ᠮᠠᠭᠲᠠᠭᠠᠯ ᠬᠠᠶᠢᠷᠠᠯᠠᠶ᠎ᠠ︕ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠬᠠᠯᠠᠭᠤᠨ ᠰᠡᠳᠬᠢᠯ ᠢᠶᠠᠷ ᠬᠠᠨᠳᠢᠪᠯᠠᠵᠤ  ᠪᠦᠬᠦ ᠬᠦᠴᠦᠨ ᠢᠶᠠᠷ ᠢᠶᠠᠨ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠬᠠᠮᠳᠤ ᠪᠠᠷ ᠴᠤᠬᠴᠠᠯᠠᠵᠤ ᠪᠤᠢ
ᠨᠡᠶᠢᠲᠡᠯᠡᠭᠰᠡᠨ ᠴᠠᠭ᠄
2022/10/16
     ᠬᠢᠵᠢᠭ ᠤᠨ ᠪᠠᠶᠢᠳᠠᠯ ᠨᠠᠶᠢᠷ ᠦᠭᠡᠢ ᠬᠡᠬᠦ ᠳᠤ ᠬᠥᠮᠦᠨ ᠤ ᠣᠷᠴᠢᠯᠠᠩ ᠬᠠᠶᠢᠷ᠎ᠠ ᠪᠠᠷ ᠪᠢᠯᠬᠠᠨ᠎ᠠ᠃ ᠲᠤᠰ ᠡᠭᠡᠯᠵᠢ ᠶᠢᠨ ᠪᠤᠭᠤᠲᠤ ᠶᠢᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠯᠡᠭᠦᠯᠦᠨ ᠪᠣᠯᠪᠠᠰᠣᠷᠠᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠠᠮ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠵᠠᠷᠯᠢᠭ ᠢ ᠢᠳᠡᠪᠬᠢᠲᠡᠢ ᠴᠤᠤᠷᠢᠶᠠᠲᠤᠨ᠂ ᠦᠳᠲᠡᠷ ᠲᠦᠷᠭᠡᠨ ᠬᠥᠳᠡᠯᠦᠯᠴᠡᠵᠦ᠂ ᠲᠡᠷᠡ ᠲᠤᠤᠷ᠎ᠠ ᠨᠢ ᠬᠦᠴᠦᠨ ᠢᠶᠠᠨ ᠵᠤᠬᠢᠶᠠᠨ ᠪᠠᠶᠢᠭᠤᠯᠬᠤ ᠶᠢᠨ ᠬᠠᠮᠲᠤ ᠠᠵᠤ ᠠᠬᠤᠶᠢᠯᠠᠯ ᠠᠴᠠ ᠰᠠᠶᠢᠨ ᠲᠤᠷᠠᠴᠤᠳ ᠢ ᠥᠷᠭᠡᠨ ᠢᠶᠠᠷ ᠡᠯᠰᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ ᠪᠦᠬᠦ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠭᠠᠪᠰᠢᠭᠠᠶᠢᠯᠠᠭᠴᠢ ᠶᠢᠨ ᠣᠪᠣᠷ ᠢᠶᠠᠷ ᠬᠢᠵᠢᠭ ᠢ ᠡᠰᠡᠷᠭᠦᠴᠡᠬᠦ ᠠᠵᠢᠯ ᠤᠨ ᠬᠠᠮᠤᠭ ᠤᠨ ᠡᠮᠦᠨ᠎ᠡ ᠹᠷᠣᠨᠲ ᠲᠤ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠨ ᠨᠡᠮᠡᠷᠢᠯᠡᠪᠡ᠃
    ᠬᠢᠵᠢᠭ ᠤᠨ ᠪᠠᠶᠢᠳᠠᠯ ᠬᠠᠶᠢᠷ᠎ᠠ ᠨᠠᠶᠢᠷ ᠦᠬᠡᠢ ᠪᠣᠯᠪᠠᠴᠤ ᠭᠠᠴᠢᠬᠳᠠᠬᠰᠠᠨ ᠦᠶ᠎ᠡ ᠳᠤ ᠭᠠᠷ ᠢᠶᠠᠨ ᠰᠤᠩᠭᠠᠨ ᠬᠠᠷᠢᠯᠴᠠᠨ ᠬᠠᠪᠰᠤᠷᠤᠯᠴᠠᠳᠠᠭ ᠬᠠᠯᠠᠭᠤᠨ ᠰᠡᠳᠬᠢᠯᠬᠡ ᠶᠢ ᠬᠤᠷᠢᠭᠯᠠᠵᠤ ᠳᠡᠶᠢᠯᠬᠦ ᠦᠭᠡᠢ᠃ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠬᠦᠷᠢᠶᠡᠯᠡᠩ ᠲᠣᠭᠤᠷᠢᠭ ᠤᠨ ᠳᠣᠲᠣᠷᠠᠬᠢ ᠥᠪᠥᠷ ᠮᠣᠩᠭᠤᠯ ᠤᠨ ᠰᠢᠨ ᠶᠤᠸᠠᠨ ᠴᠠᠬᠢᠭᠤᠷ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠢᠶᠤᠤ ᠳ᠋ᠠ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠠᠷᠠᠯᠵᠢᠶᠠᠴᠢᠨ ᠤᠷᠢᠬᠤ ᠪᠠᠩᠬᠢ ᠵᠡᠷᠭᠡ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠬᠤᠶᠢᠨ᠎ᠠ ᠬᠤᠶᠢᠨ᠎ᠠ ᠠᠴᠠ ᠪᠠᠨ ᠬᠠᠯᠠᠭᠤᠨ ᠭᠠᠷ ᠢᠶᠠᠨ ᠰᠤᠩᠭᠠᠵᠤ᠂ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠬᠠᠨᠳᠢᠪᠯᠠᠨ ᠲᠤᠰᠠᠯᠠᠵᠤ᠂ ᠬᠠᠶᠢᠷ᠎ᠠ ᠬᠠᠯᠠᠮᠵᠢ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠢᠳᠡᠬᠡᠯ ᠰᠡᠳᠬᠢᠯ ᠤᠨ ᠬᠤᠯᠪᠤᠭᠠᠨ ᠤ ᠬᠥᠭᠦᠷᠭᠡ︾ ᠶᠢ ᠪᠤᠰᠬᠠᠵᠥ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠬᠠᠶᠢᠷ᠎ᠠ ᠰᠡᠳᠬᠢᠯᠭᠡ ᠪᠣᠯᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠭᠠᠷ ᠬᠤᠯᠪᠣᠨ ᠬᠠᠮᠲᠤ ᠪᠠᠷ ᠤᠷᠤᠭᠰᠢᠯᠠᠬᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠬᠡᠳᠴᠤ ᠲᠡᠮᠤᠷ ᠬᠡᠷᠡᠮ ᠪᠣᠯᠬᠤ ᠶᠡᠭᠡ ᠬᠠᠶᠢᠷ᠎ᠠ ᠶᠢᠨ ᠵᠣᠷᠢᠭ ᠰᠠᠨᠠᠭ᠎ᠠ ᠶᠢ ᠢᠯᠡᠷᠡᠭᠦᠯᠪᠡ᠃
    ᠡᠳᠡᠭᠡᠷ ᠵᠢᠷᠤᠮ ᠤᠨ ᠠᠵᠢᠯᠯᠠᠭ᠎ᠠ ᠨᠢᠬᠦᠯᠡᠰᠦᠩᠬᠦᠢ ᠦᠢᠯᠡ ᠨᠢ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠯᠡᠭᠦᠯᠦᠨ ᠪᠣᠯᠪᠠᠰᠣᠷᠠᠭᠤᠯᠬᠤ ᠠᠵᠤ ᠦᠢᠯᠡᠰ ᠤᠨ ᠬᠦᠷᠢᠶᠡᠯᠡᠩ ᠤᠨ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠤᠨ ᠠᠵᠢᠯᠲᠠᠳ ᠤᠨ ᠬᠢᠵᠢᠭ ᠢ ᠡᠰᠡᠷᠭᠦᠴᠡᠬᠦ ᠡᠷᠴᠢ ᠵᠣᠷᠢᠭ ᠢ ᠬᠥᠪᠴᠢᠯᠡᠵᠦ᠂ ᠡᠨᠡ ᠬᠦ ᠤᠳᠤᠭ᠎ᠠ ᠦᠭᠡᠢ ᠲᠠᠶᠢᠨ ᠤ ᠢᠯᠠᠯᠲᠠ ᠶᠢ ᠲᠡᠮᠡᠴᠡᠨ ᠤᠯᠬᠤ ᠳᠤ ᠪᠠᠲᠤ ᠴᠢᠩᠭ᠎ᠠ ᠪᠠᠲᠤᠯᠠᠭ᠎ᠠ ᠪᠠ ᠤᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠪᠠ︕
     ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠪᠣᠯᠤᠨ ᠪᠦᠬᠦ ᠬᠤᠳᠠ ᠶᠢᠨ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠡᠷᠡᠯᠭᠡᠭᠯᠡᠨ ᠲᠡᠮᠡᠴᠡᠳᠡᠭ ᠯᠡ ᠶᠤᠮ ᠪᠤᠯ᠂ ᠯᠠᠪᠲᠠᠢ ᠬᠢᠵᠢᠭ ᠤᠨ ᠪᠠᠶᠢᠳᠠᠯ ᠢ ᠲᠦᠢᠯᠪᠤᠷᠢᠲᠠᠢ ᠢᠯᠠᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠣᠯᠵᠤ ᠴᠢᠳᠠᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕   ︵ᠢᠷᠡᠯᠲᠡ᠄ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠯᠡᠭᠦᠯᠦᠨ ᠪᠣᠯᠪᠠᠰᠣᠷᠠᠭᠤᠯᠬᠤ ᠠᠵᠤ ᠦᠶᠯᠡᠰ ᠤᠨ ᠬᠦᠷᠢᠶᠡᠯᠡᠩ     ᠨᠠᠶᠢᠷᠠᠭᠤᠯᠤᠭᠴᠢ ᠼᠠᠢ ᠱᠢ ᠡᠾᠦ᠋ᠢ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号