ᠬᠥᠲᠥᠯᠥᠭᠴᠢ᠄ ᠭᠠᠳᠠᠨ᠎ᠠ ᠣᠷᠣᠨ ᠤ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠬᠤᠪᠢ ᠳᠤ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠶᠯ ᠳᠤ ᠣᠷᠣᠯᠴᠠᠬᠤ ᠳᠤ ᠮᠠᠰᠢ ᠳᠥᠭᠦᠮ ᠦᠭᠡᠢ ᠪᠠᠶᠢᠬ᠎ᠠ | ︖ | ᠵᠣᠴᠢᠨ᠄ ᠪᠢᠳᠡ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠪᠥᠬᠦ ᠶᠠᠪᠤᠴᠠ ᠶᠢ ᠡᠯᠧᠺᠲᠷᠤᠨᠴᠢᠯᠠᠵᠤ᠂ ᠳᠠᠭᠠᠭᠠᠴᠢᠯᠠᠯᠲᠠ ᠵᠠᠷᠯᠠᠬᠤ | ᠪᠠ ᠳᠠᠭᠠᠭᠠᠴᠢᠯᠠᠯᠲᠠ ᠬᠦᠯᠢᠶᠡᠬᠦ ᠶᠢᠨ ᠢᠨᠲ᠋ᠧᠷ ᠰᠦᠯᠵᠢᠶ᠎ᠡ ᠯᠦᠭᠡ ᠭᠦᠨᠵᠡᠭᠡᠶ ᠠᠭᠤᠰᠤᠯᠴᠠᠬᠤ ᠶᠢ ᠠᠬᠢᠭᠤᠯᠪᠠ᠃ | ᠬᠡᠷᠪᠡ ᠲᠠ ᠭᠠᠳᠠᠨ᠎ᠠ ᠣᠷᠣᠨ ᠳᠤ ᠪᠠᠶᠢᠪᠠᠯ᠂ ᠰᠢᠭᠤᠳ ᠰᠦᠯᠵᠢᠶᠡᠨ ᠳᠡᠭᠡᠷ᠎ᠡ ᠲᠠᠭᠠᠭᠠᠴᠢᠯᠠᠯᠳᠠ ᠬᠦᠯᠢᠶᠡᠵᠤ | ᠲᠠᠭᠠᠭᠠᠴᠢᠯᠠᠭᠤᠯᠬᠤ ᠪᠢᠴᠢᠭ ᠢᠶᠠᠨ ᠠᠪᠤᠪᠠᠯ ᠪᠤᠯᠴᠢᠬᠠᠨ᠎ᠠ ᠂ ᠡᠨᠡ ᠨᠢ ᠪᠠᠲᠤᠯᠠᠭ᠎ᠠ ᠶᠢᠨ ᠮᠥᠩᠭᠦ ᠬᠤᠷᠢᠶᠠᠬᠤ ᠶᠢ | ᠬᠡᠯᠲᠦᠷᠢᠭᠦᠯᠵᠦ᠂ ᠠᠵᠤ ᠠᠬᠤᠶᠢᠯᠠᠯ ᠤᠨ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠠᠢ᠃ | ᠳᠠᠭᠠᠭᠠᠴᠢᠯᠠᠯᠲᠠ ᠣᠯᠤᠭᠰᠠᠨ ᠦᠷ᠎ᠡ ᠳ᠋ᠦᠩ ᠢ ᠰᠦᠯᠵᠢᠶᠡᠨ ᠳᠡᠭᠡᠷ᠎ᠡ 5 ᠡᠳᠦᠷ ᠨᠡᠶᠢᠲᠡᠯᠡᠭᠰᠡᠨ ᠤ ᠳᠠᠷᠠᠭ᠎ᠠ᠂ ᠲᠠᠷᠤᠢ | ᠬᠤᠳᠠᠯᠳᠤᠨ ᠠᠪᠬᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠵᠦᠶᠯ ᠶᠣᠰᠣᠭᠠᠷ ᠵᠠᠰᠠᠭ ᠤᠨ ᠣᠷᠳᠣᠨ ᠤ | ᠬᠤᠳᠠᠯᠳᠤᠨ ᠠᠪᠬᠤ ᠭᠡᠷ᠎ᠡ ᠲᠣᠭᠲᠠᠵᠤ ᠪᠣᠯᠤᠨ᠎ᠠ᠂ ᠮᠠᠰᠢ ᠳᠥᠭᠦᠮ᠃ | ᠬᠥᠲᠥᠯᠥᠭᠴᠢ᠄ ᠣᠲᠣ ᠤᠴᠢᠷ ᠶᠠᠪᠤᠳᠠᠯ ᠭᠦᠶᠴᠡᠳᠬᠡᠬᠦ ᠳᠤ ︽ᠡᠭᠦᠳᠡ ᠪᠠᠷ ᠨᠢ ᠣᠷᠣᠬᠤ ᠳᠤ ᠪᠡᠷᠬᠡ᠂ ᠴᠢᠷᠠᠶ | ᠦᠵᠡᠬᠦ ᠨᠢ ᠬᠡᠴᠡᠬᠦᠦ︾ ᠭᠡᠵᠦ ᠰᠣᠨᠣᠰᠤᠭᠰᠠᠨ᠂ ᠲᠡᠬᠡᠪᠡᠯ ᠬᠦᠨᠳᠡᠯᠡᠨ ᠲᠤᠭᠤᠷᠢᠭ ᠲᠤ ᠪᠠᠰᠠ ᠡᠶᠢᠮᠦ ᠪᠢᠵᠡ︖ | ᠵᠣᠴᠢᠨ᠄ ᠮᠠᠨ ᠤ ᠬᠥᠨᠳᠡᠯᠡᠨ ᠲᠣᠭᠤᠷᠢᠭ ᠲᠤ ᠡᠶᠢᠮᠦ ᠠᠰᠠᠭᠤᠳᠠᠯ ᠣᠷᠣᠰᠢᠬᠤ ᠥᠬᠡᠶ᠂ ᠪᠢᠳᠡ ᠪᠣᠳᠠᠲᠤ | ᠴᠣᠭᠴᠠ ᠶᠢᠨ ᠲᠢᠩᠬᠢᠮ ᠳᠠᠬᠢ ᠦᠶᠯᠡᠴᠢᠯᠡᠭᠡᠨ ᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠦᠭᠰᠡᠬᠡᠷ ᠢᠷᠡᠵᠤ᠂ | ᠠᠵᠢᠯᠲᠠᠨ ᠤ ᠪᠣᠯᠪᠠᠰᠤᠷᠠᠯ ᠢᠶᠠᠨ ᠴᠢᠩᠭᠠᠳᠬᠠᠨ᠂ ᠰᠠᠶᠢᠨ ᠲᠤᠷᠠᠴᠤᠳ ᠤᠨ ᠦᠶᠯᠡᠴᠢᠯᠡᠭᠡᠨ ᠤ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠪᠠ᠃ ᠪᠢᠳᠡ ᠪᠠᠶᠢᠪᠠᠰᠤ ᠵᠣᠬᠢᠬᠤ ᠵᠦᠶᠯᠡᠰ ᠢ | 100% ᠪᠠᠷ ᠦᠢᠯᠡᠴᠢᠯᠡᠬᠡᠨ ᠤ ᠲᠢᠩᠬᠢᠮ ᠳᠤ ᠣᠷᠣᠭᠤᠯᠬᠤ ᠶᠢ ᠪᠡᠶᠡᠯᠡᠭᠦᠯᠵᠦ᠂ ᠣᠯᠠᠨ ᠲᠦᠮᠡᠨ ᠳᠤ ᠨᠠᠩ | ᠰᠠᠶᠢᠳᠤᠷ ᠦᠶᠯᠡᠴᠢᠯᠡᠬᠦ ᠶᠢᠨ ᠲᠥᠯᠥᠭᠡ ᠪᠢᠳᠡ ︽ᠨᠢᠭᠡ ᠯᠡ ᠤᠳᠠᠭ᠎ᠠ ᠳᠤ ᠲᠤᠳᠤᠷᠬᠠᠢ ᠮᠡᠳᠡᠭᠳᠡᠬᠦ ᠲᠦᠷᠢᠮ︾ ᠪᠠ | ︽ᠠᠩᠬ᠎ᠠ ᠬᠦᠯᠢᠶᠡᠨ ᠠᠪᠤᠬᠰᠠᠨ ᠬᠦᠮᠦᠨ ᠳᠤ ᠬᠠᠷᠢᠭᠤᠴᠠᠯᠭ᠎ᠠ ᠲᠤᠯᠭᠠᠬᠤ ᠲᠦᠷᠢᠮ︾ ᠢ ᠬᠡᠷᠡᠭᠵᠢᠬᠦᠯᠵᠤ᠂ ︽ᠨᠢᠭᠡ | ᠴᠣᠩᠬᠤᠪᠴᠢ ᠮᠠᠶ᠋ᠢᠭ︾ ᠤᠨ ᠦᠶᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠢᠨᠠᠨ ᠵᠥᠪᠰᠢᠶᠡᠷᠡᠬᠦ | ᠠᠵᠢᠯᠲᠠᠨ ᠤ ᠬᠢᠨᠠᠨ ᠵᠥᠪᠰᠢᠶᠡᠷᠡᠬᠦ ᠶᠠᠪᠤᠴᠠ ᠳᠠᠬᠢ ᠪᠡᠶᠡᠴᠢ ᠰᠠᠨᠠᠭ᠎ᠠ᠂ ᠦᠪᠡᠷ ᠤᠨ ᠳᠤᠷ᠎ᠠ ᠪᠠᠷ ᠪᠠᠶᠢᠬᠤ ᠪᠠ | ᠵᠥᠷᠢᠶᠡᠲᠦ ᠴᠢᠨᠠᠷ ᠢ ᠪᠠᠭᠠᠰᠬᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠰᠠᠯᠠᠭ᠎ᠠ ᠮᠦᠴᠢᠷ | ᠢᠯᠭᠠᠬᠤ ᠦᠬᠡᠢ ᠪᠠᠷ ᠶᠡᠷᠦᠩᠬᠡᠶᠢᠯᠡᠨ ᠬᠦᠯᠢᠶᠡᠨ ᠠᠪᠴᠤ ᠰᠢᠶᠳᠪᠦᠷᠢᠯᠡᠬᠦ︾ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ | ᠵᠦᠶᠯᠡᠰ ᠢ ᠪᠥᠬᠦ ᠶᠠᠪᠤᠴᠠ ᠳᠤ ᠰᠦᠯᠵᠢᠶ᠎ᠡ ᠪᠠᠷ ᠭᠦᠶᠴᠡᠳᠬᠡᠬᠦ᠂ ︽ᠬᠠᠪᠰᠤᠷᠤᠨ ᠭᠦᠶᠴᠡᠳᠬᠡᠬᠦ ᠣᠷᠣᠯᠠᠨ | ᠭᠦᠶᠴᠡᠳᠬᠡᠬᠦ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ︽10 ᠮᠢᠨᠦ᠋ᠲ ᠤᠨ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠣᠭᠤᠷᠢᠭ︾ ᠢ ᠪᠠᠶᠢᠭᠤᠯᠪᠠ᠃ | ᠬᠥᠲᠥᠯᠥᠭᠴᠢ᠄ ᠪᠢ ᠪᠣᠯ ᠬᠤᠪᠢ ᠶᠢᠨ ᠡᠷᠦᠬᠡ ᠶᠢᠨ ᠡᠵᠡᠩᠨᠡᠭᠴᠢ᠂ ᠦᠢᠯᠡᠴᠢᠯᠡᠬᠡᠨ ᠤ ᠲᠢᠩᠬᠢᠮ ᠳᠤ ᠬᠦᠷᠴᠦ | ᠤᠴᠢᠷ ᠶᠠᠪᠤᠳᠠᠯ ᠭᠦ᠋ᠶᠢᠴᠡᠳᠬᠡᠬᠦ ᠬᠡᠪᠡᠯ ᠬᠡᠲᠦ ᠤᠳᠠᠭ᠎ᠠ ᠭᠦᠶᠦᠬᠦ ᠴᠢᠬᠤᠯᠠᠲᠠᠶ ᠦᠦ︖ | ᠵᠣᠴᠢᠨ᠄ ᠪᠢᠳᠡ ᠪᠥᠬᠦ ᠶᠠᠪᠤᠴᠠ ᠶᠢᠨ ︽ᠢᠵᠢ ᠦᠶᠯᠡᠴᠢᠯᠡᠭᠡ︾ ᠶᠢ ᠬᠡᠷᠡᠭᠵᠢᠭᠦᠯᠵᠦ᠂ ᠬᠥᠨᠳᠡᠯᠡᠨ | ᠲᠣᠭᠤᠷᠢᠭ ᠤᠨ ᠣᠨᠴᠠᠯᠢᠭ ᠲᠠᠢ ︽ᠢᠵᠢ ᠦᠶᠯᠡᠴᠢᠯᠡᠭᠡ︾ ᠶᠢᠨ ᠵᠦᠶᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠵᠤ | ᠂ ︽ ᠨᠢᠬᠡᠨ ᠬᠤᠪᠢ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ᠂ ᠨᠢᠭᠡ ᠬᠠᠭᠤᠳᠠᠰᠤ ᠭᠤᠶᠤᠴᠢᠯᠠᠬᠤ ᠬᠦᠰᠦᠨᠦᠭᠲᠦ᠂ | ᠨᠢᠭᠡ ᠢᠵᠢ ᠭᠤᠶᠤᠴᠢᠯᠠᠨ ᠮᠡᠳᠡᠬᠦᠯᠬᠦ ᠮᠠᠲ᠋ᠧᠷᠢᠶᠠᠯ︾ ᠤᠨ ᠠᠵᠢᠯᠯᠠᠬᠤ ᠵᠠᠭᠪᠤᠷ ᠢ ᠬᠡᠷᠡᠭᠵᠢᠭᠦᠯᠵᠦ᠂ ︽ᠨᠢᠭᠡ | ᠤᠴᠢᠷ ᠶᠠᠪᠤᠳᠠᠯ ᠳᠤ ᠨᠢᠭᠡ ᠶᠠᠪᠤᠴᠠ︾ ᠶᠢ ᠦᠩᠬᠡᠷᠡᠬᠦᠯᠬᠦ ᠪᠠᠶᠢᠬᠰᠠᠨ ᠢ ︽ᠣᠯᠠᠨ ᠤᠴᠢᠷ ᠶᠠᠪᠤᠳᠠᠯ ᠢ ᠨᠢᠭᠡ | ᠶᠠᠪᠤᠴᠠ︾ ᠳᠤ ᠬᠦᠢᠴᠡᠳᠬᠡᠬᠦ ᠪᠣᠯᠭᠠᠨ ᠬᠤᠪᠢᠷᠠᠭᠤᠯᠵᠤ᠂ ᠤᠴᠢᠷ ᠶᠠᠪᠤᠳᠠᠯ ᠭᠦᠶᠴᠡᠳᠬᠡᠬᠦ ᠬᠡᠯᠬᠢᠶ᠎ᠡ ᠶᠢ ᠤᠯᠠᠮ | ᠨᠢᠭᠡ ᠠᠯᠬᠤᠮ ᠨᠡᠪᠲᠡᠷᠡᠭᠦᠯᠪᠡ᠃ ᠨᠢᠭᠡᠳᠦᠭᠡᠷ ᠪᠦᠯᠦᠭ ᠲᠤ ᠪᠢᠳᠡ 5 ᠵᠦᠶᠯ᠂ ᠲᠠᠷᠤᠢ ︽ᠪᠢ ᠬᠤᠭᠤᠯᠠᠨ ᠬᠡᠷ | ᠨᠡᠭᠡᠭᠡᠨ᠎ᠡ︾ ︽ᠪᠢ ᠲᠡᠷᠭᠡ ᠤᠬᠢᠶᠠᠬᠤ ᠭᠠᠵᠠᠷ ᠡᠷᠬᠢᠯᠡᠨ᠎ᠡ︾ ︽ᠪᠢ ᠡᠮ ᠤᠨ ᠳᠡᠯᠭᠡᠭᠦᠷ ᠨᠡᠭᠡᠭᠡᠨ᠎ᠡ︾ ︽ᠪᠢ | ᠡᠮᠨᠡᠯᠭᠡ ᠶᠢᠨ ᠭᠠᠵᠠᠷ ᠨᠡᠭᠡᠭᠡᠨ᠎ᠡ︾ ︽ᠪᠢ ᠵᠢᠭᠤᠯᠴᠢᠯᠠᠯ ᠤᠨ ᠬᠤᠪᠢᠶᠠᠷᠢ ᠬᠤᠷᠢᠶ᠎ᠠ ᠨᠡᠭᠡᠭᠡᠨ᠎ᠡ︾ ᠭᠡᠬᠦ ᠭᠤᠤᠯ | ᠰᠡᠳᠦᠪᠲᠦ ᠬᠡᠯᠪᠡᠷᠢ ᠶᠢᠨ ᠢᠵᠢ ᠦᠶᠯᠡᠴᠢᠯᠡᠭᠡ ᠳᠤ᠂ ᠢᠵᠢ ᠦᠢᠯᠡᠴᠢᠯᠡᠭᠡ ᠲᠤᠳᠤᠷᠠᠬᠢ ᠬᠠᠷᠢᠯᠴᠠᠨ ᠬᠤᠯᠪᠤᠬᠳᠠᠬᠤ | ᠵᠦᠶᠯ ᠢ ︽ᠬᠠᠮᠲᠤᠷᠠᠭᠤᠯᠤᠨ ᠭᠦᠶᠴᠡᠳᠬᠡᠬᠦ︾ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠶᠡᠭᠡ ᠪᠠᠷ ᠳᠡᠭᠡᠭᠰᠢᠯᠡᠭᠦᠯᠦᠨ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ | ᠭᠦᠶᠦᠯᠬᠡᠬᠦ ᠪᠤᠯᠵᠠᠢ᠃ | ᠬᠥᠲᠥᠯᠥᠭᠴᠢ᠄ ᠡᠩ ᠤᠨ ᠦᠶ᠎ᠡ ᠳᠤ ᠮᠢᠨᠦ ᠠᠵᠢᠯ ᠮᠠᠰᠢ ᠶᠠᠭᠠᠷᠠᠦ᠂ ᠠᠮᠠᠷᠠᠬᠤ ᠡᠳᠦᠷ ᠢᠶᠠᠷ ᠣᠴᠢᠵᠤ | ᠲᠤᠬᠠᠶᠢᠯᠠᠭᠰᠠᠨ ᠠᠵᠢᠯ ᠭᠦᠶᠴᠡᠳᠬᠡᠵᠦ ᠪᠣᠯᠤᠨ᠎ᠠ ᠦᠦ ᠦᠬᠡᠢ ᠤᠤ︖ | ᠵᠣᠴᠢᠨ᠄ ᠪᠢᠳᠡ ᠦᠶᠯᠡᠴᠢᠯᠡᠭᠡᠨ ᠤ ᠤᠶᠢᠯᠠᠭᠠᠬᠳᠠᠬᠤᠨ ᠤ ᠰᠢᠨ᠎ᠡ ᠶᠢ ᠡᠭᠦᠳᠴᠦ᠂ ᠬᠤᠲᠠ ᠶᠢᠨ ᠠᠷᠠᠳ ᠤᠨ | ᠲᠢᠩᠬᠢᠮ ᠤᠨ ᠠᠦ᠋ᠲ᠋ᠤ᠋ ᠦᠶᠯᠡᠴᠢᠯᠡᠬᠦ ᠲᠣᠭᠤᠷᠢᠭ ᠤᠨ ᠲᠤᠬᠠᠶᠢᠯᠠᠭᠰᠠᠨ ᠠᠵᠢᠯ ᠤᠨ ᠲᠥᠷᠥᠯ ᠵᠦᠶᠯ ᠢ ᠥᠷᠭᠡᠳᠬᠡᠨ᠂ | ᠵᠠᠰᠠᠭ ᠤᠨ ᠶᠠᠪᠤᠳᠠᠯ ᠤᠨ ᠦᠶᠯᠡᠴᠢᠯᠡᠬᠦ ᠴᠠᠭ ᠤᠨ ᠬᠢᠵᠠᠭᠠᠷᠯᠠᠯ ᠢ ᠡᠪᠳᠡᠵᠦ᠂ ︽24 ᠴᠠᠭ ᠠᠦ᠋ᠲ᠋ᠤ᠋ ᠪᠠᠷ | ᠭᠦᠶᠴᠡᠳᠬᠡᠵᠦ᠂ 365 ᠡᠳᠦᠷ ᠡᠭᠦᠳᠡ ᠪᠠᠨ ᠬᠠᠭᠠᠬᠤ ᠥᠬᠡᠶ︾ ︽ᠪᠦᠬᠦᠯᠢ ᠡᠳᠦᠷ ᠢᠶᠠᠷ ᠬᠦᠯᠢᠶᠡᠨ ᠠᠪᠴᠤ | ᠰᠢᠢᠳᠪᠦᠷᠢᠯᠡᠬᠦ︾ ᠦᠶᠯᠡᠴᠢᠯᠡᠭᠡ ᠶᠢ ᠪᠡᠶᠡᠯᠡᠭᠦᠯᠦᠨ᠂ ᠺᠣᠮᠫᠢᠦ᠋ᠲ᠋ᠧᠷ᠂ ᠰᠦᠯᠵᠢᠶ᠎ᠡ᠂ ᠠᠦ᠋ᠲ᠋ᠤ᠋ ᠦᠶᠯᠡᠴᠢᠯᠡᠭᠡ᠂ | ᠴᠣᠩᠬᠤᠪᠴᠢ ᠪᠠᠷ ᠦᠢᠯᠡᠴᠢᠯᠡᠬᠦ ᠵᠡᠷᠭᠡ 4 ᠵᠦᠶᠯ ᠤᠨ ᠦᠶᠯᠡᠴᠢᠯᠡᠭᠡᠨ ᠤ ᠠᠷᠭ᠎ᠠ ᠵᠠᠮ ᠢ ᠵᠡᠷᠭᠡᠪᠡᠷ ᠬᠠᠩᠭᠠᠵᠤ᠂ | ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠦᠶᠯᠡᠴᠢᠯᠡᠭᠡᠨ ᠤ ᠠᠭᠤᠰᠤᠯᠴᠠᠯ ᠢ ᠲᠦᠷᠭᠡᠳᠬᠡᠨ᠂ ᠠᠵᠢᠯᠯᠠᠬᠤ | ᠡᠳᠦᠷ ᠭᠡᠰᠡᠨ ᠥᠬᠡᠶ᠂ ᠠᠮᠠᠷᠠᠬᠤ ᠡᠳᠦᠷ ᠭᠡᠰᠡᠨ ᠥᠬᠡᠶ ᠴᠥᠮ ᠬᠡᠵᠢᠶ᠎ᠡ ᠴᠤ ᠬᠡᠰᠡᠨ ᠢᠷᠡᠵᠤ ᠲᠤᠬᠠᠶᠢᠯᠠᠭᠰᠠᠨ | ᠠᠵᠢᠯ ᠭᠦᠶᠴᠡᠳᠬᠡᠵᠦ ᠪᠣᠯᠤᠨ᠎ᠠ᠃ | ᠬᠥᠲᠥᠯᠥᠭᠴᠢ᠄ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠡᠪᠴᠢᠶ᠎ᠡ ᠨᠢ ᠣᠷᠣᠨ ᠪᠦᠰᠡ | ᠠᠯᠤᠰᠯᠠᠭᠰᠠᠨ ᠪᠠᠶᠢᠪᠠᠯ᠂ ᠲᠤᠬᠠᠶᠢᠯᠠᠭᠰᠠᠨ ᠠᠵᠢᠯ ᠢ ᠭᠦᠶᠴᠡᠳᠬᠡᠬᠦ ᠳᠤ ᠮᠠᠰᠢ ᠪᠤᠳᠤᠯᠢᠶᠠᠨᠲᠠᠶ ᠦᠦ︖ | ᠵᠣᠴᠢᠨ᠄ ᠪᠢᠳᠡ ᠣᠳᠣᠬᠠᠨ ᠳᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠥᠬᠦ ᠶᠠᠪᠤᠴᠠ ᠶᠢ ᠰᠦᠯᠵᠢᠶᠡᠨ | ᠳᠡᠭᠡᠷ᠎ᠡ ᠭᠦᠶᠴᠡᠳᠬᠡᠬᠦ ᠶᠢ ᠬᠡᠷᠡᠭᠵᠢᠭᠦᠯᠵᠦ᠂ 90% ᠶᠢᠨ ᠵᠦᠶᠯᠡᠰ ᠢ ᠰᠦᠯᠵᠢᠶᠡᠨ ᠳᠡᠭᠡᠷ᠎ᠡ ᠭᠥᠯᠢᠶᠡᠨ ᠠᠪᠴᠤ | ᠰᠢᠶᠳᠪᠦᠷᠢᠯᠡᠬᠦ ᠶᠢ ᠪᠡᠶᠡᠯᠡᠭᠦᠯᠵᠦ᠂ 4 ᠲᠥᠷᠥᠯ ᠤᠨ 15 ᠵᠦᠶᠯ ᠤᠨ ᠭᠠᠶᠢᠯᠢ ᠳᠤ ᠬᠤᠯᠪᠣᠭᠳᠠᠬᠤ ᠵᠦᠶᠯᠡᠰ ᠢ ᠪᠥᠬᠦ | ᠤᠯᠤᠰ ᠲᠤ ᠭᠠᠵᠠᠷ ᠤᠷᠤᠨ ᠠᠯᠤᠰᠯᠠᠨ ᠨᠡᠶᠢᠳᠡᠮ ᠭᠦᠶᠴᠡᠳᠬᠡᠵᠤ ᠪᠤᠯᠬᠤ ᠰᠠᠭᠤᠷᠢᠨ ᠳᠡᠭᠡᠷ᠎ᠡ᠂ ᠰᠦᠯᠵᠢᠶᠡᠨ ᠲᠡᠭᠡᠷ᠎ᠡ | ᠬᠦᠢᠴᠡᠳᠬᠡᠬᠦ ᠵᠦᠶᠯᠡᠰ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠵᠤ ᠠᠬᠤᠶᠢᠯᠠᠯ ᠳᠤ ᠬᠤᠯᠪᠣᠭᠳᠠᠬᠤ | ᠨᠠᠩ ᠣᠯᠠᠨ ᠵᠦᠶᠯᠡᠰ ᠢ ︽ᠮᠤᠵᠢ ᠠᠯᠤᠰᠯᠠᠨ ᠨᠡᠶᠢᠳᠡᠮ ᠭᠦᠶᠴᠡᠳᠬᠡᠵᠤ ᠪᠤᠯᠬᠤ︾ ᠶᠢ ᠠᠬᠢᠭᠤᠯᠪᠠ᠃ ᠡᠭᠦᠨ ᠤ | ᠬᠠᠮᠲᠤ᠂ ᠪᠤᠭᠤᠲᠤ ᠬᠤᠲᠠ ᠶᠢᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠦᠶᠯᠡᠴᠢᠯᠡᠭᠡᠨ ᠤ ᠲᠠᠪᠴᠠᠩ | ᠤᠨ ᠬᠡᠷᠡᠭᠯᠡᠯᠲᠡ ᠶᠢ ᠢᠳᠡᠪᠬᠢᠲᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ | ᠨᠠᠷᠢᠯᠢᠬᠵᠢᠭᠤᠯᠤᠨ ᠡᠮᠬᠢᠯᠡᠬᠦ ᠠᠵᠢᠯ ᠢ ᠰᠠᠶᠢᠲᠤᠷ ᠬᠢᠵᠦ᠂ ᠭᠤᠶᠤᠴᠢᠯᠠᠬᠤ ᠮᠠᠲ᠋ᠧᠷᠢᠶᠠᠯ ᠢ ᠬᠠᠮᠤᠭ ᠤᠨ ᠵᠢᠵᠢᠭ | ᠮᠥᠬᠦᠯᠢᠭᠵᠢᠭᠦᠯᠦᠨ ᠵᠠᠳᠠᠯᠬᠤ ᠶᠢ ᠦᠨᠡᠨᠬᠦ ᠪᠠᠲᠤᠯᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠤᠭ᠎ᠠ | ᠪᠠᠷᠢᠮᠲᠠ ᠶᠢ ᠬᠠᠮᠲᠤᠪᠠᠷ ᠡᠳ᠋ᠯᠡᠬᠦ ᠬᠠᠷᠢᠭᠤᠴᠠᠯᠭ᠎ᠠ ᠶᠢᠨ ᠨᠠᠷᠢᠨ ᠲᠡᠩᠰᠠ ᠶᠢ ᠲᠣᠭᠲᠠᠭᠠᠵᠤ᠂ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠤᠭ᠎ᠠ ᠪᠠᠷᠢᠮᠲᠠ ᠶᠢ ᠬᠠᠷᠢᠯᠴᠠᠨ ᠬᠤᠯᠪᠤᠵᠤ ᠬᠠᠮᠲᠤᠪᠠᠷ ᠬᠡᠷᠡᠭᠯᠡᠬᠦ ᠶᠢ ᠠᠬᠢᠭᠤᠯᠵᠤ᠂ ︽ᠲᠠᠪᠤ ᠶᠢ | ᠨᠢᠭᠡᠳᠦᠯᠲᠡᠶ ᠪᠤᠯᠭᠠᠬᠤ︾ ᠂ ᠲᠤᠬᠠᠶᠢᠯᠠᠪᠠᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠬᠥᠮᠥᠷᠭᠡ ᠶᠢ | ᠨᠢᠬᠡᠳᠦᠯᠳᠡᠢ ᠪᠤᠯᠭᠠᠬᠤ᠂ ᠡᠯᠧᠺᠲᠷᠣᠨ ᠦᠨᠡᠮᠯᠡᠯ ᠤᠨ ᠬᠥᠮᠥᠷᠭᠡ ᠶᠢ ᠨᠢᠭᠡᠳᠦᠯᠲᠡᠶ ᠪᠤᠯᠭᠠᠬᠤ᠂ ᠡᠯᠧᠺᠲᠷᠣᠨ ᠲᠠᠮᠠᠭ᠎ᠠ | ᠶᠢ ᠨᠢᠭᠡᠳᠦᠯᠲᠡᠶ ᠪᠤᠯᠭᠠᠬᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ ᠶᠢ ᠨᠢᠭᠡᠳᠦᠯᠲᠡᠶ ᠪᠤᠯᠭᠠᠬᠤ᠂ | ᠪᠡᠶ᠎ᠡ ᠶᠢᠨ ᠭᠠᠷᠤᠯ ᠤᠨ ᠬᠢᠨᠡᠨ ᠭᠡᠷᠡᠴᠢᠯᠡᠭᠡ ᠶᠢ ᠨᠢᠭᠡᠳᠦᠯᠲᠡᠶ ᠪᠤᠯᠭᠠᠬᠤ ᠶᠢ ᠪᠦᠬᠦ ᠲᠠᠯ᠎ᠠ ᠪᠠᠷ ᠪᠡᠶᠡᠯᠡᠬᠦᠯᠵᠤ᠂ | 100% ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠠᠯᠠᠭᠠᠨ ᠳᠡᠭᠡᠷ᠎ᠡ ᠪᠠᠨ ᠭᠦᠶᠴᠡᠳᠬᠡᠬᠦ᠂ | ᠬᠤᠷᠤᠭᠤ ᠪᠠᠷ ᠢᠶᠠᠨ ᠭᠦᠶᠴᠡᠳᠬᠡᠬᠦ︾ ᠶᠢ ᠪᠡᠶᠡᠯᠡᠭᠦᠯᠵᠠᠢ᠃ | ᠬᠥᠲᠥᠯᠥᠭᠴᠢ᠄ ᠠᠵᠤ ᠠᠬᠤᠶᠢᠯᠠᠯ ᠬᠡᠷᠪᠡ ᠡᠳᠦᠷ ᠲᠤᠲᠤᠮ ᠤᠨ ᠡᠵᠡᠩᠨᠡᠯᠲᠡ ᠳᠤᠮᠳᠠ ᠪᠠᠨ ᠬᠦᠴᠢᠷ | ᠠᠰᠠᠭᠤᠳᠠᠯ ᠳᠤ ᠲᠤᠯᠭᠠᠷᠠᠪᠠᠯ ᠶᠠᠭᠠᠬᠢᠪᠠᠯ ᠵᠤᠬᠢᠬᠤ ᠪᠣᠶ︖ | ᠵᠣᠴᠢᠨ᠄ ᠪᠢᠳᠡ ᠣᠲᠣ ᠶᠠᠭ ᠠᠵᠢᠯ ᠤᠨ ᠰᠤᠷᠲᠠᠯ ᠢᠶᠠᠨ ᠬᠤᠪᠢᠷᠠᠭᠤᠯᠬᠤ ᠪᠠᠷ ᠳᠠᠮᠵᠢᠭᠤᠯᠤᠨ | ᠦᠶᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠪᠠᠶᠢᠨ᠎ᠠ᠃ ᠪᠥᠬᠦ ᠲᠤᠭᠤᠷᠢᠭ ᠤᠨ ᠬᠡᠪᠴᠢᠶᠡᠨ ᠳᠤ ︽ | ᠰᠤᠷᠤᠯᠴᠠᠯᠭ᠎ᠠ ᠪᠠᠨ ᠴᠢᠩᠭᠠᠳᠬᠠᠬᠤ᠂ ᠦᠶᠯᠡᠴᠢᠯᠡᠭᠡ ᠪᠠᠨ ᠰᠢᠯᠢᠳᠡᠭᠵᠢᠭᠦᠯᠬᠦ᠂ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ᠂ ᠰᠤᠷᠲᠠᠯ ᠢᠶᠠᠨ ᠬᠤᠪᠢᠷᠠᠭᠤᠯᠬᠤ ᠲᠤᠰᠬᠠᠶ ᠠᠵᠢᠯᠯᠠᠭ᠎ᠠ︾ ᠪᠠ ︽ᠭᠤᠤᠯ ᠤᠳᠤᠷᠢᠳᠤᠯᠭ᠎ᠠ | ᠲᠢᠩᠬᠢᠮ ᠳᠤ ᠣᠷᠣᠬᠤ︾ ᠠᠵᠢᠯᠯᠠᠭ᠎ᠠ ᠶᠢ ᠥᠷᠨᠢᠭᠦᠯᠪᠡ᠃ ᠲᠤᠰᠬᠠᠶ ᠠᠵᠢᠯᠯᠠᠭ᠎ᠠ ᠪᠠᠷ ᠳᠡᠮᠵᠢᠨ ᠦᠪᠡᠷ ᠢᠶᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠭᠤᠤᠯ ᠤᠳᠤᠷᠢᠳᠤᠯᠭ᠎ᠠ ᠬᠤᠲᠠ ᠶᠢᠨ ᠠᠷᠠᠳ ᠤᠨ ᠲᠢᠩᠬᠢᠮ ᠳᠤ ᠣᠷᠣᠬᠤ᠂ ᠡᠯ᠎ᠡ ᠵᠡᠭᠡᠯᠢ ᠭᠤᠳᠤᠮᠵᠢ ᠪᠠᠯᠭᠠᠰᠤᠨ ᠤ | ᠭᠤᠤᠯ ᠬᠠᠷᠢᠭᠤᠴᠠᠯᠭᠠᠲᠠᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠲᠤ ᠣᠷᠣᠬᠤ ᠪᠠᠷ | ᠲᠡᠮᠵᠢᠭᠤᠯᠤᠨ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ᠂ ᠠᠰᠠᠭᠤᠳᠠᠯ ᠢ ᠰᠢᠶᠳᠪᠦᠷᠢᠯᠡᠵᠦ᠂ ᠰᠤᠷᠲᠠᠯ ᠢᠶᠠᠨ | ᠰᠠᠶᠢᠵᠢᠷᠠᠭᠤᠯᠤᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠡᠭᠦᠨ ᠤ ᠬᠠᠮᠲᠤ᠂ ᠠᠵᠤ | ᠠᠬᠤᠶᠢᠯᠠᠯ ᠳᠤ ᠦᠶᠯᠡᠴᠢᠯᠡᠬᠦ ᠪᠠᠨ ᠴᠢᠩᠭᠠᠳᠬᠠᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ | ᠦᠶᠯᠡᠴᠢᠯᠡᠭᠡᠨ ᠤ ᠲᠠᠪᠴᠠᠩ ᠤᠨ ᠦᠶᠯᠡᠳᠦᠯ ᠢ ᠭᠦᠶᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠲᠤᠰᠬᠠᠭᠰᠠᠨ | ᠠᠰᠠᠭᠤᠳᠠᠯ᠂ ᠰᠠᠨᠠᠯ᠂ ᠰᠠᠨᠠᠭᠤᠯᠭ᠎ᠠ ᠶᠢ ᠲᠣᠬᠢᠲᠠᠶ ᠰᠢᠶᠳᠪᠦᠷᠢᠯᠡᠵᠦ᠂ ᠱᠠᠯᠠᠪᠳᠠᠭᠤᠯᠤᠨ ᠭᠦᠶᠴᠡᠳᠬᠡᠯᠬᠡᠬᠦ᠂ ᠬᠠᠷᠢᠭᠤ | ᠲᠤᠰᠬᠠᠬᠤ᠂ ᠨᠡᠶᠢᠳᠡᠯᠡᠨ ᠮᠡᠳᠡᠭᠳᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠢ ᠬᠠᠪᠰᠤᠷᠤᠨ | ᠬᠥᠭᠵᠢᠯᠲᠡ ᠶᠢᠨ ᠲᠤᠮᠳᠠᠬᠢ ᠬᠦᠴᠢᠷ ᠠᠰᠠᠭᠤᠳᠠᠯ ᠢ ᠨᠢ ᠰᠢᠶᠳᠪᠦᠷᠢᠯᠡᠨ ᠦᠭᠴᠦ ᠪᠤᠢ᠃ | ᠬᠥᠲᠥᠯᠥᠭᠴᠢ᠄ ᠬᠡᠷᠪᠡ ᠪᠢ ᠬᠥᠨᠳᠡᠯᠡᠨ ᠲᠣᠭᠤᠷᠢᠭ ᠤᠨ ᠬᠦᠷᠢᠶᠡᠯᠡᠩ ᠲᠣᠭᠤᠷᠢᠭ ᠲᠤ ᠨᠤᠲᠤᠭᠰᠢᠬᠤ | ᠰᠠᠨᠠᠭ᠎ᠠ ᠲᠠᠢ ᠪᠣᠯ ᠶᠠᠮᠠᠷ ᠶᠠᠮᠠᠷ ᠦᠶᠯᠡᠴᠢᠯᠡᠭᠡ ᠶᠢ ᠤᠯᠵᠤ ᠭᠥᠷᠳᠡᠬᠦ ᠪᠣᠶ︖ | ᠵᠣᠴᠢᠨ᠄ ᠡᠩ ᠲᠡᠷᠢᠭᠦᠨ ᠳᠤ ᠲᠡᠨ ᠤ ᠬᠥᠨᠳᠡᠯᠡᠨ ᠲᠣᠭᠤᠷᠢᠭ ᠤᠨ ᠬᠦᠷᠢᠶᠡᠯᠡᠩ ᠲᠣᠭᠤᠷᠢᠭ ᠲᠤ ᠢᠷᠡᠵᠤ | ᠨᠤᠳᠤᠬᠰᠢᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠶᠠᠭ ᠬᠦᠷᠢᠶᠡᠯᠡᠩ ᠲᠣᠭᠤᠷᠢᠭ ᠤᠨ ︽ᠲᠥᠷᠥᠯ ᠵᠦᠶᠯ ᠤᠨ | ᠦᠶᠯᠡᠴᠢᠯᠡᠭᠡᠨ ᠤ ᠲᠥᠪ︾ ᠤᠨ ᠦᠢᠯᠡᠳᠦᠯ ᠴᠢᠳᠠᠮᠵᠢ ᠶᠢ ᠥᠷᠭᠡᠳᠬᠡᠵᠦ᠂ ︽ᠨᠢᠭᠡ ᠴᠣᠩᠬᠤᠪᠴᠢ ᠮᠠᠶ᠋ᠢᠭ︾ ᠤᠨ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠣᠩᠬᠤᠪᠴᠢ ᠶᠢ ᠡᠮᠦᠨᠡᠰᠢᠯᠡᠬᠦᠯᠵᠤ᠂ ᠬᠦᠷᠢᠶᠡᠯᠡᠩ ᠲᠣᠭᠤᠷᠢᠭ ᠤᠨ | ᠠᠵᠤ ᠠᠬᠤᠶᠢᠯᠠᠯ ᠤᠨ ᠠᠵᠢᠯ ᠶᠠᠪᠤᠳᠠᠯ ᠭᠦᠶᠴᠡᠳᠬᠡᠬᠦ ᠥᠨᠳᠥᠷ ᠳᠠᠪᠲᠠᠮᠵᠢᠲᠤ ᠵᠦᠶᠯᠡᠰ ᠢ ᠰᠣᠩᠭᠤᠨ ᠠᠪᠴᠤ | ᠲᠦᠷᠦᠭᠦᠦ ᠪᠦᠯᠦᠭ ᠤᠨ ᠵᠦᠢᠯᠡᠰ ᠤᠷᠤᠵᠤ ᠰᠠᠭᠤᠬᠤ ᠶᠢ ᠭᠥᠯᠢᠶᠡᠨ ᠠᠪᠴᠤ ᠰᠢᠶᠳᠪᠦᠷᠢᠯᠡᠬᠦ ᠴᠡᠭ ᠪᠣᠯᠭᠠᠵᠤ᠂ ︽ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ | ᠤᠴᠢᠷ ᠶᠠᠪᠤᠳᠠᠯ ᠢ ᠪᠥᠬᠦ ᠶᠠᠪᠤᠴᠠ ᠳᠤ ᠰᠦᠯᠵᠢᠶᠠᠨ ᠭᠠᠳᠠᠨ᠎ᠠ ᠰᠦᠯᠵᠢᠶᠡᠨ ᠲᠡᠭᠡᠷ᠎ᠡ ᠬᠢᠨᠠᠨ ᠵᠥᠪᠰᠢᠶᠡᠷᠡᠬᠦ ᠶᠢ | ᠪᠡᠶᠡᠯᠡᠭᠦᠯᠵᠦ᠂ ︽ᠠᠵᠢᠯ ᠶᠠᠪᠤᠳᠠᠯ ᠭᠦᠶᠴᠡᠳᠬᠡᠬᠦ ᠳᠤ ᠬᠦᠷᠢᠶᠡᠯᠡᠩ ᠲᠣᠭᠤᠷᠢᠭ ᠠᠴᠠ ᠭᠠᠷᠬᠤ ᠥᠬᠡᠶ︾ | ᠦᠶᠯᠡᠴᠢᠯᠡᠭᠡᠨ ᠤ ᠰᠢᠨ᠎ᠡ ᠵᠠᠭᠪᠤᠷ ᠢ ᠡᠬᠦᠳᠴᠦ᠂ ᠲᠥᠷᠥᠯ ᠵᠦᠶᠯ ᠤᠨ ᠨᠤᠳᠤᠬᠰᠢᠬᠤ᠂ ᠠᠵᠤ ᠠᠬᠤᠶᠢᠯᠠᠯ ᠤᠨ | ᠣᠷᠣᠵᠤ ᠰᠠᠭᠤᠬᠤ ᠳᠤ ︽ ᠵᠠᠷᠤᠴᠠ︾ ᠂ ︽ ᠠᠰᠠᠷᠠᠬᠴᠢ ᠶᠢᠨ ᠮᠠᠶ᠋ᠢᠭ︾ ᠤᠨ ᠦᠢᠯᠡᠴᠢᠯᠡᠭᠡ ᠶᠢ ᠬᠠᠩᠭᠠᠵᠤ | ᠦᠭᠭᠦᠨ᠎ᠡ᠃ |