【ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠢ ᠡᠰᠡᠷᠭᠦᠴᠡᠶ᠎ᠡ】ᠬᠥᠨᠳᠡᠯᠡᠨ ᠲᠣᠭᠤᠷᠢᠭ᠄ ᠨᠢᠬᠡ ᠰᠡᠳᠬᠢᠯ ᠨᠡᠶᠢᠳ᠋ᠨ ᠶᠢᠨ ᠬᠦᠴᠦᠨ ᠢᠶᠠᠷ ᠬᠢᠵᠢᠭ ᠢ ᠡᠰᠡᠷᠭᠦᠴᠡᠵᠥ ︽ᠬᠤᠶᠠᠷ ᠰᠢᠨ᠎ᠡ︾ ᠵᠤᠬᠢᠶᠠᠨ ᠪᠠᠶᠢᠭᠤᠯᠤᠯᠳᠠ ᠤᠨᠴᠠ ᠬᠡᠷᠡᠯᠳᠡᠢ
ᠨᠡᠶᠢᠲᠡᠯᠡᠭᠰᠡᠨ ᠴᠠᠭ᠄
2022/10/17
     ᠲᠤᠰ ᠡᠭᠡᠯᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠡᠬᠢᠯᠡᠭᠰᠡᠨ ᠠᠴᠠ ᠨᠠᠭᠠᠰᠢ᠂ ᠬᠥᠨᠳᠡᠯᠡᠨ ᠲᠣᠭᠤᠷᠢᠭ ᠤᠨ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠲᠤᠭᠤᠷᠢᠭ ᠤᠨ ︽ᠬᠤᠶᠠᠷ ᠰᠢᠨ᠎ᠡ︾ ᠨᠠᠮ ᠤᠨ ᠠᠵᠢᠯ ᠤᠨ ᠬᠤᠷᠢᠶᠠᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠥ᠂ ᠰᠠᠨᠠᠭᠠᠴᠢᠯᠠᠭ᠎ᠠ ᠠᠴᠠ ᠪᠠᠨ ᠲᠠᠶᠢᠯᠠᠯᠳᠤᠭᠠᠨ ᠳᠤ ᠤᠷᠤᠯᠴᠠᠬᠤ ᠪᠠᠷ ᠭᠤᠶᠤᠴᠢᠯᠠᠵᠤ᠂ ᠡᠮᠦᠨ᠎ᠡ ᠨᠢ ᠭᠠᠪᠰᠢᠭᠠᠶᠢᠯᠠᠵᠤ᠂ ᠲᠠᠶᠢᠴᠢᠨ ᠪᠠᠬᠢᠯᠡᠯᠲᠡ ᠪᠣᠯᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠷᠠᠮ ᠦᠭᠡᠢ ᠪᠠᠷ ᠬᠤᠪᠢ ᠨᠡᠮᠡᠷᠢ ᠦᠵᠡᠬᠦᠯᠵᠤ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠶᠢᠨ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠬᠥᠨᠳᠡᠯᠡᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠬᠤᠪᠢᠰᠬᠠᠯᠲᠤ ᠬᠥᠳᠡᠯᠭᠡᠬᠦ ᠡᠨᠧᠷᠭᠢ︾ ᠨᠡᠮᠡᠷᠢᠯᠡᠪᠡ᠃
    ᠤᠤᠯ ᠭᠠᠵᠠᠷ ᠲᠠᠭᠠᠨ ᠴᠤᠤᠷᠢᠶᠠᠲᠤᠨ ᠲᠠᠭᠠᠵᠥ᠂ ︽ᠬᠢᠵᠢᠭ ᠤᠨ ᠰᠡᠷᠭᠡᠶᠢᠯᠡᠯᠲᠡ ᠶᠢᠨ ᠤᠯᠠᠭᠠᠨ ᠱᠤᠭᠤᠮ︾ ᠢ ᠴᠣᠭᠴᠠᠯᠠᠪᠠ᠃ ᠲᠤᠰ ᠡᠭᠡᠯᠵᠢ ᠶᠢᠨ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠡᠯᠭᠡᠷᠡᠭᠰᠡᠨ ᠠᠴᠠ ᠨᠠᠭᠠᠰᠢ᠂ ᠥᠪᠥᠷ ᠮᠣᠩᠭᠤᠯ ᠤᠨ ᠰᠢᠨ ᠶᠤᠸᠠᠨ ᠴᠠᠬᠢᠭᠤᠷ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠶᠡᠷᠦᠩᠬᠡᠢ ᠡᠭᠦᠷ ᠪᠠᠶᠢᠭᠤᠯᠭ᠎ᠠ ᠨᠢᠭᠡᠴᠢ ᠶᠢᠨ ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠪᠡ᠃ ᠨᠠᠮ ᠤᠨ ᠶᠡᠷᠦᠩᠬᠡᠶ ᠡᠭᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠶᠯᠡᠳᠪᠦᠷᠢᠯᠡᠯ ᠡᠵᠡᠩᠨᠡᠯᠲᠡ ᠶᠢᠨ ᠠᠵᠢᠯ ᠤᠨ ᠲᠣᠭᠲᠠᠭᠤᠨ ᠪᠥᠭᠡᠳ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠨᠠᠮ ᠤᠨ ᠭᠡᠰᠢᠭᠦᠨ ᠺᠠᠳ᠋ᠷ ᠦᠶᠯᠡᠳᠪᠦᠷᠢᠯᠡᠯ ᠤᠨ ᠡᠮᠦᠨ᠎ᠡ ᠹᠷᠣᠨᠲ ᠲᠤ ᠭᠦᠨᠵᠡᠭᠡᠶᠢᠷᠡᠨ᠂ ᠦᠶᠯᠡᠳᠪᠦᠷᠢᠯᠡᠯ ᠡᠵᠡᠩᠨᠡᠯᠲᠡ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠨ ᠪᠠ ᠪᠤᠭᠤᠳᠤ ᠳᠤ ᠪᠤᠴᠠᠬᠰᠠᠨ ᠠᠵᠢᠯᠳᠠᠨ ᠢ ᠬᠠᠯᠠᠮᠵᠢᠯᠠᠨ ᠬᠠᠶᠢᠷᠠᠯᠠᠵᠤ᠂ ᠠᠵᠢᠯᠲᠠᠨ ᠠᠵᠢᠯᠴᠢᠨ ᠤ ᠪᠣᠳᠠᠲᠤ ᠬᠡᠷᠡᠭᠴᠡᠭᠡ ᠶᠢ ᠤᠶᠢᠯᠠᠭᠠᠨ ᠰᠣᠨᠣᠰᠴᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠴᠠᠭ ᠲᠤᠬᠠᠶ ᠳᠤᠨᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠳᠠᠮᠵᠢᠭᠤᠯᠤᠨ ᠥᠭᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠠᠵᠢᠯᠲᠠᠨ ᠤ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠠᠩᠬᠠᠷᠴᠤ᠂ ᠣᠯᠠᠨ ᠲᠦᠮᠡᠨ ᠤ ᠰᠡᠳᠬᠢᠴᠡ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ 30 ᠭᠠᠷᠤᠶ ᠨᠠᠮ ᠤᠨ ᠭᠡᠰᠢᠭᠦᠨ ᠢᠶᠠᠷ ᠪᠦᠷᠢᠯᠳᠦᠭᠰᠡᠨ ᠨᠢᠬᠡᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢ ᠴᠠᠭ ᠲᠤᠬᠠᠶ ᠳᠤᠨᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠳᠣᠲᠣᠷᠠᠬᠢ ᠪᠦᠬᠡᠮ ᠬᠦᠴᠢᠯ ᠤᠨ ᠪᠠᠶᠢᠴᠠᠭᠠᠯᠳᠠ ᠶᠢᠨ ᠡᠯ᠎ᠡ ᠴᠡᠭ ᠤᠨ ᠡᠮᠴᠢ ᠰᠤᠪᠢᠯᠠᠭᠴᠢ ᠶᠢ ᠬᠠᠪᠰᠤᠷᠤᠨ ᠡᠳᠦᠷ ᠪᠦᠷᠢ 3200 ᠭᠠᠷᠤᠶ ᠬᠥᠮᠦᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠬᠦ ᠶᠢᠨ ᠬᠠᠮᠲᠤ ᠺᠣᠮᠫᠠᠨᠢ ᠶᠢᠨ ᠠᠵᠢᠯᠲᠠᠨ ᠳᠤ ᠪᠡᠶ᠎ᠡ ᠶᠢᠨ ᠬᠠᠯᠠᠭᠤᠨ ᠢ ᠬᠡᠮᠵᠢᠵᠦ ᠲᠠᠩᠰᠠᠯᠠᠬᠤ᠂ ᠠᠮᠠᠪᠴᠢ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠲᠠᠷᠬᠠᠭᠠᠬᠤ ᠵᠡᠷᠬᠡ ᠠᠵᠢᠯ  ᠢ ᠬᠦᠢᠴᠡᠳᠬᠡᠵᠤ᠂ ᠰᠡᠷᠭᠡᠶᠢᠯᠡᠨ ᠡᠵᠡᠮᠳᠡᠬᠦ ᠬᠤᠭᠤᠰᠤᠨ ᠤᠷᠤᠨ ᠥᠬᠡᠶ᠂ ᠬᠢᠵᠢᠭ ᠢ ᠡᠰᠡᠷᠭᠦᠴᠡᠬᠦ ᠳᠤ ᠥᠨᠴᠥᠭ ᠪᠤᠯᠤᠩ ᠦᠯᠡᠳᠡᠬᠡᠬᠦ ᠥᠬᠡᠶ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠳᠣᠲᠣᠷ᠎ᠠ ᠨᠢᠭᠡ ᠵᠤᠷᠪᠤᠰ ᠥᠪᠡᠷᠮᠢᠴᠡ ᠣᠨᠴᠠᠯᠢᠭ ᠲᠠᠢ ᠬᠢᠵᠢᠭ ᠢ ᠡᠰᠡᠷᠭᠦᠴᠡᠬᠦ ᠪᠠᠬᠢᠯᠡᠯᠳᠡ ᠶᠢᠨ ᠬᠡᠷᠡᠮ ᠢ ᠪᠤᠰᠬᠠᠵᠠᠢ᠃
     ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ ᠰᠠᠶᠢᠨ ︽ᠬᠤᠪᠢᠰᠬᠠᠯᠳᠤ ᠳᠠᠭᠠᠭᠤᠯᠤᠭᠴᠢ︾ ᠪᠤᠯᠵᠡᠢ᠃ ︽ᠤᠯᠠᠨ ᠢᠶᠠᠷ ᠢᠶᠠᠨ ᠰᠠᠶᠢᠲᠤᠷ ᠮᠥᠷᠯᠡᠵᠦ᠂ ᠡᠷᠡᠭᠦᠯ ᠮᠡᠨᠳᠦ ᠶᠢᠨ ᠺᠣᠳ᠋ ᠢᠶᠠᠨ ᠤᠷᠢᠳᠴᠢᠯᠠᠨ ᠪᠡᠯᠡᠳᠬᠡᠭᠡᠷᠡᠢ ᠁ ︾ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠲᠤ᠂ ᠲᠡᠳᠡ ᠡᠩᠨᠡᠭᠡᠨ ᠤ ᠡᠮᠬᠢ ᠳᠢᠭᠯᠢᠮ ᠢ ᠬᠠᠮᠠᠭᠠᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠬᠦᠯᠢᠴᠡᠩᠭᠦᠢ ᠪᠠᠷ ᠬᠠᠪᠰᠤᠷᠤᠨ ᠮᠡᠳᠡᠭᠡ ᠵᠠᠩᠭᠢ ᠶᠢ ᠲᠠᠩᠰᠠᠯᠠᠨ ᠣᠷᠣᠭᠤᠯᠤᠨ᠎ᠡ  ︔ ︽ᠡᠷᠡᠭᠦᠯ ᠮᠡᠨᠳᠦ ᠶᠢᠨ ᠺᠣᠳ᠋ ᠢᠶᠠᠨ ᠨᠡᠭᠡᠭᠡᠵᠦ᠂ ᠪᠡᠶ᠎ᠡ ᠶᠢᠨ ᠬᠠᠯᠠᠭᠤᠨ ᠢᠶᠠᠨ ᠬᠡᠮᠵᠢᠬᠦᠯᠦᠬᠡᠷᠡᠢ ᠁︾  ᠬᠤᠷᠢᠶᠠᠯᠠᠯ ᠤᠨ ᠬᠤᠷᠢᠭ᠎ᠠ ᠴᠡᠭ ᠤᠨ ᠭᠠᠵᠠᠷ ᠲᠤ᠂ ᠲᠡᠳᠡ ᠨᠠᠷᠢᠨ ᠬᠢᠨᠠᠮᠠᠭᠠᠢ ᠪᠠᠷ ᠺᠣᠳ᠋ ᠢ ᠪᠠᠶᠢᠴᠠᠭᠠᠨ ᠪᠡᠶ᠎ᠡ ᠶᠢᠨ ᠲᠤᠯᠠᠭᠠᠨ ᠢ ᠬᠡᠮᠵᠢᠵᠦ᠂ ᠣᠷᠣᠵᠤ ᠭᠠᠷᠬᠤ ᠬᠥᠮᠦᠰ ᠢ ᠲᠤᠳᠤᠷᠬᠠᠢ ᠳᠠᠩᠰᠠᠯᠠᠬᠤ᠂ ᠰᠠᠭᠤᠭᠠᠯᠢ ᠠᠷᠠᠳ ᠲᠤ ᠠᠮᠠᠪᠴᠢ ᠪᠠᠨ ᠰᠠᠶᠢᠳᠤᠷ ᠵᠡᠬᠦᠬᠦ ᠶᠢ ᠰᠠᠨᠠᠭᠤᠯᠵᠤ᠂ ᠪᠠᠭᠠᠴᠤᠤᠯ ᠵᠠᠮ ᠤᠨ 79 ᠳ᠋ᠤᠭᠡᠷ ᠵᠡᠭᠡᠯᠢ ᠭᠤᠳᠤᠮᠵᠢ᠂ ᠪᠤᠯᠤᠳ 38 ᠳ᠋ᠤᠭᠠᠷ ᠵᠡᠭᠡᠯᠢ ᠭᠤᠳᠤᠮᠵᠢ᠂ ᠬᠤᠸᠠ ᠴᠧᠩ ᠶᠤᠸᠠᠨ ᠵᠡᠷᠬᠡ ᠭᠠᠵᠠᠷ ᠢᠶᠠᠷ ᠴᠥᠮ ᠲᠡᠳᠡᠨ ᠤ ᠶᠠᠭᠠᠷᠠᠯᠳᠠᠢ ᠠᠵᠢᠯᠯᠠᠬᠤ ᠪᠠᠷ᠎ᠠ ᠬᠠᠷᠠᠬᠳᠠᠨ᠎ᠠ᠃ ᠲᠤᠰ ᠡᠭᠡᠯᠵᠢ ᠶᠢᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠪᠤᠭᠤᠲᠤ ᠬᠤᠳᠠ ᠶᠢᠨ ᠭᠠᠩ ᠰᠢᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠡ ᠠᠴᠠ ᠪᠦᠬᠦ ᠨᠠᠮ ᠤᠨ ᠭᠡᠰᠢᠭᠦᠨ ᠳᠤ ︽ᠭᠠᠩ ᠰᠢᠩ ᠺᠣᠮᠫᠠᠨᠢ ᠶᠢᠨ ᠬᠤᠶᠠᠷ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠪᠦᠬᠦ ᠨᠠᠮ ᠤᠨ ᠭᠡᠰᠢᠭᠦᠨ ᠳᠤ ᠦᠭᠬᠦ ᠬᠢᠵᠢᠭ ᠢ ᠡᠰᠡᠷᠭᠦᠴᠡᠵᠦ ᠦᠢᠯᠡᠳᠪᠦᠷᠢᠯᠡᠯ ᠢᠶᠠᠨ ᠪᠠᠲᠤᠯᠠᠬᠤ ᠰᠠᠨᠠᠭᠠᠴᠢᠯᠠᠭ᠎ᠠ ᠶᠢᠨ ᠪᠢᠴᠢᠭ︾ ᠢ ᠨᠡᠶᠢᠳᠡᠯᠡᠵᠤ᠂ ᠪᠦᠬᠦ ᠨᠠᠮ ᠤᠨ ᠭᠡᠰᠢᠭᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠡᠭᠦᠷᠭᠡᠯᠡᠬᠦ ᠶᠢ ᠤᠷᠢᠶᠠᠯᠠᠵᠤ᠂ ᠨᠠᠮ ᠤᠨ ᠭᠡᠰᠢᠭᠦᠨ ᠰᠠᠶᠢᠨ ᠲᠤᠷᠠᠴᠤᠳ 65 ᠬᠦᠮᠦᠨ ᠢ ᠴᠤᠭᠯᠠᠭᠤᠯᠵᠤ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠣᠷᠣᠯᠴᠠᠵᠤ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠭᠠᠰᠤ ᠶᠢ ᠨᠠᠮᠳᠠᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠡᠢ᠃ ᠪᠤᠭᠤᠲᠤ ᠬᠤᠲᠠ ᠶᠢᠨ ᠳ᠋ᠦ᠋ ᠱᠢ ᠬᠥᠩᠭᠡᠵᠢᠭᠦᠯᠬᠦ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠰᠠᠨᠠᠭᠠᠴᠢᠯᠠᠭ᠎ᠠ ᠠᠴᠠ ᠪᠠᠨ ᠭᠤᠶᠤᠴᠢᠯᠠᠵᠤ᠂ ᠡᠮᠨᠡᠯᠭᠡ ᠶᠢᠨ ᠬᠤᠷᠢᠶᠠᠨ ᠤ ᠪᠠᠨ 44 ᠨᠠᠮ ᠤᠨ ᠭᠡᠰᠢᠭᠦᠨ ᠡᠮᠴᠢ ᠰᠤᠪᠢᠯᠠᠭᠴᠢ ᠶᠢ ᠵᠣᠬᠢᠶᠠᠨ ᠪᠠᠶᠢᠭᠤᠯᠵᠤ ᠲᠤᠭᠤᠷᠢᠭ  ᠤᠨ ᠳᠣᠲᠣᠷ᠎ᠠ᠂ ᠲᠤᠭᠤᠷᠢᠭ ᠤᠨ ᠭᠠᠳᠠᠨᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠣᠯᠠᠨ ᠴᠡᠭ ᠲᠤ ᠬᠦᠷᠴᠦ ᠪᠦᠬᠡᠮ ᠬᠦᠴᠢᠯ ᠤᠨ ᠥᠯᠢᠭᠡᠷ ᠴᠤᠭᠯᠠᠭᠤᠯᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ ᠪᠠ ᠠᠷᠢᠭᠤᠳᠬᠠᠬᠤ ᠵᠡᠷᠭᠡ ᠠᠵᠢᠯ ᠢ ᠥᠷᠨᠢᠭᠦᠯᠵᠦ᠂ ᠲᠠᠳᠠ ᠡᠳᠦᠷ ᠰᠥᠨᠢ ᠥᠬᠡᠶ ᠡᠬᠡᠯᠵᠢᠯᠡᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠠᠶᠤᠯ ᠲᠦᠭᠰᠢᠭᠦᠷᠢ ᠠᠴᠠ ᠠᠶᠤᠬᠤ ᠥᠬᠡᠶ  ᠲᠡᠮᠡᠴᠡᠵᠤ ᠪᠠᠶᠢᠨ᠎ᠡ︔ ᠲᠡᠳᠡᠨ ᠤ  ᠵᠢᠰᠦ ᠴᠢᠷᠠᠢ ᠬᠢᠵᠢᠭ ᠤᠨ ᠪᠠᠶᠢᠳᠠᠯ ᠳᠣᠣᠷᠠᠬᠢ ᠬᠦᠮᠦᠰ ᠲᠤ ᠬᠠᠯᠠᠭᠤᠨ ᠳᠤᠯᠠᠭᠠᠨ ᠰᠠᠨᠠᠭᠳᠠᠭᠤᠯᠬᠤ ᠦᠵᠡᠮᠵᠢ ᠪᠤᠯᠵᠤ᠂ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ︔ ᠲᠡᠳᠡ ᠪᠣᠯ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ ᠤ ᠲᠥᠯᠥᠭᠡᠯᠡᠭᠴᠢ ᠮᠥᠨ᠂ ᠪᠠᠰᠠ ᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠᠬᠢ ︽ᠬᠤᠪᠢᠰᠬᠠᠯᠲᠤ ᠲᠠᠭᠠᠭᠤᠯᠤᠬᠴᠢ︾ ᠮᠥᠨ᠃      ᠠᠭᠤᠰᠤᠯᠴᠠᠨ ᠬᠦᠴᠦᠯᠡᠵᠦ᠂ ︽ᠰᠡᠳᠬᠢᠯ ᠢ ᠲᠤᠯᠠᠭᠠᠴᠠᠭᠤᠯᠤᠬᠰᠠᠨ ᠤᠯᠠᠭᠠᠨ ᠪᠠᠭᠯᠠᠭ᠎ᠠ︾ ᠬᠦᠷᠭᠡᠪᠡ᠃ ᠬᠦᠨᠳᠦ ᠨᠣᠴᠢᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠮᠠᠨ ᠤ ᠲᠤᠭᠤᠷᠢᠭ ᠤᠨ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠨᠠᠮ ᠤᠨ ᠵᠤᠬᠢᠶᠠᠨ ᠪᠠᠶᠢᠭᠤᠯᠤᠯᠳᠠ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠢᠳᠡᠪᠬᠢᠲᠡᠢ ᠪᠠᠷ ᠵᠣᠭᠤᠰ ᠮᠥᠩᠭᠦ ᠪᠠ ᠡᠳ᠋ ᠪᠣᠳᠠᠰ ᠬᠠᠨᠳᠢᠪᠯᠠᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠪᠣᠳᠠᠰ ᠤᠨ ᠪᠠᠲᠤᠯᠠᠭ᠎ᠠ ᠬᠠᠩᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠳᠤ ᠬᠦᠴᠦᠨ ᠨᠡᠮᠡᠷᠢᠯᠡᠪᠡ᠃ ᠲᠠᠪᠰᠢᠯᠳᠠ ᠵᠠᠮ ᠵᠡᠭᠡᠯᠢ ᠭᠤᠳᠤᠮᠵᠢ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭᠠᠨ ᠤ ᠪᠦᠷᠢᠯᠳᠦᠬᠦᠨ ᠨᠢᠭᠡᠴᠢ ᠪᠤᠯᠬᠤ ᠪᠤᠭᠤᠲᠤ ᠶᠢᠨ ᠪᠦᠷᠢᠨ ᠪᠠᠷᠠᠭᠠᠲᠤ ᠲᠣᠮᠣ ᠠᠰᠠᠷ ᠤᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠣᠮᠫᠠᠨᠢ᠂ ᠹᠦ᠋ ᠯᠦ ᠬᠤᠸᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠵᠡᠷᠭᠡ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ ᠳᠤᠤᠷ᠎ᠠ᠂ ᠰᠠᠨᠠᠭᠠᠴᠢᠯᠠᠭ᠎ᠠ ᠠᠴᠠ ᠪᠠᠨ ᠡᠮᠦᠨ᠎ᠡ ᠹᠷᠣᠨᠲ ᠤᠨ ᠬᠢᠵᠢᠭ ᠢ ᠰᠡᠷᠭᠡᠶᠢᠯᠡᠬᠦ ᠠᠵᠢᠯᠲᠠᠨ ᠳᠤ ᠯᠤᠩᠬᠤ ᠲᠠᠢ ᠤᠰᠤ᠂ ᠲᠥᠬᠦᠮ ᠮᠢᠶᠠᠨᠲ᠋ᠢᠶᠤᠤᠷ᠂ ᠬᠢᠮ᠎ᠠ ᠵᠡᠷᠭᠡ ᠬᠢᠵᠢᠭ ᠢ ᠡᠰᠡᠷᠭᠦᠴᠡᠬᠦ ᠡᠳ᠋ ᠪᠣᠳᠠᠰ ᠢ ᠨᠡᠶᠢᠲᠡ 300 ᠭᠠᠷᠤᠶ ᠬᠠᠶᠢᠷᠴᠠᠭ ᠬᠠᠨᠳᠢᠪᠯᠠᠪᠠ᠃ ᠬᠥᠨᠳᠡᠯᠡᠨ ᠲᠣᠭᠤᠷᠢᠭ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠨᠠᠮ ᠤᠨ ᠪᠠᠶᠢᠭᠤᠯᠤᠯᠲᠠ ᠶᠢᠨ ᠬᠤᠯᠪᠣᠭᠠᠨ ᠤ ᠪᠦᠷᠢᠯᠳᠦᠬᠦᠨ ᠨᠢᠭᠡᠴᠢ ᠪᠤᠯᠬᠤ ᠥᠪᠥᠷ ᠮᠣᠩᠭᠤᠯ ᠤᠨ ᠫᠠᠩ ᠳ᠋ᠦᠨ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠡᠳᠦᠷ ᠪᠦᠷᠢ 100 ᠭᠠᠷᠤᠢ ᠲᠤᠬᠢᠷᠠᠭᠤᠯᠤᠨ ᠬᠦᠷᠭᠡᠬᠦ ᠲᠣᠣᠷ ᠴᠡᠭ ᠲᠤ 300 ᠭᠠᠷᠤᠢ ᠬᠤᠪᠢ ᠬᠠᠭᠠᠰ ᠡᠳ᠋ᠰᠢᠬᠦᠯᠦᠭᠰᠡᠨ ᠨᠣᠭᠤᠭ᠎ᠠ ᠶᠢ ᠲᠤᠬᠢᠷᠠᠭᠤᠯᠤᠨ ᠬᠦᠷᠭᠡᠵᠦ᠂ ᠲᠤᠬᠢᠷᠠᠭᠤᠯᠤᠨ ᠬᠦᠷᠭᠡᠭᠰᠡᠨ ᠬᠤᠭᠤᠯᠠ ᠪᠤᠳᠠᠭ᠎ᠠ 8000 ᠭᠠᠷᠤᠢ ᠬᠤᠪᠢ ᠶᠢ ᠲᠠᠪᠠᠵᠠᠢ᠃ ᠪᠤᠭᠤᠲᠤ ᠬᠤᠲᠠ ᠶᠢᠨ ᠪᠦᠦ ᠯᠢᠩ ᠰᠢᠶᠠᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠨᠢ ᠺᠣᠮᠫᠠᠨᠢ ᠶᠢᠨ ᠲᠠᠪᠴᠠᠩ ᠤᠨ ᠳᠠᠪᠠᠭᠤᠯᠢᠭ ᠢᠶᠠᠨ ᠪᠠᠳᠠᠷᠠᠭᠤᠯᠵᠤ᠂ ᠳᠥᠭᠦᠮ ᠳᠥᠷᠬᠡᠨ᠂ ᠠᠮᠤᠷ ᠲᠦᠪᠰᠢᠨ ︽ᠬᠦᠷᠦᠯᠴᠡᠬᠦ ᠥᠬᠡᠶ ᠪᠠᠷ ᠳᠣᠭᠢᠷᠠᠭᠤᠯᠤᠨ ᠬᠦᠷᠭᠡᠬᠦ︾ ᠵᠠᠭᠪᠤᠷ ᠢᠶᠠᠷ ᠳᠠᠮᠵᠢᠭᠤᠯᠤᠨ ᠰᠠᠭᠤᠭᠠᠯᠢ ᠠᠷᠠᠳ ᠲᠤ ᠢᠳᠡᠰᠢᠨ ᠨᠣᠭᠤᠭᠠᠨ ᠤ ᠪᠠᠭᠯᠠᠭ᠎ᠠ᠂ ᠠᠮᠤ ᠪᠤᠳᠠᠭ᠎ᠠ ᠭᠤᠯᠢᠷ ᠲᠣᠰᠣ ᠵᠡᠷᠭᠡ ︽ᠰᠡᠳᠬᠢᠯ ᠢ ᠲᠤᠯᠠᠭᠠᠴᠠᠭᠤᠯᠤᠬᠰᠠᠨ ᠤᠯᠠᠭᠠᠨ ᠪᠠᠭᠯᠠᠭ᠎ᠠ︾ ᠶᠢ ᠳᠣᠭᠢᠷᠠᠭᠤᠯᠤᠨ ᠬᠦᠷᠭᠡᠵᠦ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠦᠵᠡᠭᠦᠯᠬᠦ ᠬᠢᠵᠢᠭ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号