᠦ ᠰᠢᠯᠭᠠᠨ ᠪᠠᠶᠢᠴᠠᠭᠠᠯᠭᠠᠬᠤ ᠨᠢ ᠲᠦᠷᠭᠡᠨ᠂ ᠪᠦᠬᠦᠨ ᠢ ᠬᠠᠮᠤᠷᠬᠤ ᠶᠢ ᠪᠠᠲᠤᠯᠠᠬᠤ ᠬᠡᠷᠡᠭᠲᠡᠶ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠲᠤᠰᠠᠭᠠᠷᠯᠠᠬᠤ ᠲᠠᠯᠠᠪᠤᠷ ᠭᠠᠵᠠᠷ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ︽ᠨᠢᠬᠡ ᠡᠮᠨᠡᠯᠭᠡ ᠶᠢᠨ ᠬᠤᠷᠢᠶ᠎ᠡ ᠴᠤ ᠬᠢᠵᠢᠭ ᠬᠠᠯᠳᠠᠪᠤᠷᠢᠯᠠᠨ ᠲᠡᠯᠬᠡᠷᠡᠬᠦ ᠦᠬᠡᠢ ᠪᠠᠶᠢᠬᠤ︾ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠡᠮᠦᠨ᠎ᠡ ᠹᠷᠣᠨᠲ ᠤᠨ ᠬᠢᠵᠢᠭ ᠢ ᠰᠡᠷᠭᠡᠶᠢᠯᠡᠬᠦ ᠠᠵᠢᠯᠲᠠᠳ ᠤᠨ ᠬᠠᠮᠠᠭᠠᠯᠠᠯᠲᠠ ᠶᠢᠨ ᠬᠤᠪᠴᠠᠰᠤ ᠪᠠᠨ ᠡᠮᠦᠰᠴᠤ ᠲᠠᠶᠢᠯᠬᠤ ᠵᠡᠷᠭᠡ ᠠᠮᠤᠷ ᠲᠦᠪᠰᠢᠨ ᠤ ᠬᠠᠮᠠᠭᠠᠯᠠᠯᠲᠠ ᠶᠢᠨ ᠪᠣᠯᠪᠠᠰᠤᠷᠠᠯ ᠪᠣᠯᠤᠨ ᠵᠠᠩᠭᠢᠯᠠᠭ᠎ᠠ ᠶᠢᠨ ᠵᠦᠢᠯᠡᠰ ᠤᠨ ᠰᠠᠨᠠᠭᠤᠯᠤᠮᠵᠢ ᠶᠢ ᠪᠦᠬᠦ ᠲᠠᠯ᠎ᠠ ᠪᠠᠷ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠭᠤᠭᠴᠤᠭ᠎ᠠ ᠶᠢ ᠴᠢᠩᠭ᠎ᠠ ᠵᠢᠷᠤᠮᠵᠢᠭᠤᠯᠵᠤ᠂ ᠰᠣᠯᠪᠢᠴᠠᠨ ᠬᠠᠯᠳᠠᠪᠤᠷᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠬᠡᠵᠤ ᠱᠠᠭᠠᠷᠳᠠᠵᠠᠢ᠃ ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号