ᠶᠢᠨ ᠶᠦᠩ ᠯᠢ ᠭᠤᠤᠯᠳᠠᠯᠭ᠎ᠠ ᠲᠠᠢ ᠣᠷᠣᠨ ᠪᠦᠰᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/10/18
    10 ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠤᠷᠢᠳᠴᠢᠯᠠᠨ ᠮᠡᠳᠡᠭᠳᠡᠭᠰᠡᠨ ᠥᠬᠡᠶ ᠪᠠᠷ ᠰᠢᠭᠤᠳ ᠲᠤᠬᠠᠶ ᠶᠢᠨ ᠲᠠᠯᠠᠪᠠᠶ ᠳᠤ ᠬᠦᠷᠴᠦ᠂ ᠬᠡᠰᠡᠭ ᠭᠤᠤᠯᠳᠠᠯᠭ᠎ᠠ ᠲᠠᠢ ᠣᠷᠣᠨ ᠪᠦᠰᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃        ᠶᠢᠨ ᠶᠦᠩ ᠯᠢ ᠤᠷᠢᠳ ᠬᠤᠵᠢᠳ ᠰᠤ᠋ ᠨᠢᠩ ᠶᠠ ᠶᠤᠸᠠᠢ A ᠠᠰᠠᠷ᠂ B  ᠠᠰᠠᠷ ᠵᠢᠴᠢ ᠾᠧ ᠶᠤᠸᠠᠢ ᠨᠡᠶᠢᠲᠡ ᠶᠢᠨ ᠰᠠᠭᠤᠴᠠ᠂  ᠵᠢᠦᠢ ᠷᠠᠨ ᠰᠢᠨ ᠴᠧᠩ᠂ ᠪᠦᠯᠬᠦᠮᠳᠠᠯ 13 ᠳ᠋ᠤᠭᠠᠷ ᠵᠡᠭᠡᠯᠢ ᠭᠤᠳᠤᠮᠵᠢ ᠶᠢᠨ ᠪᠦᠦ ᠭᠠᠩ ᠶᠤᠸᠠᠨ ᠬᠤᠷᠢᠶᠠᠯᠠᠯ᠂ ᠲᠢᠶᠠᠨ ᠼᠢ ᠰᠢᠨ ᠴᠧᠩ᠂ ᠡᠮᠦᠨ᠎ᠡ ᠫᠠᠢ ᠳᠥᠷᠪᠡᠳᠦᠭᠡᠷ ᠳᠤᠭᠤᠶᠢᠯᠠᠩ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠠᠢ ᠳᠤ ᠠᠵᠢᠯᠲᠠᠳ ᠤᠨ ᠵᠢᠵᠢᠭᠦᠷᠯᠡᠨ ᠰᠠᠬᠢᠵᠤ ᠪᠠᠶᠢᠭ᠎ᠠ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ᠂ ᠨᠡᠶᠢᠭᠡᠮ ᠲᠣᠭᠤᠷᠢᠭ ᠤᠨ ᠣᠷᠣᠵᠤ ᠭᠠᠷᠬᠤ ᠶᠢ ᠬᠠᠮᠢᠶᠠᠷᠬᠤ᠂ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠦ ᠪᠠᠶᠢᠭ᠎ᠠ ᠵᠡᠷᠭᠡ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠲᠡᠷᠡ ᠣᠷᠣᠨ ᠪᠦᠰᠡ ᠶᠢᠨ ᠬᠠᠮᠢᠶᠠᠷᠤᠯᠲᠠ ᠡᠵᠡᠮᠳᠡᠯ᠂ ᠪᠥᠭᠡᠮ ᠬᠦᠴᠢᠯ ᠤᠨ ᠪᠠᠶᠢᠴᠠᠭᠠᠯᠲᠠ ᠪᠣᠯᠤᠨ ᠤᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠤᠶᠢᠷ᠎ᠡ ᠶᠢᠨ ᠡᠳᠦᠷ ᠤᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠦᠷᠭᠦᠯᠵᠢᠯᠡᠨ ᠲᠡᠮᠡᠴᠡᠵᠦ ᠪᠠᠶᠢᠭ᠎ᠠ ᠠᠵᠢᠯᠳᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠡᠷᠡᠰ ᠬᠠᠲᠠᠭᠤ ᠲᠡᠮᠡᠴᠡᠯ ᠤᠨ ᠵᠣᠷᠢᠭ ᠰᠠᠨᠠᠭ᠎ᠠ ᠪᠣᠯᠤᠨ ᠴᠦᠬᠦᠷᠡᠰᠢ ᠦᠬᠡᠢ ᠪᠠᠶᠢᠯᠳᠤᠬᠤ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂  ᠡᠷᠡᠯᠬᠡᠭᠯᠡᠨ ᠲᠡᠮᠡᠴᠡᠵᠦ ᠲᠤᠰ ᠪᠡᠶ᠎ᠡ ᠶᠢᠨ ᠰᠡᠷᠭᠡᠶᠢᠯᠡᠯᠲᠡ ᠬᠠᠮᠠᠭᠠᠯᠠᠯᠳᠠ ᠪᠠᠨ ᠴᠢᠩᠭᠠᠳᠬᠠᠬᠤ ᠶᠢᠨ ᠬᠠᠮᠲᠤ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠰᠡᠷᠭᠡᠶᠢᠯᠡᠨ ᠡᠵᠡᠮᠳᠡᠬᠦ ᠲᠣᠣᠷ ᠢ ᠴᠢᠩᠭ᠎ᠠ ᠨᠢᠮᠪᠠᠢ ᠨᠢᠭᠲᠠ ᠰᠦᠯᠵᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃        ᠶᠢᠨ ᠶᠦᠩ ᠯᠢ᠂ ᠣᠳᠣᠬᠠᠨ ᠳᠤ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠨ᠎ᠠ᠂ ᠬᠠᠷᠠᠯᠲᠠ ᠪᠠᠨ ᠨᠢᠬᠳᠠ ᠴᠢᠩᠭ᠎ᠠ ᠠᠳᠬᠤᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠡᠷᠦᠬᠡ ᠨᠢᠭᠡᠪᠦᠷᠢ᠂ ᠬᠥᠮᠦᠨ ᠨᠢᠭᠡᠪᠦᠷᠢ ᠳᠤ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠲᠤᠳᠤᠷ᠎ᠠ ᠬᠠᠯᠳᠠᠪᠤᠷᠢᠯᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠴᠢᠩᠭ᠎ᠠ ᠨᠠᠷᠢᠯᠢᠬᠵᠢᠭᠤᠯᠵᠤ᠂ ᠬᠠᠩᠭᠠᠯᠭ᠎ᠠ ᠶᠢ ᠪᠠᠲᠤᠯᠠᠬᠤ᠂ ᠪᠦᠬᠡᠮ ᠬᠦᠴᠢᠯ ᠤᠨ ᠦᠯᠢᠭᠡᠷ ᠠᠪᠬᠤ᠂ ᠠᠷᠢᠭᠤᠳᠬᠠᠬᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠵᠡᠷᠭᠡ ᠨᠢᠭᠡ ᠴᠤᠬᠴᠠᠵᠢᠭᠤᠯᠤᠬᠰᠠᠨ ᠶᠠᠪᠤᠴᠠ ᠶᠢ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠤᠨ ᠲᠠᠯ᠎ᠠ ᠶᠢᠨ ᠡᠪᠡᠳᠴᠢᠨ ᠤ ᠵᠢᠱᠢᠶ᠎ᠡ ᠶᠢ ᠦᠬᠡᠢ ᠪᠤᠯᠭᠠᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠬᠤᠣᠰ ᠴᠢᠭᠯᠡᠯ ᠢᠶᠠᠷ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠣᠨᠴᠠᠭᠠᠢ ᠬᠥᠮᠦᠰ ᠤᠨ ᠡᠪᠡᠳᠴᠢᠨ ᠦᠵᠡᠭᠦᠯᠬᠦ᠂ ᠰᠡᠳᠬᠢᠴᠡ ᠶᠢᠨ ᠵᠢᠯᠤᠭᠤᠳᠤᠯᠭ᠎ᠠ ᠬᠢᠬᠦ ᠵᠡᠷᠭᠡ ᠠᠰᠠᠭᠤᠳᠠᠯ ᠢ ︽ᠨᠢᠬᠡ ᠨᠢᠬᠡ ᠪᠠᠷ ᠬᠠᠷᠢᠯᠴᠠᠨ︾ ᠰᠢᠢᠳᠪᠦᠷᠢᠯᠡᠵᠦ᠂ ᠤᠯᠠᠨ ᠲᠦᠮᠡᠨ ᠳᠤ ᠦᠨᠡᠨ ᠬᠦ ᠬᠠᠶᠢᠷ᠎ᠠ ᠬᠠᠯᠠᠮᠵᠢ ᠬᠦᠷᠲᠡᠭᠡᠬᠦ ᠬᠡᠷᠡᠭᠲᠡᠢ ᠬᠡᠵᠤ ᠴᠢᠬᠤᠯᠠᠴᠢᠯᠠᠵᠠᠢ᠃      ᠲᠤᠭᠤᠷᠢᠭ ᠤᠨ ᠳᠡᠳ᠋ ᠳᠠᠷᠤᠭ᠎ᠠ ᠵᠠᠶ ᠶᠦᠨ ᡂᠢ ᠪᠠᠷ᠎ᠠ ᠪᠣᠯᠵᠤ ᠪᠠᠶᠢᠴᠠᠭᠠᠪᠠ᠃ ︵ᠰᠤᠷᠪᠤᠯᠵᠢᠯᠠᠭᠴᠢ᠄ ᠹᠧᠩ ᠰᠢᠤᠸᠠᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号