| ︽ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ᠶᠢ | ᠨᠡᠶᠢᠳᠡᠮ ᠬᠡᠷᠡᠭᠯᠡᠬᠦ ᠨᠡᠶᠢᠳᠡᠮ ᠰᠣᠯᠢᠬᠤ ᠲᠤᠬᠠᠶ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠬᠦᠯᠬᠦ︶︾ ᠶᠢ | ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | | ᠲᠤᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ | ᠠᠵᠢᠯ ᠦᠶᠯᠡᠰ ᠤᠨ ᠨᠢᠬᠡᠴᠢ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠨᠢᠬᠡᠴᠢ ᠳᠤ᠄ | ᠡᠳᠦᠭᠡ ︽ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠡᠮᠳᠡᠭᠲᠦ ᠶᠢ ᠨᠡᠶᠢᠳᠡᠮ ᠬᠡᠷᠡᠭᠯᠡᠬᠦ ᠨᠡᠶᠢᠳᠡᠮ ᠰᠤᠯᠢᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ | ᠶᠢ ᠲᠠᠨᠠᠷ ᠲᠤ ᠳᠠᠷᠤᠮᠠᠯᠯᠠᠨ ᠦᠭᠬᠦᠯ᠎ᠡ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ | ᠵᠢᠷᠤᠮᠯᠠᠨ ᠬᠡᠷᠡᠭᠵᠢᠭᠦᠯᠦᠬᠡᠷᠡᠢ᠃ | ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠬᠥᠨᠳᠡᠯᠡᠨ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ | 2022 ᠣᠨ ᠤ 7 ᠰᠠᠷ᠎ᠠ ᠶᠢᠨ 7 ᠤ ᠡᠳᠦᠷ | | ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ᠶᠢ | ᠨᠡᠶᠢᠳᠡᠮ ᠬᠡᠷᠡᠭᠯᠡᠬᠦ ᠨᠠᠶᠢᠳᠠᠮ ᠰᠤᠯᠢᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ︽︿ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ | ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠥᠪᠥᠷ ᠮᠤᠩᠭᠤᠯ ᠤᠨ ᠨᠠᠮ ᠤᠨ ᠬᠤᠷᠢᠶ᠎ᠠ | ᠲᠠᠷᠤᠮᠠᠯᠯᠠᠨ ᠲᠠᠷᠬᠠᠭᠠᠪᠠ〔2020〕17 ᠲᠣᠭᠠᠲᠤ︶᠂ ︽ᠪᠤᠭᠤᠲᠤ ᠬᠤᠲᠠ ᠶᠢᠨ ︿ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠨᠠᠶᠢᠳᠠᠪᠤᠷᠢᠵᠢᠭᠤᠯᠵᠤ ᠣᠷᠣᠨ | ᠪᠦᠰᠡ ᠶᠢᠨ ᠴᠢᠨᠠᠷᠲᠠᠶ ᠰᠢᠨ᠎ᠡ ᠶᠢ ᠡᠭᠦᠳᠬᠦ ᠲᠥᠪ ᠢ ᠡᠬᠦᠳᠬᠦ ᠬᠤᠷᠢᠨ ᠲᠠᠪᠤᠨ ᠵᠤᠷᠪᠤᠰ ᠲᠥᠷᠥ ᠶᠢᠨ ᠪᠣᠳᠣᠯᠭ᠎ᠠ | ᠶᠢᠨ ᠠᠷᠭ᠎ᠠ ᠬᠡᠮᠵᠢᠶ᠎ᠡ︾ ︵ᠪᠤᠭᠤᠲᠤ ᠬᠤᠳᠠ ᠶᠢᠨ ᠨᠠᠮ ᠤᠨ ᠬᠤᠷᠢᠶ᠎ᠠ ᠲᠠᠷᠤᠮᠠᠯᠯᠠᠨ ᠲᠠᠷᠬᠠᠭᠠᠪᠠ | 〔2021〕24 ᠲᠣᠭᠠᠲᠤ︶᠂ ︽ᠬᠥᠨᠳᠡᠯᠡᠨ ᠲᠣᠭᠤᠷᠢᠭ ᠤᠨ ︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠨᠠᠶᠢᠳᠠᠪᠤᠷᠢᠵᠢᠭᠤᠯᠵᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ | ᠬᠦᠨᠳᠡᠯᠡᠨ ᠲᠤᠭᠤᠷᠢᠭ ᠤᠨ ᠨᠠᠮ ᠤᠨ ᠬᠤᠷᠢᠶ᠎ᠠ ᠲᠠᠷᠤᠮᠠᠯᠯᠠᠨ ᠲᠠᠷᠬᠠᠭᠠᠪᠠ〔2021〕61 ᠲᠣᠭᠠᠲᠤ︶ ᠵᠡᠷᠭᠡ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠤᠯᠭᠠᠬᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠤ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠨ᠂ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠣᠭᠤᠳᠴᠤ | ᠵᠣᠷᠢᠭᠵᠢᠭᠤᠯᠬᠤ ᠶᠢᠨ ᠲᠦᠯᠦᠬᠡ᠂ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ︵ᠳᠣᠷᠣᠭᠰᠢ ︽ᠰᠢᠨ᠎ᠡ ᠶᠢ ᠡᠭᠦᠳᠬᠦ ᠲᠡᠮᠳᠡᠭᠲᠦ︾ | ᠭᠡᠵᠦ ᠲᠣᠪᠴᠢᠯᠠᠨ᠎ᠠ︶ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠲᠣᠭᠲᠠᠪᠠ᠃ | ᠬᠤᠶᠠᠳᠤᠭᠠᠷ ᠵᠦᠢᠯ ᠰᠢᠨ᠎ᠡ ᠶᠢ ᠡᠭᠦᠳᠬᠦ ᠲᠡᠮᠳᠡᠭᠲᠦ ᠭᠡᠳᠡᠭ ᠨᠢ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠪᠡᠯᠡ ᠮᠥᠩᠭᠦ ᠶᠢ ᠠᠰᠢᠭᠯᠠᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠷᠡᠭᠯᠡᠬᠦᠷ ᠢ ᠵᠢᠭᠠᠵᠤ ᠪᠤᠢ᠃ | ᠭᠤᠷᠪᠠᠳᠤᠭᠠᠷ ᠵᠦᠢᠯ ᠰᠢᠨ᠎ᠡ ᠶᠢ ᠡᠭᠦᠳᠬᠦ ᠲᠡᠮᠳᠡᠭᠲᠦ ᠶᠢᠨ ᠬᠡᠷᠡᠭᠯᠡᠯᠲᠡ ᠪᠠ ᠬᠠᠮᠢᠶᠠᠷᠤᠯᠲᠠ ᠳᠤ ᠬᠠᠤᠯᠢ | ᠶᠣᠰᠣᠭᠠᠷ ᠬᠠᠮᠢᠶᠠᠷᠬᠤ᠂ ᠥᠷᠭᠡᠨ ᠢᠶᠠᠷ ᠬᠥᠲᠥᠯᠥᠨ ᠵᠢᠯᠣᠭᠤᠳᠬᠤ᠂ ᠰᠢᠯᠢᠳᠡᠭ ᠢ ᠨᠢ ᠰᠣᠩᠭᠤᠨ ᠳᠡᠮᠵᠢᠬᠦ᠂ | ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠲᠤᠰᠬᠠᠶ ᠵᠣᠭᠤᠰ ᠢ ᠲᠤᠰᠬᠠᠶ ᠭᠠᠵᠠᠷ ᠲᠤ ᠬᠡᠷᠡᠭᠯᠡᠬᠦ ᠵᠠᠷᠴᠢᠮ ᠢ | ᠪᠠᠷᠢᠮᠲᠠᠯᠠᠨ᠎ᠠ᠃ | ᠬᠤᠶᠠᠳᠤᠭᠠᠷ ᠪᠦᠯᠦᠭ ᠬᠠᠮᠢᠶᠠᠷᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ | ᠳᠥᠷᠪᠡᠳᠦᠭᠡᠷ ᠵᠦᠶᠯ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ | ᠲᠤᠭᠤᠷᠢᠭ ᠤᠨ ᠳᠡᠳ᠋ ᠳᠠᠷᠤᠭ᠎ᠠ ᠲᠦᠷᠦᠭᠦᠯᠡᠨ ᠬᠠᠮᠢᠶᠠᠷᠴᠤ ᠰᠢᠯᠭᠠᠨ ᠦᠨᠡᠯᠡᠬᠦ ᠠᠯᠪᠠᠨ ᠬᠡᠷ ᠢ ᠪᠠᠶᠢᠭᠤᠯᠵᠤ᠂ | ᠰᠢᠨ᠎ᠡ ᠶᠢ ᠡᠭᠦᠳᠬᠦ ᠲᠡᠮᠳᠡᠭᠲᠦ ᠳᠤ ᠬᠢᠨᠠᠯᠲᠠ ᠲᠠᠯᠪᠢᠬᠤ᠂ ᠬᠠᠮᠢᠶᠠᠷᠬᠤ ᠪᠠ ᠰᠢᠯᠭᠠᠨ ᠦᠨᠡᠯᠡᠬᠦ ᠶᠢ ᠬᠠᠷᠢᠭᠤᠴᠠᠨ᠎ᠠ᠃ | ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠰᠢᠨ᠎ᠡ ᠶᠢ ᠡᠭᠦᠳᠬᠦ | ᠲᠡᠮᠳᠡᠭᠲᠦ ᠶᠢᠨ ᠲᠥᠷᠥ ᠶᠢᠨ ᠪᠣᠳᠣᠯᠭ᠎ᠠ᠂ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢ ᠬᠠᠷᠢᠭᠤᠴᠠᠨ᠎ᠠ︔ | ᠬᠥᠨᠳᠡᠯᠡᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠡᠯᠡ ᠮᠥᠩᠭᠦ ᠶᠢᠨ ᠲᠥᠰᠦᠪ ᠢ ᠨᠠᠶᠢᠷᠠᠭᠤᠯᠤᠨ | ᠵᠣᠬᠢᠶᠠᠬᠤ ᠪᠠ ᠬᠡᠷᠡᠭᠵᠢᠭᠦᠯᠬᠦ ᠶᠢ ᠬᠠᠷᠢᠭᠤᠴᠠᠨ᠎ᠠ᠃ | ᠲᠠᠪᠤᠳᠤᠭᠠᠷ ᠵᠦᠶᠯ ᠥᠪᠥᠷ ᠮᠣᠩᠭᠤᠯ ᠤᠨ ᠰᠠᠨ ᠪᠠᠢ ᠯᠢᠦ ᠱᠢ ᠳ᠋ᠦ᠋ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠤᠯᠤᠰ ᠤᠨ ᠮᠡᠷᠭᠡᠵᠢᠯ ᠰᠢᠯᠵᠢᠭᠦᠯᠬᠦ ᠵᠡᠭᠦᠨ ᠬᠡᠰᠡᠭ ᠤᠨ ᠲᠥᠪ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ᠶᠢᠨ ᠡᠵᠡᠩᠨᠡᠯᠲᠡ ᠬᠠᠮᠢᠶᠠᠷᠤᠯᠲᠠ ᠶᠢᠨ | ᠲᠥᠪ ᠪᠤᠯ ᠭᠤᠷᠪᠠᠳᠠᠬᠢ ᠡᠲᠡᠭᠡᠳ ᠤᠨ ᠡᠵᠡᠩᠨᠡᠯᠲᠡ ᠬᠠᠮᠢᠶᠠᠷᠤᠯᠲᠠ ᠶᠢᠨ ᠭᠤᠤᠯ ᠴᠣᠭᠴᠠ ᠪᠠᠶᠢᠵᠤ᠂ ᠰᠢᠨ᠎ᠡ ᠶᠢ | ᠡᠭᠦᠳᠬᠦ ᠲᠡᠮᠳᠡᠭᠲᠦ ᠶᠢ ᠤᠬᠠᠭᠤᠯᠤᠨ ᠳᠡᠯᠭᠡᠷᠡᠭᠦᠯᠬᠦ᠂ ᠠᠵᠤ ᠠᠬᠤᠶᠢᠯᠠᠯ ᠳᠤ ᠦᠶᠯᠡᠴᠢᠯᠡᠬᠦ᠂ ᠭᠤᠶᠤᠴᠢᠯᠠᠨ ᠠᠪᠴᠤ | ᠬᠡᠷᠡᠭᠯᠡᠬᠦ ᠵᠢᠴᠢ ᠪᠠᠯᠠ ᠮᠥᠩᠭᠦ ᠶᠢ ᠰᠣᠯᠢᠵᠤ ᠥᠭᠬᠦ ᠵᠡᠷᠭᠡ ᠡᠳᠦᠷ ᠲᠤᠲᠤᠮ ᠤᠨ ᠦᠶᠯᠡᠴᠢᠯᠡᠭᠡ ᠪᠠ ᠪᠣᠳᠠᠲᠠᠶ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠭᠤᠷᠪᠠᠳᠤᠭᠠᠷ ᠪᠦᠯᠦᠭ ᠰᠢᠨ᠎ᠡ ᠶᠢ ᠡᠭᠦᠳᠬᠦ ᠲᠡᠮᠳᠡᠭᠲᠦ ᠶᠢ ᠲᠥᠷᠥᠯ ᠬᠤᠪᠢᠶᠠᠬᠤ ᠵᠢᠴᠢ ᠳᠡᠮᠵᠢᠬᠦ ᠡᠲᠡᠭᠡᠳ | | ᠵᠢᠷᠭᠤᠳᠤᠭᠠᠷ ᠵᠦᠢᠯ ᠰᠢᠨ᠎ᠡ ᠶᠢ ᠡᠭᠦᠳᠬᠦ ᠲᠡᠮᠳᠡᠭᠲᠦ ᠶᠢ ᠦᠢᠯᠡᠴᠢᠯᠡᠭᠡᠨ ᠤ ᠲᠦᠷᠦᠯ ᠤᠨ ᠰᠢᠨ᠎ᠡ ᠶᠢ | ᠡᠭᠦᠳᠬᠦ ᠲᠡᠮᠳᠡᠭᠲᠦ ᠪᠠ ᠱᠠᠩᠨᠠᠬᠤ ᠲᠦᠷᠦᠯ ᠤᠨ ᠰᠢᠨ᠎ᠡ ᠶᠢ ᠡᠭᠦᠳᠬᠦ ᠲᠡᠮᠳᠡᠭᠲᠦ ᠭᠡᠵᠦ ᠬᠤᠪᠢᠶᠠᠨ᠎ᠠ᠃ ᠡᠭᠦᠨ ᠳᠤ᠂ | ᠦᠶᠯᠡᠴᠢᠯᠡᠭᠡᠨ ᠤ ᠲᠥᠷᠥᠯ ᠤᠨ ᠰᠢᠨ᠎ᠡ ᠶᠢ ᠡᠭᠦᠳᠬᠦ ᠲᠡᠮᠳᠡᠭᠲᠦ ᠶᠢ ᠬᠥᠲᠥᠯᠦᠨ ᠵᠢᠯᠣᠭᠤᠳᠬᠤ ᠲᠡᠮᠳᠡᠭᠲᠦ᠂ ᠨᠡᠶᠢᠳᠡᠮ | ᠬᠡᠷᠡᠭᠯᠡᠬᠦ ᠲᠡᠮᠳᠡᠭᠲᠦ᠂ ᠤᠨᠴᠠᠯᠢᠭᠳᠤ ᠲᠡᠮᠳᠡᠭᠲᠦ ᠭᠡᠵᠦ ᠬᠤᠪᠢᠶᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠤᠨ ᠦᠶᠯᠡᠴᠢᠯᠡᠭᠡᠨ ᠤ ᠪᠠᠶᠢᠭᠤᠯᠤᠮᠵᠢ ᠠᠴᠠ ᠲᠤᠰᠬᠠᠶ ᠮᠡᠷᠭᠡᠵᠢᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠶᠯᠡᠴᠢᠯᠡᠭᠡ ᠬᠤᠳᠠᠯᠳᠤᠨ ᠠᠪᠬᠤ ᠶᠢ ᠭᠤᠤᠯᠳᠠᠯᠭ᠎ᠠ ᠲᠠᠢ ᠳᠡᠮᠵᠢᠨ᠎ᠡ︔ | ᠱᠠᠩᠨᠠᠬᠤ ᠲᠥᠷᠥᠯ ᠤᠨ ᠰᠢᠨ᠎ᠡ ᠶᠢ ᠡᠭᠦᠳᠬᠦ ᠲᠡᠮᠳᠡᠭᠲᠦ ᠶᠢ ᠭᠤᠤᠯᠳᠠᠭᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠬᠥᠭᠵᠢᠯᠲᠡ ᠶᠢᠨ ᠶᠠᠪᠤᠴᠠ ᠳᠤᠮᠳᠠ ᠣᠯᠤᠭᠰᠠᠨ ᠬᠢᠷᠢ ᠬᠡᠮ ᠢ ᠲᠡᠮᠵᠢᠬᠦ ᠪᠠ ᠱᠠᠩᠨᠠᠬᠤ ᠳᠤ ᠬᠡᠷᠡᠭᠯᠡᠨ᠎ᠡ᠃ | ᠳᠣᠯᠣᠳᠤᠭᠠᠷ ᠵᠦᠢᠯ ᠰᠢᠨ᠎ᠡ ᠶᠢ ᠡᠭᠦᠳᠬᠦ ᠲᠡᠮᠳᠡᠭᠲᠦ ᠶᠢᠨ ᠳᠡᠮᠵᠢᠬᠦ ᠡᠲᠡᠭᠡᠳ ᠪᠣᠯ ᠬᠠᠷᠢᠶ᠎ᠠ ᠣᠷᠣᠨ ᠳᠤ | ᠳᠠᠩᠰᠠᠯᠠᠭᠤᠯᠤᠭᠰᠠᠨ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠠᠵᠤ ᠠᠬᠤᠶᠢᠯᠠᠯ ᠪᠣᠯᠤᠨ᠎ᠠ᠂ | ᠢᠲᠡᠭᠡᠮᠵᠢᠳᠤ ᠳᠤᠮᠳᠠᠳᠤ ᠤᠯᠤᠰ ᠤᠨ ᠲᠠᠪᠴᠠᠩ ᠳᠡᠭᠡᠷ᠎ᠡ ᠢᠳᠡᠬᠡᠮᠵᠢ ᠠᠯᠳᠠᠬᠰᠠᠨ ᠲᠡᠮᠳᠡᠭᠯᠡᠯ ᠪᠠᠶᠢᠬᠤ ᠦᠭᠡᠶ᠂ | ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠪᠠᠲᠤᠯᠠᠨ | ᠲᠠᠨᠢᠯᠴᠠᠭᠤᠯᠵᠤ᠂ ᠬᠠᠮᠢᠶᠠᠷᠤᠯᠲᠠ ᠶᠢᠨ ᠲᠥᠪ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠳᠡᠮᠵᠢᠬᠦ ᠡᠲᠡᠭᠡᠳ ᠢᠶᠠᠷ | ᠲᠣᠭᠲᠠᠭᠠᠨ᠎ᠠ᠃ ᠡᠭᠦᠨ ᠳᠤ᠂ ᠣᠨᠴᠠᠯᠢᠭᠲᠤ ᠲᠡᠮᠳᠡᠭᠲᠦ ᠪᠠᠷ ᠬᠠᠷᠢᠶ᠎ᠠ ᠣᠷᠣᠨ ᠤ ᠳᠣᠲᠣᠷᠠᠬᠢ ᠪᠣᠯᠣᠳ ᠲᠡᠮᠦᠷ ᠤᠨ | ᠰᠢᠨ᠎ᠡ ᠮᠠᠲ᠋ᠧᠷᠢᠶᠠᠯ᠂ ᠬᠡᠷᠡᠯᠴᠢ ᠴᠡᠨᠡᠭ ᠤᠨ ᠰᠢᠨ᠎ᠡ ᠡᠨᠧᠷᠭᠢ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ᠂ | ᠪᠠᠷᠠᠭᠠᠨ ᠤ ᠭᠦᠶᠯᠭᠡᠭᠡᠨ ᠤ ᠦᠶᠯᠡᠴᠢᠯᠡᠭᠡᠨ ᠤ ᠦᠶᠯᠡᠰ᠂ ᠰᠢᠨ᠎ᠡ ᠬᠡᠯᠪᠡᠷᠢ ᠶᠢᠨ ᠴᠢᠳᠠᠮᠵᠢᠳᠤ ᠮᠠᠲ᠋ᠧᠷᠢᠶᠠᠯ᠂ ᠡᠨᠧᠷᠭᠢ | ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠲᠣᠭᠠᠴᠢᠯᠠᠭᠰᠠᠨ ᠠᠵᠤ ᠠᠬᠤᠶ᠂ ᠶᠡᠭᠡ ᠬᠡᠪᠴᠢᠶ᠎ᠡ ᠪᠠᠷ ᠡᠨᠧᠷᠭᠢ | ᠬᠠᠳᠠᠭᠠᠯᠠᠬᠤ᠂ ᠪᠠᠯ ᠴᠢᠯᠠᠭᠤᠨ ᠠᠯᠺᠧᠨ᠂ ᠤᠰᠤᠲᠥ᠋ᠷᠥᠭᠴᠢ ᠡᠨᠧᠷᠭᠢ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠤᠨ | ᠪᠢᠲᠡᠭᠦᠮᠵᠢᠯᠡᠵᠦ ᠬᠠᠳᠠᠭᠠᠯᠠᠬᠤ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠶᠯᠡᠳᠬᠦ᠂ ᠠᠮᠢ ᠠᠬᠤᠶ ᠣᠷᠴᠢᠨ | ᠲᠣᠭᠤᠷᠢᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠵᠡᠷᠭᠡ ᠠᠵᠢᠯ ᠲᠥᠷᠥᠯ ᠪᠠ ᠠᠵᠤ ᠦᠶᠯᠡᠰ ᠤᠨ | ᠬᠦᠷᠢᠶᠡᠨ ᠳᠠᠬᠢ ᠠᠵᠤ ᠠᠬᠤᠶᠢᠯᠠᠯ ᠢ ᠭᠤᠤᠯᠳᠠᠯᠭ᠎ᠠ ᠲᠠᠢ ᠳᠡᠮᠵᠢᠨ᠎ᠡ᠃ | ᠨᠠᠢᠮᠠᠳᠤᠭᠠᠷ ᠵᠦᠢᠯ ᠰᠢᠨ᠎ᠠ ᠶᠢ ᠡᠭᠦᠳᠬᠦ ᠲᠡᠮᠳᠡᠭᠲᠦ ᠶᠢᠨ ᠦᠢᠯᠡᠴᠢᠯᠡᠭᠡᠨ ᠤ ᠠᠷᠠᠯᠵᠢᠶ᠎ᠠ ᠶᠢ ᠬᠦᠯᠢᠶᠡᠨ ᠠᠪᠬᠤ | ᠬᠦᠰᠡᠯ ᠲᠠᠢ ᠦᠢᠯᠡᠴᠢᠯᠡᠭᠡᠨ ᠤ ᠪᠠᠶᠢᠭᠤᠯᠤᠮᠵᠢ ᠠᠴᠠ ᠭᠤᠶᠤᠴᠢᠯᠠᠯ ᠭᠠᠷᠭᠠᠵᠤ᠂ ᠤᠯᠤᠰ ᠤᠨ ᠮᠡᠷᠭᠡᠵᠢᠯ ᠢ | ᠰᠢᠯᠵᠢᠭᠦᠯᠬᠦ ᠵᠡᠭᠦᠨ ᠬᠡᠰᠡᠭ ᠤᠨ ᠲᠥᠪ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠡᠮᠳᠡᠭᠲᠦ ᠶᠢᠨ ᠡᠵᠡᠩᠨᠡᠯᠲᠡ ᠬᠠᠮᠢᠶᠠᠷᠤᠯᠲᠠ ᠶᠢᠨ ᠲᠥᠪ ᠢᠶᠠᠷ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ | ᠳᠠᠷᠠᠭ᠎ᠠ ᠢᠯᠡ ᠪᠠᠷ ᠨᠡᠶᠢᠲᠡᠯᠡᠵᠦ᠂ ᠰᠢᠨ᠎ᠡ ᠶᠢ ᠡᠭᠦᠳᠬᠦ ᠲᠡᠮᠳᠡᠭᠲᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ | ᠨᠡᠷᠡᠰ ᠤᠨ ᠵᠢᠭᠰᠠᠭᠠᠯᠲᠠ ᠳᠤ ᠣᠷᠣᠭᠤᠯᠵᠤ ᠪᠣᠯᠤᠨ᠎ᠠ᠃ ᠭᠤᠶᠤᠴᠢᠯᠠᠯ ᠭᠠᠷᠭᠠᠭᠰᠠᠨ ᠦᠢᠯᠡᠴᠢᠯᠡᠭᠡᠨ ᠤ | ᠪᠠᠶᠢᠭᠤᠯᠤᠮᠵᠢ ᠨᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠲᠤᠰᠠᠭᠠᠷ ᠬᠠᠤᠯᠢ ᠶᠢᠨ ᠡᠷᠬᠡᠲᠡᠨ ᠤ ᠨᠢᠬᠡᠴᠢ ᠪᠤᠶᠤ ᠬᠠᠤᠯᠢ ᠶᠢᠨ ᠡᠷᠬᠡᠲᠡᠨ ᠤ ᠪᠤᠰᠤ ᠵᠣᠬᠢᠶᠠᠨ | ᠪᠠᠶᠢᠭᠤᠯᠤᠯᠲᠠ᠂ ᠲᠡᠷᠡᠴᠢᠯᠡᠨ ᠳᠠᠩᠰᠠᠯᠠᠭᠤᠯᠤᠭᠠᠳ 1 ᠵᠢᠯ ᠠᠴᠠ ᠳᠡᠭᠡᠭᠰᠢ ᠪᠤᠯᠤᠬᠰᠠᠨ᠂ ᠡᠳ᠋ ᠤᠨ ᠶᠠᠪᠤᠳᠠᠯ ᠤᠨ | ᠳᠦᠷᠢᠮ ᠨᠢ ᠪᠦᠷᠢᠨ ᠲᠡᠭᠦᠯᠳᠡᠷ᠂ ᠲᠣᠭᠲᠠᠮᠠᠯ ᠠᠯᠪᠠᠯᠠᠬᠤ ᠭᠠᠵᠠᠷ ᠲᠠᠢ᠂ ᠢᠲᠡᠭᠡᠮᠵᠢᠳᠤ ᠳᠤᠮᠳᠠᠳᠤ ᠤᠯᠤᠰ ᠤᠨ | ᠲᠠᠪᠴᠠᠩ ᠳᠡᠭᠡᠷ᠎ᠡ ᠢᠳᠡᠬᠡᠮᠵᠢ ᠠᠯᠳᠠᠬᠰᠠᠨ ᠲᠡᠮᠳᠡᠭᠯᠡᠯ ᠦᠭᠡᠶ᠃ | ︵ᠬᠤᠶᠠᠷ︶ ᠬᠠᠷᠠᠭᠠᠯᠵᠠᠬᠰᠠᠨ ᠦᠢᠯᠡᠴᠢᠯᠡᠭᠡᠨ ᠤ ᠬᠢᠷᠢ ᠬᠡᠮ ᠲᠠᠢ᠂ ᠲᠤᠰᠬᠠᠶ ᠲᠤᠰᠢᠶᠠᠯᠳᠤ ᠠᠵᠢᠯᠲᠠᠨ ᠨᠢ | ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠥᠩᠭᠡᠷᠡᠯᠲᠡ ᠲᠠᠢ᠂ 5 ᠬᠥᠮᠦᠨ ᠠᠴᠠ ᠢᠯᠡᠬᠦᠦ ᠲᠤᠰᠬᠠᠶ | ᠲᠤᠰᠢᠶᠠᠯᠳᠤ ᠦᠢᠯᠡᠴᠢᠯᠡᠭᠡᠨ ᠤ ᠪᠦᠯᠬᠦᠮ ᠲᠠᠢ ᠪᠥᠭᠡᠳ ᠬᠥᠮᠥᠷᠭᠡ ᠳᠤ ᠣᠷᠣᠬᠤ ᠪᠠᠷ ᠭᠤᠶᠤᠴᠢᠯᠠᠬᠤ ᠦᠶ᠎ᠡ ᠳᠤ | ᠡᠷᠬᠡᠪᠰᠢ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠨᠠᠷᠢᠨ ᠲᠡᠩᠰᠠ ᠶᠢ ᠬᠠᠩᠭᠠᠬᠤ ᠬᠡᠷᠡᠭᠲᠡᠶ᠃ | ︵ᠭᠤᠷᠪᠠ︶ ᠲᠣᠳᠣᠷᠬᠠᠶ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠵᠢᠷᠤᠮᠵᠢᠯ ᠵᠢᠴᠢ ᠰᠦᠢᠳᠬᠡᠯ | ᠬᠤᠷᠢᠶᠠᠬᠤ ᠪᠠᠷᠢᠮᠵᠢᠶ᠎ᠠ ᠲᠠᠢ ᠪᠠᠶᠢᠬᠤ ᠬᠡᠷᠡᠭᠲᠡᠶ᠃ | ︵ᠳᠥᠷᠪᠡ︶ ᠳᠡᠭᠡᠳᠦ ᠵᠡᠷᠬᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠭ ᠤᠨ ᠰᠢᠯᠭᠠᠨ ᠪᠠᠲᠤᠯᠠᠬᠤ ᠲᠥᠪ᠂ | ᠴᠢᠳᠠᠮᠵᠢᠳᠤ ᠬᠡᠯᠪᠡᠷᠢ ᠶᠢᠨ ᠲᠠᠪᠴᠠᠩ ᠵᠡᠷᠭᠡ ᠶᠢ ᠪᠠᠭᠲᠠᠭᠠᠭᠰᠠᠨ ᠲᠤᠰᠬᠠᠶᠢᠵᠢᠭᠰᠠᠨ ᠦᠶᠯᠡᠴᠢᠯᠡᠭᠡᠨ ᠤ | ᠪᠠᠶᠢᠭᠤᠯᠤᠮᠵᠢ ᠶᠢ ᠤᠷᠢᠳᠠᠪᠠᠷ ᠬᠥᠮᠥᠷᠭᠡ ᠳᠤ ᠣᠷᠣᠭᠤᠯᠤᠨ᠎ᠠ᠃ | ᠳᠥᠷᠪᠡᠳᠦᠭᠡᠷ ᠪᠦᠯᠦᠭ ᠰᠢᠨ᠎ᠡ ᠶᠢ ᠡᠭᠦᠳᠬᠦ ᠲᠡᠮᠳᠡᠭᠲᠦ ᠶᠢ ᠳᠡᠮᠵᠢᠬᠦ ᠬᠦᠷᠢᠶ᠎ᠡ ᠬᠡᠪᠴᠢᠶ᠎ᠡ ᠬᠢᠭᠡᠳ ᠲᠤᠭ᠎ᠠ | ᠬᠡᠮᠵᠢᠶ᠎ᠡ | ᠶᠢᠰᠦᠳᠦᠭᠡᠷ ᠵᠦᠢᠯ ᠦᠢᠯᠡᠴᠢᠯᠡᠭᠡᠨ ᠤ ᠲᠥᠷᠥᠯ ᠤᠨ ᠰᠢᠨ᠎ᠡ ᠶᠢ ᠡᠭᠦᠳᠬᠦ ᠲᠡᠮᠳᠡᠭᠲᠦ ᠪᠠᠷ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠠᠪᠤᠴᠠ ᠳᠤ ᠨᠡᠶᠢᠳᠡᠮ ᠬᠡᠷᠡᠭᠰᠡᠬᠦ | ᠰᠢᠨ᠎ᠡ ᠶᠢ ᠡᠭᠦᠳᠬᠦ ᠲᠥᠯᠥᠪᠵᠢᠭᠦᠯᠭᠡ ᠶᠢᠨ ᠦᠢᠯᠡᠴᠢᠯᠡᠭᠡ᠂ ᠮᠡᠳᠡᠯᠭᠡ ᠶᠢᠨ ᠦᠮᠴᠢᠯᠡᠯ ᠤᠨ ᠡᠷᠬᠡ ᠶᠢᠨ | ᠦᠢᠯᠡᠴᠢᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ᠂ ᠮᠡᠷᠭᠡᠵᠢᠯ | ᠢ ᠰᠤᠳᠤᠯᠤᠨ ᠨᠡᠭᠡᠭᠡᠬᠦ ᠦᠢᠯᠡᠴᠢᠯᠡᠭᠡ᠂ ᠰᠢᠨ᠎ᠡ ᠶᠢ ᠡᠭᠦᠳᠴᠦ ᠦᠢᠯᠡᠰ ᠪᠤᠰᠬᠠᠬᠤ ᠦᠢᠯᠡᠴᠢᠯᠡᠭᠡ᠂ ᠮᠡᠷᠭᠡᠵᠢᠯ ᠢ | ᠰᠢᠯᠵᠢᠭᠦᠯᠬᠦ ᠦᠢᠯᠡᠴᠢᠯᠡᠭᠡ᠂ ᠴᠢᠳᠠᠪᠤᠷᠢᠲᠠᠨ ᠢ ᠪᠣᠯᠪᠠᠰᠤᠷᠠᠭᠤᠯᠬᠤ ᠦᠢᠯᠡᠴᠢᠯᠡᠭᠡ᠂ ᠰᠢᠯᠭᠠᠨ ᠪᠠᠶᠢᠴᠠᠭᠠᠵᠤ | ᠭᠡᠷᠡᠴᠢᠯᠡᠬᠦ ᠦᠢᠯᠡᠴᠢᠯᠡᠭᠡ᠂ ᠲᠤᠭᠠᠴᠢᠯᠠᠬᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠦᠢᠯᠡᠴᠢᠯᠡᠭᠡ᠂ ᠮᠡᠳᠡᠭᠡ | ᠵᠠᠩᠭᠢ ᠶᠢᠨ ᠮᠡᠷᠭᠡᠵᠢᠯ ᠤᠨ ᠦᠢᠯᠡᠴᠢᠯᠡᠭᠡ᠂ ᠪᠠᠭ᠎ᠠ ᠨᠡᠭᠦᠷᠡᠰᠦᠲᠥ᠋ᠷᠥᠭᠴᠢᠳᠤ ᠪᠤᠬᠢᠷᠳᠤᠯ ᠭᠠᠳᠠᠭᠰᠢᠯᠠᠭᠤᠯᠬᠤ ᠶᠢ | ᠪᠠᠭᠠᠰᠬᠠᠬᠤ ᠦᠢᠯᠡᠴᠢᠯᠡᠭᠡ᠂ ᠣᠶᠤᠨᠴᠢ ᠦᠢᠯᠡᠳᠬᠦ ᠦᠢᠯᠡᠴᠢᠯᠡᠭᠡ ᠵᠡᠷᠭᠡ ᠶᠢ ᠭᠤᠣᠯᠳᠠᠯᠭ᠎ᠠ ᠲᠠᠢ ᠳᠡᠮᠵᠢᠨ᠎ᠡ᠃ | ᠪᠣᠳᠠᠲᠠᠶ ᠲᠡᠮᠵᠢᠵᠤ ᠦᠶᠯᠡᠴᠢᠯᠡᠬᠦ ᠬᠦᠷᠢᠶ᠎ᠡ ᠬᠡᠪᠴᠢᠶ᠎ᠡ ᠶᠢ ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ ᠠᠴᠠ ᠨᠡᠶᠢᠲᠡᠯᠡᠵᠦ᠂ ᠵᠢᠯ ᠪᠦᠷᠢ ᠪᠣᠳᠠᠲᠤ ᠪᠠᠶᠢᠳᠠᠯ ᠢᠶᠠᠨ ᠦᠨᠳᠦᠰᠦᠯᠡᠨ ᠬᠥᠳᠡᠯᠦᠩᠭᠦᠶ | ᠲᠣᠬᠢᠷᠠᠭᠤᠯᠤᠯᠲᠠ ᠬᠢᠨ᠎ᠡ᠃ | ᠠᠷᠪᠠᠳᠤᠭᠠᠷ ᠵᠦᠶᠯ ᠱᠠᠩᠨᠠᠬᠤ ᠲᠥᠷᠥᠯ ᠤᠨ ᠰᠢᠨ᠎ᠡ ᠶᠢ ᠡᠭᠦᠳᠬᠦ ᠲᠡᠮᠳᠡᠭᠲᠦ ᠪᠤᠯ ︽ᠬᠥᠨᠳᠡᠯᠡᠨ | ᠲᠣᠭᠤᠷᠢᠭ ᠤᠨ ︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ | ᠠᠵᠢᠯᠯᠠᠭ᠎ᠠ ᠶᠢ ᠨᠠᠶᠢᠳᠠᠪᠤᠷᠢᠵᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ ᠬᠦᠨᠳᠡᠯᠡᠨ ᠲᠤᠭᠤᠷᠢᠭ ᠤᠨ ᠨᠠᠮ ᠤᠨ ᠬᠤᠷᠢᠶ᠎ᠠ | ᠲᠠᠷᠤᠮᠠᠯᠯᠠᠨ ᠲᠠᠷᠬᠠᠭᠠᠪᠠ〔2021〕61 ᠲᠣᠭᠠᠲᠤ︶ ᠤᠨ ᠬᠠᠮᠢᠶ᠎ᠠ ᠪᠥᠬᠦᠶ ᠵᠦᠶᠯ ᠵᠤᠷᠪᠤᠰ ᠢ ᠦᠨᠳᠦᠰᠦᠯᠡᠨ᠂ | ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠲᠡᠮᠵᠢᠬᠦ ᠳᠤ ᠲᠤᠰᠠᠯᠠᠮᠵᠢ ᠦᠵᠡᠬᠦᠯᠬᠦ ᠪᠠ ᠱᠠᠩᠨᠠᠬᠤ ᠶᠢ | ᠬᠡᠷᠡᠭᠵᠢᠭᠦᠯᠦᠨ᠎ᠡ᠃ | ︵ᠨᠢᠭᠡ︶ ᠳᠠᠪᠠᠭᠤᠯᠢᠭ ᠣᠨᠴᠠᠯᠢᠭᠲᠤ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠠᠬᠢᠭᠤᠯᠤᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠰᠬᠠᠶ ᠲᠦᠷᠦᠯ ᠵᠦᠢᠯ ᠪᠣᠯᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠷᠥᠯ ᠵᠦᠢᠯ ᠢ | ᠡᠭᠦᠷᠭᠡᠯᠡᠵᠦ ᠪᠠᠶᠢᠭ᠎ᠠ ᠠᠵᠤ ᠠᠬᠤᠶᠢᠯᠠᠯ︔ ᠤᠯᠤᠰ ᠤᠨ ᠳᠣᠲᠣᠭᠠᠳᠤ ᠶᠢᠨ ᠦᠪᠡᠷᠳᠡᠬᠡᠨ ᠵᠠᠰᠠᠬᠤ ᠤᠷᠤᠨ ᠤ | ᠳᠣᠲᠣᠷᠠᠬᠢ ᠠᠩᠬᠠᠳᠠᠭᠴᠢ ᠰᠠᠤᠷᠢ ︵ᠢᠵᠢ︶ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠰᠤᠳᠤᠯᠤᠨ ᠦᠢᠯᠡᠳᠬᠦ᠂ | ᠤᠷᠤᠭᠤᠯᠤᠨ ᠠᠪᠴᠢᠷᠠᠬᠤ᠂ ᠨᠥᠬᠦᠪᠥᠷᠢᠯᠡᠭᠰᠡᠨ ᠪᠦᠬᠡᠳ ᠤᠯᠤᠰ ᠤᠨ ᠠᠩᠬᠠᠳᠠᠭᠴᠢ ᠰᠠᠤᠷᠢ ︵ᠢᠵᠢ︶ ᠴᠢᠬᠤᠯᠠ | ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠢᠯᠣᠭᠤᠳᠤᠮᠵᠢ ᠶᠢᠨ ᠭᠠᠷᠴᠠᠭ ᠲᠤ ᠵᠢᠭᠰᠠᠭᠠᠬᠳᠠᠨ | ᠣᠷᠣᠭᠰᠠᠨ ᠠᠵᠤ ᠠᠬᠤᠶᠢᠯᠠᠯ︔ ᠤᠯᠤᠰ ᠤᠨ ᠬᠢᠨᠠᠨ ᠲᠤᠬᠳᠠᠭᠠᠯᠳᠠ ᠳᠤ ᠬᠢᠷᠢ ᠲᠡᠩᠴᠡᠭᠰᠡᠨ ᠲᠠᠷᠢᠶᠠᠯᠠᠩ ᠮᠠᠯ | ᠠᠵᠤ ᠠᠬᠤᠢ ᠶᠢᠨ ᠰᠢᠨ᠎ᠡ ᠡᠬᠦᠯᠳᠡᠷ ᠢ ᠡᠵᠡᠩᠨᠡᠬᠦ ᠠᠵᠤ ᠠᠬᠤᠶᠢᠯᠠᠯ ᠢ ᠱᠠᠩᠨᠠᠨ᠎ᠠ︔ | ︵ᠬᠤᠶᠠᠷ︶ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ | ᠬᠥᠲᠥᠯᠥᠨ ᠵᠢᠯᠣᠭᠤᠳᠤᠨ᠎ᠠ᠃ ᠬᠤᠶᠠᠷ ᠵᠢᠯ ᠳᠠᠷᠠᠭᠠᠯᠠᠨ ᠰᠤᠳᠤᠯᠤᠨ ᠨᠡᠭᠡᠭᠡᠬᠦ ᠵᠠᠷᠤᠳᠠᠯ ᠢ ᠵᠤᠬᠢᠬᠤ ᠬᠠᠷᠢᠴᠠᠯ ᠢᠶᠠᠷ | ᠨᠡᠮᠡᠨ ᠪᠣᠳᠣᠵᠤ ᠭᠠᠶᠢᠯᠢ ᠲᠤᠰᠢᠶᠠᠬᠤ ᠬᠡᠰᠡᠭ ᠢ ᠬᠠᠰᠤᠵᠤ ᠭᠠᠷᠭᠠᠬᠤ ᠭᠠᠶᠢᠯᠢ ᠶᠢᠨ ᠬᠠᠷᠠᠭᠠᠯᠵᠠᠯ ᠬᠦᠷᠳᠡᠭᠰᠡᠨ ᠠᠵᠤ | ᠠᠬᠤᠶᠢᠯᠠᠯ ᠢ ᠱᠠᠩᠨᠠᠵᠦ᠂ ᠠᠳᠠᠯᠢ ᠪᠤᠰᠤ ᠠᠵᠤ ᠠᠬᠤᠶᠢᠯᠠᠯ ᠤᠨ ᠲᠥᠷᠥᠯ ᠬᠡᠯᠪᠡᠷᠢ ᠶᠣᠰᠣᠭᠠᠷ ᠠᠳᠠᠯᠢ ᠪᠤᠰᠤ ᠪᠠᠷ | ᠱᠠᠩᠨᠠᠨ᠎ᠠ᠃ | ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠬᠠᠤ ᠶᠢ ᠳᠡᠮᠵᠢᠨ᠎ᠡ᠃ ᠵᠠᠯᠭᠠᠭ᠎ᠠ ᠪᠠᠷ ᠬᠤᠶᠠᠷ ᠤᠳᠠᠭ᠎ᠠ ︽ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ︾ ᠤᠨ ᠬᠦᠮᠦᠷᠬᠡ ᠳᠤ ᠤᠷᠤᠬᠰᠠᠨ᠂ ᠪᠤᠭᠤᠲᠤ | ᠬᠤᠲᠠ ᠶᠢᠨ ᠰᠢᠨ᠎ᠡ ᠶᠢ ᠡᠭᠦᠳᠴᠦ ᠬᠥᠲᠥᠯᠥᠨ ᠳᠠᠭᠠᠭᠤᠯᠬᠤ ᠬᠡᠯᠪᠡᠷᠢ ᠶᠢᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ᠂ ᠣᠶᠤᠨᠴᠢ ᠦᠶᠯᠡᠳᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠠᠵᠤ | ᠠᠬᠤᠶᠢᠯᠠᠯ᠂ ᠠᠵᠤ ᠦᠢᠯᠡᠰ ᠰᠤᠷᠭᠠᠭᠤᠯᠢ ᠰᠤᠳᠤᠯᠭᠠᠨ ᠤ ᠪᠠᠶᠢᠭᠤᠯᠤᠮᠵᠢ ᠶᠢᠨ ᠬᠠᠮᠳᠤᠷᠠᠯᠴᠠᠭᠠᠨ ᠤ ᠵᠢᠱᠢᠶ᠎ᠡ | ᠦᠵᠡᠭᠦᠯᠬᠦ ᠠᠵᠤ ᠠᠬᠤᠶᠢᠯᠠᠯ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ︽ᠵᠢᠵᠢᠭ ᠠᠪᠤᠷᠭᠤ︾ ᠠᠵᠤ ᠠᠬᠤᠶᠢᠯᠠᠯ ᠢᠶᠠᠷ ᠬᠢᠨᠠᠨ ᠲᠤᠬᠳᠠᠭᠠᠬᠳᠠᠬᠰᠠᠨ ᠵᠢᠴᠢ | ᠪᠤᠭᠤᠲᠤ ᠬᠤᠲᠠ ᠶᠢᠨ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ | ᠬᠥᠮᠥᠷᠭᠡ︾ ᠳᠤ ᠰᠣᠩᠭᠤᠭᠳᠠᠭᠰᠠᠨ ᠠᠵᠤ ᠠᠬᠤᠶᠢᠯᠠᠯ ᠵᠡᠷᠭᠡ ᠶᠢ ᠱᠠᠩᠨᠠᠨ᠎ᠠ᠃ | ︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠶᠢ ᠳᠡᠮᠵᠢᠨ ᠪᠤᠶᠢᠵᠢᠭᠤᠯᠤᠨ᠎ᠠ᠃ ᠤᠯᠤᠰ ᠤᠨ ᠳᠡᠰ ᠤᠨ᠂ ᠥᠪᠡᠷᠲᠡᠭᠡᠨ ᠵᠠᠰᠠᠬᠤ ᠣᠷᠣᠨ ᠪᠣᠯᠤᠨ | ᠪᠤᠭᠤᠲᠤ ᠬᠤᠲᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠢᠨᠵᠧᠨᠧᠷᠢᠩ ︵ᠮᠡᠷᠭᠡᠵᠢᠯ︶ ᠤᠨ ᠰᠤᠳᠤᠯᠭᠠᠨ | ᠤ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ | ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠵᠡᠷᠭᠡ ᠲᠠᠪᠴᠠᠩ ᠤᠨ ᠠᠴᠢᠶᠠᠯᠠᠪᠤᠷᠢ ᠪᠠᠷ ᠬᠢᠨᠠᠨ | ᠲᠤᠬᠳᠠᠭᠠᠬᠳᠠᠬᠰᠠᠨ ᠠᠵᠤ ᠠᠬᠤᠶᠢᠯᠠᠯ ᠢ ᠱᠠᠩᠨᠠᠨ᠎ᠠ᠃ | ︵ᠲᠠᠪᠤ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠪᠴᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠤᠯᠤᠰ ᠤᠨ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ | ︵ᠤᠴᠢ ᠶᠢᠨ ᠭᠠᠯ ᠰᠢᠨ᠎ᠡ ᠶᠢ ᠡᠭᠦᠳᠬᠦ ᠣᠷᠣᠨ ᠵᠠᠶ︶᠂ ᠳᠡᠭᠡᠳᠦ ᠰᠢᠨ᠎ᠡ ᠮᠡᠷᠭᠡᠵᠢᠯ ᠤᠨ ᠣᠨᠴᠠᠯᠢᠭᠲᠤ ᠠᠵᠤ | ᠦᠢᠯᠡᠰ ᠤᠨ ᠰᠠᠭᠤᠷᠢᠨ ᠪᠠ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ | ᠢᠶᠠᠷ ᠬᠢᠨᠠᠨ ᠲᠤᠬᠳᠠᠭᠠᠬᠳᠠᠬᠰᠠᠨ ᠡᠭᠦᠳᠦᠨ ᠪᠠᠶᠢᠭᠤᠯᠬᠤ ᠳᠤ ᠲᠦᠰᠢᠭᠯᠡᠬᠦ ᠨᠢᠬᠡᠴᠢ ᠶᠢ ᠱᠠᠩᠨᠠᠨ᠎ᠠ᠃ | ︵ᠵᠢᠷᠭᠤᠭ᠎ᠠ︶ ᠮᠡᠳᠡᠯᠭᠡ ᠶᠢᠨ ᠥᠮᠴᠢᠯᠡ᠊ᠯ ᠤᠨ ᠡᠷᠬᠡ ᠶᠢ ᠡᠭᠦᠳᠦᠨ ᠪᠦᠲᠦᠭᠡᠬᠦ ᠶᠢ ᠴᠢᠩᠭᠠᠳᠬᠠᠨ᠎ᠠ᠃ | ᠤᠯᠤᠰ ᠤᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠲᠤᠰᠬᠠᠶ ᠠᠰᠢᠭ ᠢ ᠡᠬᠦᠳᠦᠭᠰᠡᠨ ᠠᠵᠤ ᠠᠬᠤᠶᠢᠯᠠᠯ ᠪᠠ | ᠤᠯᠤᠰ᠂ ᠠᠵᠢᠯ ᠲᠥᠷᠥᠯ᠂ ᠣᠷᠣᠨ ᠨᠤᠲᠤᠭ ᠤᠨ ᠪᠠᠷᠢᠮᠵᠢᠶ᠎ᠠ ᠶᠢ ᠲᠦᠷᠦᠭᠦᠯᠡᠨ ᠬᠢᠵᠤ ᠲᠣᠭᠲᠠᠭᠠᠭᠰᠠᠨ ᠠᠵᠤ | ᠠᠬᠤᠶᠢᠯᠠᠯ ᠢ ᠱᠠᠩᠨᠠᠨ᠎ᠠ᠃ | ︵ᠳᠣᠯᠤᠭ᠎ᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ ᠪᠠ | ᠤᠨᠳᠤᠤᠰᠢᠭᠤᠯᠬᠤ ᠦᠶᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠶᠢᠨ ᠱᠠᠲᠤᠨ ᠤ | ᠦᠨᠡᠯᠡᠯᠲᠡ ᠪᠠᠷ ᠳᠠᠮᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠴᠢᠯᠡᠭᠡᠨ ᠤ ᠰᠢᠯᠢᠳᠡᠭ ᠬᠢᠷᠢ | ᠲᠦᠪᠰᠢᠨ ᠳᠤ ᠬᠦᠷᠦᠭᠰᠡᠨ ᠪᠠᠶᠢᠭᠤᠯᠤᠮᠵᠢ ᠶᠢ ᠱᠠᠩᠨᠠᠨ᠎ᠠ︔ ᠤᠯᠤᠰ ᠤᠨ ᠲᠠᠰ ᠤᠨ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠮᠡᠷᠭᠡᠵᠢᠯ ᠢ ᠰᠢᠯᠵᠢᠭᠦᠯᠬᠦ ᠦᠶᠯᠡᠴᠢᠯᠡᠭᠡᠨ ᠤ ᠵᠢᠱᠢᠶ᠎ᠡ ᠦᠵᠡᠭᠦᠯᠬᠦ ᠪᠠᠶᠢᠭᠤᠯᠤᠮᠵᠢ᠂ | ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠢᠶᠠᠷ ᠬᠢᠨᠠᠨ ᠲᠤᠬᠳᠠᠭᠠᠬᠳᠠᠬᠰᠠᠳ ᠢ ᠱᠠᠩᠨᠠᠨ᠎ᠡ᠃ | ︵ᠨᠠᠢᠮᠠ︶ ᠠᠵᠤ ᠠᠬᠤᠶᠢᠯᠠᠯ ᠤᠷᠤᠨ ᠨᠤᠳᠤᠭ ᠰᠤᠷᠭᠠᠭᠤᠯᠢ ᠣᠷᠣᠨ ᠨᠤᠲᠤᠭ ᠤᠨ ᠰᠢᠨ᠎ᠡ ᠶᠢ ᠡᠭᠦᠳᠬᠦ | ᠠᠭᠤᠰᠤᠯᠴᠠᠯ ᠢ ᠴᠢᠩᠭᠠᠳᠬᠠᠨ᠎ᠠ᠃ ᠰᠢᠨ᠎ᠡ ᠪᠠᠷ ᠬᠢᠨᠡᠨ ᠲᠤᠬᠳᠠᠭᠠᠬᠳᠠᠬᠰᠠᠨ ᠠᠺᠠᠳᠧᠮᠢᠴᠢ ᠶᠢᠨ ᠠᠵᠢᠯ ᠤᠨ ᠥᠷᠲᠡᠭᠡ | ᠂ ᠬᠠᠮᠢᠶᠠᠷᠤᠯᠲᠠ ᠶᠢᠨ ᠬᠤᠭᠤᠴᠠᠭ᠎ᠠ ᠨᠢ ᠲᠦᠬᠦᠷᠦᠭᠰᠡᠨ ᠦᠷᠬᠦᠯᠵᠢᠯᠡᠨ ᠦᠯᠡᠳᠡᠭᠡᠬᠦ ᠮᠦᠷᠳᠡᠬᠡᠨ ᠬᠡᠷ᠎ᠡ ᠪᠠᠨ | ᠤᠷᠳᠤᠳᠬᠠᠬᠰᠠᠨ ᠠᠺᠠᠳᠧᠮᠢᠴᠢ ᠶᠢᠨ ᠠᠵᠢᠯ ᠤᠨ ᠥᠷᠲᠡᠭᠡ ᠶᠢ ᠱᠠᠩᠨᠠᠨ᠎ᠠ︔ ᠮᠠᠨ ᠤ ᠲᠤᠭᠤᠷᠢᠭ ᠤᠨ ᠲᠦᠷᠦᠬᠦᠯᠡᠨ | ᠬᠠᠮᠳᠤ ᠪᠠᠷ ᠪᠠᠶᠢᠭᠤᠯᠬᠤ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠶᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ ᠶᠢᠨ ᠨᠢᠬᠡᠴᠢ ᠶᠢ ᠱᠠᠩᠨᠠᠨ᠎ᠡ︔ ᠠᠵᠤ | ᠠᠬᠤᠶᠢᠯᠠᠯ ᠤᠨ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠭᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ | ᠬᠠᠮᠲᠤ ᠪᠠᠷ ᠡᠳ᠋ᠯᠡᠬᠦ ᠬᠡᠮᠵᠢᠬᠦᠷᠯᠢᠭ ᠪᠠᠭᠠᠵᠢ ᠲᠥᠬᠦᠭᠡᠷᠦᠮᠵᠢ ᠶᠢ ᠬᠡᠷᠡᠭᠯᠡᠨ ᠰᠢᠨᠵᠢᠯᠡᠬᠦ ᠤᠬᠠᠭᠠᠨ ᠤ ᠰᠤᠳᠤᠯᠭᠠᠨ | ᠥᠷᠨᠢᠭᠦᠯᠬᠦ ᠶᠢ ᠳᠡᠮᠵᠢᠨ᠎ᠡ᠃ | ︵ᠶᠢᠰᠦ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠠᠯᠵᠢᠶᠠᠴᠢᠨ ᠢ ᠤᠷᠢᠬᠤ ᠶᠢ ᠴᠢᠩᠭᠠᠳᠬᠠᠨ᠎ᠠ᠃ | ᠤᠯᠤᠰ ᠤᠨ ᠳᠣᠲᠣᠭᠠᠳᠤ ᠶᠢᠨ ᠣᠷᠦ᠋ᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ | ᠨᠡᠷᠡᠳᠤ ᠶᠡᠭᠡ ᠳᠡᠭᠡᠳᠦ ᠰᠤᠷᠭᠠᠭᠤᠯᠢ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠪᠠᠶᠢᠭᠤᠯᠤᠮᠵᠢ ᠵᠡᠷᠭᠡ ᠲᠠᠪᠴᠠᠩ ᠤᠨ ᠠᠴᠢᠶᠠᠯᠠᠪᠤᠷᠢ ᠶᠢ ᠤᠷᠤᠭᠤᠯᠤᠨ ᠠᠪᠴᠢᠷᠠᠬᠤ ᠵᠠᠭᠤᠴᠢ ᠦᠶᠯᠡᠴᠢᠯᠡᠭᠡᠨ ᠤ | ᠪᠠᠶᠢᠭᠤᠯᠤᠮᠵᠢ ᠪᠤᠶᠤ ᠠᠵᠤ ᠠᠬᠤᠶᠢᠯᠠᠯ ᠠᠵᠢᠯ ᠦᠶᠯᠡᠰ ᠤᠨ ᠨᠢᠬᠡᠴᠢ ᠶᠢ ᠱᠠᠩᠨᠠᠨ᠎ᠡ᠃ | ᠠᠷᠪᠠᠨ ᠨᠢᠭᠡᠳᠦᠭᠡᠷ ᠵᠦᠶᠯ ᠬᠥᠲᠥᠯᠥᠨ ᠵᠢᠯᠣᠭᠤᠳᠬᠤ ᠲᠡᠮᠳᠡᠭᠲᠦ ᠶᠢ ᠭᠤᠶᠤᠴᠢᠯᠠᠨ ᠠᠪᠬᠤ ᠬᠡᠮᠵᠢᠶ᠎ᠡ ᠪᠤᠯ | 3 ᠲᠦᠮᠡᠨ ᠲᠥᠭᠦᠷᠢᠭ᠂ ᠨᠡᠶᠢᠳᠡᠮ ᠬᠡᠷᠡᠭᠯᠡᠬᠦ ᠲᠡᠮᠳᠡᠭᠲᠦ ᠶᠢ ᠭᠤᠶᠤᠴᠢᠯᠠᠨ ᠠᠪᠬᠤ ᠬᠡᠮᠵᠢᠶ᠎ᠡ ᠪᠤᠯ 30 ᠲᠦᠮᠡᠨ | ᠲᠥᠭᠦᠷᠢᠭ᠂ ᠣᠨᠴᠠᠯᠢᠭᠲᠤ ᠲᠡᠮᠳᠡᠭᠲᠦ ᠶᠢ ᠭᠤᠶᠤᠴᠢᠯᠠᠨ ᠠᠪᠬᠤ ᠬᠡᠮᠵᠢᠶ᠎ᠡ ᠪᠤᠯ100 ᠲᠦᠮᠡᠨ ᠲᠥᠭᠦᠷᠢᠭ ᠪᠣᠯᠤᠨ᠎ᠠ᠃ | ᠠᠵᠤ ᠠᠬᠤᠶᠢᠯᠠᠯ ᠨᠢᠭᠡᠪᠦᠷᠢ ᠵᠢᠯ ᠪᠦᠷᠢ ᠨᠢᠭᠡ ᠬᠤᠪᠢ ᠬᠦᠳᠦᠯᠦᠨ ᠵᠢᠯᠤᠭᠤᠳᠬᠤ ᠲᠡᠮᠳᠡᠭᠲᠦ ᠶᠢ ᠭᠤᠶᠤᠴᠢᠯᠠᠨ | ᠠᠪᠴᠤ ᠪᠣᠯᠬᠤ ᠪᠥᠭᠡᠳ ᠨᠢᠬᠡᠨ ᠬᠤᠪᠢ ᠨᠡᠶᠢᠳᠡᠮ ᠬᠡᠷᠡᠭᠯᠡᠬᠦ ᠲᠡᠮᠳᠡᠭᠲᠦ ᠪᠤᠶᠤ ᠤᠨᠴᠠᠯᠢᠬᠳᠤ ᠲᠡᠮᠳᠡᠭᠲᠦ ᠶᠢ | ᠭᠤᠶᠤᠴᠢᠯᠠᠨ ᠠᠪᠴᠤ ᠪᠣᠯᠤᠨ᠎ᠠ᠃ ᠱᠠᠩᠨᠠᠬᠤ ᠲᠦᠷᠦᠯ ᠤᠨ ᠲᠡᠮᠳᠡᠭᠲᠦ ᠪᠤᠯ ᠭᠤᠶᠤᠴᠢᠯᠠᠨ ᠠᠪᠬᠤ ᠠᠵᠤ | ᠠᠬᠤᠶᠢᠯᠠᠯ ᠤᠨ ᠪᠣᠳᠠᠲᠠᠶ ᠱᠠᠩᠨᠠᠯ ᠭᠥᠷᠳᠡᠬᠦ ᠬᠢᠷᠢ ᠬᠡᠮ ᠢ ᠦᠨᠳᠦᠰᠦᠯᠡᠨ ᠭᠤᠶᠤᠴᠢᠯᠠᠨ ᠠᠪᠬᠤ ᠪᠠ ᠰᠤᠯᠢᠵᠤ | ᠦᠭᠬᠦᠨ᠎ᠡ᠃ ᠬᠡᠷᠪᠡ ᠬᠥᠨᠳᠡᠯᠡᠨ ᠲᠣᠭᠤᠷᠢᠭ ᠤᠨ ᠪᠤᠰᠤᠳ ᠲᠥᠷᠥ ᠶᠢᠨ ᠪᠣᠳᠣᠯᠭ᠎ᠠ ᠶᠢᠨ ᠲᠣᠭᠲᠠᠭᠠᠯ ᠲᠠᠢ | ᠠᠳᠠᠯᠢᠪᠲᠤᠷ ᠪᠤᠯᠬᠤ ᠳᠡᠮᠵᠢᠯᠭᠡ ᠶᠢᠨ ᠪᠡᠯᠡ ᠮᠥᠩᠭᠦ ᠪᠤᠯ᠂ ᠰᠢᠨ᠎ᠡ᠂ ᠲᠡᠭᠡᠳᠤ ᠲᠡᠰ ᠤᠨ ᠮᠥᠷᠲᠡᠭᠡᠨ ᠳᠠᠪᠲᠠᠬᠤ | ᠦᠭᠡᠶ ᠪᠠᠶᠢᠬᠤ ᠵᠠᠷᠴᠢᠮ ᠶᠣᠰᠣᠭᠠᠷ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠦᠢᠯ ᠰᠢᠨ᠎ᠡ ᠶᠢ ᠡᠭᠦᠳᠬᠦ ᠲᠡᠮᠳᠡᠭᠲᠦ ᠶᠢᠨ ᠲᠤᠭ᠎ᠠ ᠬᠡᠮᠵᠢᠶ᠎ᠡ ᠨᠢ ᠵᠠᠷᠴᠢᠮ ᠳᠡᠭᠡᠷ᠎ᠡ ᠪᠠᠨ | ᠲᠤᠬᠠᠢ ᠶᠢᠨ ᠵᠢᠯ ᠳᠤ ᠬᠦᠴᠦᠨ ᠲᠠᠢ᠂ ᠠᠵᠤ ᠠᠬᠤᠶᠢᠯᠠᠯ ᠨᠢ ᠬᠦᠴᠦᠨ ᠲᠠᠢ ᠪᠠᠶᠢᠬᠤ ᠬᠤᠭᠤᠴᠠᠭᠠᠨ ᠳᠣᠲᠣᠷ᠎ᠠ | ᠰᠢᠨ᠎ᠡ ᠶᠢ ᠡᠭᠦᠳᠬᠦ ᠲᠡᠮᠳᠡᠭᠲᠦ ᠶᠢ ᠬᠡᠷᠡᠭᠯᠡᠬᠦ ᠬᠡᠷᠡᠭᠲᠡᠢ᠃ ᠰᠢᠨ᠎ᠡ ᠶᠢ ᠡᠭᠦᠳᠬᠦ ᠲᠡᠮᠳᠡᠭᠲᠦ ᠶᠢ ᠰᠢᠯᠵᠢᠭᠦᠯᠦᠨ ᠥᠭᠬᠦ᠂ | ᠬᠤᠳᠠᠯᠳᠤᠭᠠᠯᠠᠬᠤ ᠪᠠ ᠲᠡᠪᠳᠡᠨ ᠬᠡᠷᠡᠭᠯᠡᠵᠤ ᠪᠤᠯᠬᠤ ᠦᠬᠡᠢ᠂ ᠬᠤᠭᠤᠴᠠᠭ᠎ᠠ ᠨᠢ ᠦᠩᠬᠡᠷᠡᠵᠦ ᠬᠡᠷᠡᠭᠯᠡᠭᠰᠡᠨ ᠦᠭᠡᠢ | ᠪᠠᠶᠢᠪᠠᠯ ᠠᠶᠠᠨᠳᠠᠭᠠᠨ ᠬᠦᠴᠦᠨ ᠦᠭᠡᠢ ᠪᠣᠯᠤᠨ᠎ᠠ᠃ | ᠲᠠᠪᠤᠳᠤᠭᠠᠷ ᠪᠦᠯᠦᠭ ᠰᠢᠨ᠎ᠡ ᠶᠢ ᠡᠭᠦᠳᠬᠦ ᠲᠡᠮᠳᠡᠭᠲᠦ ᠶᠢ ᠬᠡᠷᠡᠭᠯᠡᠬᠦ ᠵᠢᠴᠢ ᠰᠣᠯᠢᠵᠤ ᠥᠭᠬᠦ | ᠠᠷᠪᠠᠨ ᠭᠤᠷᠪᠠᠳᠤᠭᠠᠷ ᠵᠦᠶᠯ ᠭᠤᠶᠤᠴᠢᠯᠠᠨ ᠠᠪᠬᠤ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠳ | ᠨᠢᠭᠡ ᠲᠡᠮᠳᠡᠭᠲᠦ ᠶᠢᠨ ᠨᠡᠪᠲᠡᠷᠡᠬᠦ ᠲᠠᠪᠴᠠᠩ ︵www.yqtong.com︶ ᠳᠤ ᠭᠠᠷᠴᠤ᠂ ᠰᠦᠯᠵᠢᠶᠡᠨ ᠳᠡᠭᠡᠷ᠎ᠡ | ᠬᠤᠳᠠᠯᠳᠤᠨ ᠠᠪᠬᠤ ᠪᠠᠷ ᠪᠠᠶᠢᠭ᠎ᠠ ᠲᠤᠰᠬᠠᠶ ᠦᠶᠯᠡᠴᠢᠯᠡᠭᠡ ᠪᠠᠨ ᠰᠣᠩᠭᠤᠵᠤ ᠪᠣᠯᠤᠨ᠎ᠠ᠂ ᠦᠶᠯᠡᠴᠢᠯᠡᠭᠡᠨ ᠤ | ᠪᠠᠶᠢᠭᠤᠯᠤᠮᠵᠢ ᠨᠢ ᠦᠶᠯᠡᠴᠢᠯᠡᠭᠡᠨ ᠤ ᠨᠠᠶᠢᠳᠠᠯᠭ᠎ᠠ ᠶᠢ ᠬᠦᠯᠢᠶᠡᠨ ᠠᠪᠤᠬᠰᠠᠨ ᠤ ᠳᠠᠷᠠᠭ᠎ᠠ ᠰᠦᠯᠵᠢᠶᠡᠨ ᠳᠡᠭᠡᠷ᠎ᠡ | ᠦᠶᠯᠡᠴᠢᠯᠡᠭᠡᠨ ᠤ ᠰᠠᠨᠠᠮᠵᠢ ᠶᠢᠨ ᠭᠡᠷ᠎ᠡ ᠲᠤᠰᠢᠶᠠᠨ᠎ᠡ᠂ ᠬᠠᠮᠢᠶᠠᠷᠤᠯᠲᠠ ᠶᠢᠨ ᠲᠥᠪ ᠠᠴᠠ ᠰᠠᠨᠠᠮᠵᠢ ᠶᠢᠨ ᠭᠡᠷ᠎ᠡ ᠳᠠᠬᠢ | ᠲᠤᠬᠠᠶ ᠶᠢᠨ ᠵᠢᠯ ᠤᠨ ᠳᠡᠮᠵᠢᠬᠦ ᠬᠡᠪᠴᠢᠶᠡᠨ ᠳᠤ ᠨᠡᠶᠢᠴᠡᠬᠦ ᠲᠤᠰᠬᠠᠶ ᠮᠡᠷᠭᠡᠵᠢᠯ ᠤᠨ ᠦᠶᠯᠡᠴᠢᠯᠡᠭᠡ ᠵᠢᠴᠢ | ᠬᠠᠷᠠᠭᠠᠯᠵᠠᠬᠰᠠᠨ ᠦᠶᠯᠡᠴᠢᠯᠡᠭᠡᠨ ᠤ ᠵᠣᠭᠤᠰ ᠤᠨ ᠲᠤᠭ᠎ᠠ ᠬᠡᠮᠵᠢᠶ᠎ᠡ ᠶᠢ ᠬᠢᠨᠠᠨ ᠬᠠᠷᠭᠤᠭᠤᠯᠬᠤ ᠶᠢᠨ ᠬᠠᠮᠲᠤ᠂ | ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠯᠭᠠᠭᠰᠠᠨ ᠤ ᠳᠠᠷᠠᠭ᠎ᠠ ᠰᠢᠨ᠎ᠡ ᠶᠢ ᠡᠭᠦᠳᠬᠦ | ᠲᠡᠮᠳᠡᠭᠲᠦ ᠶᠢ ᠬᠡᠷᠡᠭᠯᠡᠬᠦ ᠲᠤᠭ᠎ᠠ ᠬᠡᠮᠵᠢᠶ᠎ᠡ ᠶᠢ ᠲᠣᠭᠲᠠᠭᠠᠨ᠎ᠠ᠃ | ᠠᠷᠪᠠᠨ ᠳᠥᠷᠪᠡᠳᠦᠭᠡᠷ ᠵᠦᠶᠯ ᠬᠥᠲᠥᠯᠥᠨ ᠵᠢᠯᠣᠭᠤᠳᠬᠤ ᠲᠡᠮᠳᠡᠭᠲᠦ ᠶᠢ ᠬᠠᠮᠤᠭ ᠤᠨ ᠥᠨᠳᠥᠷ ᠲᠡᠭᠡᠨ | ᠦᠶᠯᠡᠴᠢᠯᠡᠬᠦ ᠵᠣᠭᠤᠰ ᠤᠨ ᠬᠡᠮᠵᠢᠶ᠎ᠡ ᠶᠢᠨ 100% ᠪᠠᠷ ᠲᠤᠯᠭᠠᠨ ᠬᠡᠷᠡᠭᠯᠡᠵᠦ᠂ ᠨᠡᠶᠢᠳᠡᠮ ᠬᠡᠷᠡᠭᠯᠡᠬᠦ ᠲᠡᠮᠳᠡᠭᠲᠦ ᠪᠠ | ᠣᠨᠴᠠᠯᠢᠭᠲᠤ ᠲᠡᠮᠳᠡᠭᠲᠦ ᠶᠢ ᠴᠥᠮ ᠦᠶᠯᠡᠴᠢᠯᠡᠬᠦ ᠵᠣᠭᠤᠰ ᠤᠨ ᠲᠤᠭ᠎ᠠ ᠬᠡᠮᠵᠢᠶ᠎ᠡ ᠶᠢᠨ 50% ᠠᠴᠠ ᠬᠡᠲᠦᠷᠡᠭᠦᠯᠬᠦ | ᠦᠭᠡᠶ ᠪᠠᠷ ᠲᠤᠯᠭᠠᠨ ᠬᠡᠷᠡᠭᠯᠡᠨ᠎ᠡ᠃ ᠭᠡᠷ᠎ᠡ ᠶᠢ ᠭᠦᠢᠴᠡᠳᠬᠡᠵᠦ ᠳᠠᠭᠤᠰᠤᠭᠰᠠᠨ ᠤ ᠳᠠᠷᠠᠭ᠎ᠠ᠂ ᠦᠢᠯᠡᠴᠢᠯᠡᠭᠡᠨ ᠤ | ᠪᠠᠶᠢᠭᠤᠯᠤᠮᠵᠢ ᠠᠴᠠ ᠰᠦᠯᠵᠢᠶᠡᠨ ᠳᠡᠭᠡᠷ᠎ᠡ ᠵᠢᠩᠬᠢᠨᠢ ᠭᠡᠷ᠎ᠡ᠂ ᠵᠣᠭᠤᠰ ᠬᠦᠷᠦᠭᠰᠡᠨ ᠭᠡᠷᠡᠴᠢ᠂ ᠪᠠᠷᠢᠮᠲᠠ᠂ | ᠦᠢᠯᠡᠴᠢᠯᠡᠭᠰᠡᠨ ᠦᠷ᠎ᠡ ᠳ᠋ᠦᠩ ᠵᠡᠷᠭᠡ ᠮᠠᠲ᠋ᠧᠷᠢᠶᠠᠯ ᠢᠶᠠᠨ ᠲᠤᠰᠢᠶᠠᠵᠤ ᠪᠡᠯᠡᠨ ᠵᠣᠭᠤᠰ ᠰᠣᠯᠢᠵᠤ ᠠᠪᠬᠤ ᠪᠠᠷ | ᠭᠤᠶᠤᠴᠢᠯᠠᠨ᠎ᠠ᠃ | ᠠᠷᠪᠠᠨ ᠲᠠᠪᠤᠳᠤᠭᠠᠷ ᠵᠦᠢᠯ ᠱᠠᠩᠨᠠᠬᠤ ᠲᠦᠷᠦᠯ ᠤᠨ ᠰᠢᠨ᠎ᠡ ᠶᠢ ᠡᠭᠦᠳᠬᠦ ᠲᠡᠮᠳᠡᠭᠲᠦ ᠪᠤᠯ ︽ᠠᠵᠤ | ᠠᠬᠤᠶᠢᠯᠠᠯ ᠭᠤᠶᠤᠴᠢᠯᠠᠨ ᠠᠪᠬᠤ᠂ ᠠᠵᠤ ᠠᠬᠤᠶᠢᠯᠠᠯ ᠰᠣᠯᠢᠵᠤ ᠥᠭᠬᠦ︾ ᠬᠡᠯᠪᠡᠷᠢ ᠶᠢ ᠠᠪᠴᠤ᠂ ᠭᠤᠶᠤᠴᠢᠯᠠᠨ | ᠠᠪᠬᠤ ᠨᠥᠬᠦᠴᠡᠯ ᠲᠤ ᠨᠡᠶᠢᠴᠡᠬᠦ ᠠᠵᠤ ᠠᠬᠤᠶᠢᠯᠠᠯ ᠨᠢᠭᠡ ᠲᠡᠮᠳᠡᠭᠲᠦ ᠶᠢᠨ ᠨᠡᠪᠲᠡᠷᠡᠬᠦ ᠲᠠᠪᠴᠠᠩ ᠳᠤ ᠬᠠᠮᠢᠶ᠎ᠠ ᠪᠦᠬᠦᠢ | ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ ᠳᠠᠷᠤᠢ ᠱᠠᠩᠨᠠᠬᠤ ᠲᠦᠷᠦᠯ ᠤᠨ ᠲᠡᠮᠳᠡᠭᠲᠦ ᠶᠢ ᠣᠯᠵᠤ | ᠠᠪᠤᠨ᠎ᠠ᠂ ᠤᠯᠵᠤ ᠠᠪᠤᠬᠰᠠᠨ ᠦᠨᠡᠮᠯᠡᠯ ᠪᠠ ᠬᠢᠨᠠᠨ ᠲᠤᠬᠳᠠᠭᠠᠬᠰᠠᠨ ᠪᠢᠴᠢᠭ ᠮᠠᠲ᠋ᠧᠷᠢᠶᠠᠯ ᠪᠠᠭᠤᠭᠰᠠᠨ ᠤ ᠳᠠᠷᠠᠭ᠎ᠠ᠂ | ᠬᠠᠮᠢᠶᠠᠷᠤᠯᠲᠠ ᠶᠢᠨ ᠲᠥᠪ ᠢᠶᠠᠷ ᠬᠢᠨᠠᠨ ᠬᠠᠷᠭᠤᠭᠤᠯᠤᠭᠤᠯᠵᠤ᠂ ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠤᠪᠴᠢᠶ᠎ᠡ ᠬᠢᠭᠡᠳ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠳᠠᠬᠢᠨ | ᠬᠠᠷᠭᠤᠭᠤᠯᠵᠤ ᠨᠡᠶᠢᠲᠡ ᠳᠤ ᠵᠠᠷᠯᠠᠭᠰᠠᠨ ᠤ ᠳᠠᠷᠠᠭ᠎ᠠ ᠰᠣᠯᠢᠵᠤ ᠥᠭᠭᠦᠨ᠎ᠡ᠃ | ᠠᠷᠪᠠᠨ ᠵᠢᠷᠭᠤᠳᠤᠭᠠᠷ ᠵᠦᠶᠯ ᠨᠢᠭᠡ ᠲᠡᠮᠳᠡᠭᠲᠦ ᠶᠢᠨ ᠨᠡᠪᠳᠡᠷᠡᠬᠦ ᠲᠠᠪᠴᠠᠩ ︵www.yqtong.com︶ | ᠨᠢ ᠵᠢᠯ ᠲᠤᠷᠰᠢ ᠰᠢᠨ᠎ᠡ ᠶᠢ ᠡᠭᠦᠳᠬᠦ ᠲᠡᠮᠳᠡᠭᠲᠦ ᠭᠤᠶᠤᠴᠢᠯᠠᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ | ᠠᠪᠴᠤ ᠰᠢᠶᠳᠪᠦᠷᠢᠯᠡᠨ᠎ᠡ᠂ ᠵᠠᠷᠴᠢᠮ ᠳᠡᠭᠡᠷ᠎ᠡ ᠪᠠᠨ ᠦᠶᠯᠡᠴᠢᠯᠡᠭᠡᠨ ᠤ ᠲᠥᠷᠥᠯ ᠤᠨ ᠰᠢᠨ᠎ᠡ ᠶᠢ ᠡᠭᠦᠳᠬᠦ | ᠲᠡᠮᠳᠡᠭᠲᠦ ᠶᠢᠨ ᠪᠠᠯᠠ ᠮᠥᠩᠭᠦ ᠶᠢ ᠤᠯᠠᠷᠢᠯ ᠪᠦᠷᠢ ᠨᠢᠭᠡ ᠤᠳᠠᠭ᠎ᠠ ᠲᠥᠪᠯᠡᠷᠡᠭᠦᠯᠦᠨ ᠰᠠᠯᠭᠠᠨ ᠥᠭᠴᠦ᠂ ᠱᠠᠩᠨᠠᠬᠤ | ᠲᠥᠷᠥᠯ ᠤᠨ ᠰᠢᠨ᠎ᠡ ᠶᠢ ᠡᠭᠦᠳᠬᠦ ᠲᠡᠮᠳᠡᠭᠲᠦ ᠶᠢᠨ ᠪᠠᠯᠠ ᠮᠥᠩᠭᠦ ᠶᠢ ᠵᠢᠯ ᠪᠦᠷᠢ ᠨᠢᠭᠡ ᠤᠳᠠᠭ᠎ᠠ ᠲᠥᠪᠯᠡᠷᠡᠭᠦᠯᠦᠨ | ᠰᠠᠯᠭᠠᠨ ᠥᠭᠭᠦᠨ᠎ᠡ᠃ | ᠵᠢᠷᠭᠤᠳᠤᠭᠠᠷ ᠪᠦᠯᠦᠭ ᠬᠢᠨᠠᠯᠲᠠ ᠲᠠᠯᠪᠢᠵᠤ ᠬᠠᠮᠢᠶᠠᠷᠬᠤ ᠬᠢᠭᠡᠳ ᠦᠷ᠎ᠡ ᠪᠦᠲᠦᠮᠵᠢ ᠶᠢᠨ ᠦᠨᠡᠯᠡᠯᠲᠡ | ᠠᠷᠪᠠᠨ ᠳᠣᠯᠣᠳᠤᠭᠠᠷ ᠵᠦᠢᠯ ᠰᠢᠨ᠎ᠡ ᠶᠢ ᠡᠭᠦᠳᠬᠦ ᠲᠡᠮᠳᠡᠭᠲᠦ ᠶᠢ ᠭᠤᠶᠤᠴᠢᠯᠠᠨ ᠠᠪᠬᠤ᠂ ᠬᠡᠷᠡᠭᠯᠡᠬᠦ ᠪᠠ | ᠰᠣᠯᠢᠵᠤ ᠥᠭᠬᠦ ᠳᠡᠭᠡᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠣᠯᠬᠤ ᠦᠭᠡᠢ᠃ ᠬᠡᠷᠪᠡ ᠬᠤᠳᠠᠯ ᠬᠡᠯᠡᠵᠦ | ᠬᠠᠭᠤᠷᠮᠠᠭᠯᠠᠨ ᠵᠣᠬᠢᠶᠠᠭᠰᠠᠨ ᠦᠶᠯᠡ ᠠᠵᠢᠯᠯᠠᠭ᠎ᠠ ᠪᠠᠶᠢᠬᠤ ᠶᠢ ᠪᠠᠶᠢᠴᠠᠭᠠᠨ ᠳᠣᠲᠣᠯᠠᠪᠠᠯ᠂ ᠬᠠᠮᠢᠶ᠎ᠠ ᠪᠥᠬᠦᠶ ᠨᠢᠬᠡᠴᠢ | ᠪᠣᠯᠤᠨ ᠬᠠᠷᠢᠭᠤᠴᠠᠯᠭᠠᠲᠠᠨ ᠢ ᠢᠲᠡᠭᠡᠮᠵᠢ ᠶᠢᠨ ᠮᠡᠳᠡᠭᠡ ᠵᠠᠩᠬᠢ ᠶᠢ ᠴᠤᠬᠯᠠᠭᠤᠯᠬᠤ ᠰᠢᠰᠲ᠋ᠧᠮ ᠳᠤ ᠣᠷᠣᠭᠤᠯᠵᠤ᠂ | ᠶᠠᠭ ᠪᠡᠯᠡᠨ ᠵᠣᠭᠤᠰ ᠰᠣᠯᠢᠵᠤ ᠥᠭᠴᠤ ᠪᠠᠶᠢᠬᠤ ᠶᠢ ᠨᠢ ᠰᠤᠯᠢᠵᠤ ᠦᠭᠬᠦ ᠶᠢ ᠨᠢ ᠵᠣᠭᠰᠣᠭᠠᠵᠤ᠂ ᠨᠢᠭᠡᠨᠲᠡ ᠪᠡᠯᠡᠨ | ᠵᠣᠭᠤᠰ ᠰᠣᠯᠢᠵᠤ ᠥᠭᠭᠦᠭᠰᠡᠨ ᠪᠣᠯ ᠨᠡᠬᠡᠮᠵᠢᠯᠡᠨ ᠪᠤᠴᠠᠭᠠᠯᠭᠠᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ | ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠨᠠᠢᠮᠠᠳᠤᠭᠠᠷ ᠵᠦᠶᠯ ᠰᠢᠯᠭᠠᠨ ᠦᠨᠡᠯᠡᠬᠦ ᠶᠢ ᠬᠠᠮᠢᠶᠠᠷᠬᠤ ᠠᠯᠪᠠᠨ ᠬᠡᠷ ᠠᠴᠠ ᠵᠢᠯ ᠪᠦᠷᠢ ᠲᠤᠰᠬᠠᠶ | ᠪᠠᠶᠢᠭᠤᠯᠤᠮᠵᠢ ᠳᠤ ᠨᠠᠶᠢᠳᠠᠵᠤ᠂ ᠥᠪᠥᠷ ᠮᠣᠩᠭᠤᠯ ᠤᠨ ᠰᠠᠨ ᠪᠠᠢ ᠯᠢᠦ ᠱᠢ ᠳ᠋ᠦ᠋ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠤᠯᠤᠰ ᠤᠨ ᠮᠡᠷᠭᠡᠵᠢᠯ ᠰᠢᠯᠵᠢᠭᠦᠯᠬᠦ ᠵᠡᠭᠦᠨ ᠬᠡᠰᠡᠭ ᠤᠨ ᠲᠥᠪ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ᠶᠢᠨ ᠡᠵᠡᠩᠨᠡᠯᠲᠡ ᠬᠠᠮᠢᠶᠠᠷᠤᠯᠲᠠ ᠶᠢᠨ | ᠲᠥᠪ ᠲᠤ ᠦᠷ᠎ᠡ ᠪᠦᠲᠦᠮᠵᠢ ᠶᠢᠨ ᠦᠨᠡᠯᠡᠯᠲᠡ ᠬᠢᠯᠬᠡᠵᠤ᠂ ᠦᠷ᠎ᠡ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ | ᠢ ᠦᠶᠯᠡᠴᠢᠯᠡᠭᠡᠨ ᠤ ᠠᠭᠤᠯᠭ᠎ᠠ ᠶᠢ ᠰᠠᠶᠢᠵᠢᠷᠠᠭᠤᠯᠬᠤ ᠪᠠ ᠲᠥᠰᠦᠪ ᠤᠨ ᠬᠠᠮᠢᠶᠠᠷᠤᠯᠲᠠ ᠶᠢᠨ ᠴᠢᠬᠤᠯᠠ | ᠦᠨᠳᠦᠰᠦᠯᠡᠯ ᠪᠣᠯᠭᠠᠨ᠎ᠠ᠃ | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | ᠠᠷᠪᠠ ᠶᠢᠰᠦᠳᠦᠭᠡᠷ ᠵᠦᠶᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ | ᠬᠦᠴᠦᠨ ᠲᠠᠢ ᠬᠤᠭᠤᠴᠠᠭ᠎ᠠ ᠨᠢ ᠨᠢᠭᠡ ᠵᠢᠯ ︵ᠨᠢᠭᠡ ᠵᠢᠯ ᠲᠤᠷᠰᠢᠨ ᠬᠡᠷᠡᠭᠵᠢᠭᠦᠯᠦᠨ᠎ᠡ ︶ ᠪᠣᠯᠤᠨ᠎ᠠ᠃ | | | | |