ᠳᠠᠷᠤᠮᠠᠯᠯᠠᠭᠰᠠᠨ ᠭᠡᠷᠢᠶᠡᠰ ᠬᠠᠤᠯᠢ ᠶᠢᠨ ᠬᠦᠴᠦᠨ ᠲᠠᠢ ᠦᠦ︖
ᠨᠡᠶᠢᠲᠡᠯᠡᠭᠰᠡᠨ ᠴᠠᠭ᠄
2022/10/25
    ᠳᠠᠷᠤᠮᠠᠯᠯᠠᠭᠰᠠᠨ ᠭᠡᠷᠢᠶᠡᠰ ᠬᠠᠤᠯᠢ ᠶᠢᠨ ᠬᠦᠴᠦᠨ ᠲᠠᠢ ᠦᠦ︖             ᠬᠡᠷᠡᠭ ᠤᠨ ᠵᠢᠱᠢᠶ᠎ᠡ              ᠬᠠᠨ ᠠᠪᠤᠭᠠᠢ ᠪᠣᠯ ᠭᠡᠷ ᠲᠡᠭᠡᠨ ᠤᠳᠬᠤᠨ ᠬᠦᠦ᠂ ᠠᠪᠤ   ᠨᠢ ᠡᠪᠡᠳᠴᠢᠯᠡᠭᠰᠡᠨ ᠦᠶ᠎ᠡ ᠳᠤ ᠦᠷᠭᠦᠯᠵᠢ ᠬᠠᠵᠠᠭᠤ ᠳᠤ ᠨᠢ ᠬᠠᠷᠠᠭᠠᠯᠵᠠᠳᠠᠭ᠃ ᠬᠠᠨ ᠠᠪᠤᠭᠠᠢ ᠶᠢᠨ ᠡᠴᠢᠭᠡ ᠨᠢ ᠠᠮᠢᠳᠤ ᠪᠠᠶᠢᠬᠤ ᠳᠠᠭᠠᠨ ᠭᠡᠷᠢᠶᠡᠰ ᠦᠯᠡᠳᠡᠭᠡᠵᠦ᠂ ᠲᠡᠭᠦᠨ ‍ᠤ‌ᠨᠡᠷ᠎ᠡ ᠳᠡᠭᠡᠷᠡᠬᠢ ᠭᠡᠷ ᠪᠠᠶᠢᠰᠢᠩ ᠢ ᠬᠠᠨ ᠠᠪᠤᠭᠠᠢ ᠳᠤ ᠭᠠᠭᠴᠠᠭᠠᠷ ᠲᠤᠨᠢ ᠵᠠᠯᠭᠠᠮᠵᠢᠯᠠᠭᠤᠯᠬᠤ ᠪᠠᠷ ᠵᠢᠭᠠᠨ ᠲᠣᠭᠲᠠᠭᠠᠵᠠᠢ᠃ ᠡᠨᠡ‌‍ᠬᠦ ᠭᠡᠷᠢᠶᠡᠰ ᠤᠨ ᠠᠭᠤᠯᠭ᠎ᠠ ᠶᠢ ᠺᠣᠮᠫᠢᠦ᠋ᠲ᠋ᠧᠷ ᠢᠶᠠᠷ ᠮᠠᠰᠢᠨᠳᠠᠵᠦ ᠳᠠᠷᠤᠮᠠᠯᠯᠠᠵᠤ ᠦᠯᠡᠳᠡᠬᠡᠵᠠᠢ᠂ ᠥᠪ ᠵᠠᠯᠭᠠᠮᠵᠢᠯᠠᠭᠤᠯᠤᠭᠴᠢ ᠭᠡᠷᠢᠶᠡᠰ ᠦᠯᠡᠳᠡᠭᠡᠬᠦ ᠦᠶ᠎ᠡ ᠳᠤ  ᠠᠰᠢᠭ  ᠬᠤᠣᠷ ᠤᠨ  ᠬᠠᠷᠢᠴᠠᠭ᠎ᠠ  ᠦᠭᠡᠢ  ᠬᠤᠶᠠᠷ  ᠭᠡᠷᠡᠴᠢᠯᠡᠭᠴᠢ  ᠠᠬᠤᠢ  ᠲᠠᠯᠠᠪᠤᠷ ᠲᠤ᠋‌‍ᠭᠡᠷᠡᠴᠢᠯᠡᠵᠡᠢ᠃ ᠭᠡᠷᠢᠶᠡᠰ ᠤᠨ ᠪᠥᠬᠦ ᠠᠭᠤᠯᠭ᠎ᠠ  ᠨᠢ ᠵᠥᠪᠬᠡᠨ ᠨᠢᠭᠡ ᠯᠡ ᠬᠠᠭᠤᠳᠠᠰᠤ ᠪᠠᠶᠢᠵᠤ᠂ ᠥᠪ ᠵᠠᠯᠭᠠᠮᠵᠢᠯᠠᠭᠤᠯᠤᠭᠴᠢ‌ᠵᠢᠴᠢ ᠬᠤᠶᠠᠷ ᠭᠡᠷᠡᠴᠢᠯᠡᠭᠴᠢ ᠬᠥᠮᠦᠨ ᠪᠦᠷ ᠭᠠᠷ ᠤᠨ ᠥᠰᠥᠭ ᠵᠢᠷᠤᠵᠤ ᠲᠠᠮᠠᠭ᠎ᠠ ᠪᠠᠨ ᠳᠠᠷᠤᠵᠤ᠂ ᠡᠳᠦᠷ ᠬᠤᠭᠤᠴᠠᠭ᠎ᠠ ᠶᠢ ᠲᠤᠲᠤᠷᠬᠠᠶᠢᠯᠠᠭᠰᠠᠨ ᠤ ᠬᠠᠮᠲᠤ ᠳᠦᠷᠰᠦ ᠰᠢᠩᠭᠡᠭᠡᠯᠲᠡ ᠬᠢᠵᠦ  ᠭᠡᠷᠡᠴᠢᠯᠡᠵᠡᠢ᠃  ᠡᠨᠡ  ᠬᠤᠪᠢ  ᠲᠠᠷᠣᠮᠠᠯᠯᠠᠭᠰᠠᠨ  ᠭᠡᠷᠢᠶᠡᠰ ᠨᠢ ᠬᠠᠤᠯᠢ ᠶᠢᠨ ᠬᠦᠴᠦᠨ ᠲᠠᠢ ᠦᠦ︖               ᠬᠠᠤᠯᠢ ᠢᠶᠠᠷ ᠲᠠᠶᠢᠯᠪᠤᠷᠢᠯᠠᠬᠤ ᠨᠢ               ᠬᠦᠴᠦᠨ ᠲᠠᠢ᠃ ᠢᠷᠭᠡᠨ ᠤ ᠬᠠᠤᠯᠢ ᠶᠢᠨ ᠪᠢᠴᠢᠭ ᠤᠨ ᠵᠠᠭᠤ  ᠭᠤᠴᠢᠨ ᠵᠢᠷᠭᠤᠳᠤᠭᠠᠷ  ᠵᠦᠢᠯ ᠳᠤ᠂ ᠭᠡᠷᠢᠶᠡᠰ ᠢ ᠳᠠᠷᠤᠮᠠᠯᠯᠠᠬᠤ ᠳᠤ ᠬᠤᠶᠠᠷ ᠠᠴᠠ ᠳᠡᠭᠡᠭᠰᠢ ᠭᠡᠷᠡᠴᠢᠯᠡᠭᠴᠢ ᠠᠬᠤᠢ ᠲᠠᠯᠠᠪᠤᠷ ᠲᠤ ᠭᠡᠷᠡᠴᠢᠯᠡᠬᠦ ᠬᠡᠷᠡᠭᠲᠡᠢ᠃ ᠭᠡᠷᠢᠶᠡᠰ ᠦᠯᠡᠳᠡᠭᠡᠭᠴᠢ ᠪᠠ ᠭᠡᠷᠡᠴᠢᠯᠡᠭᠴᠢ ᠭᠡᠷᠢᠶᠡᠰ ᠤᠨ ᠬᠠᠭᠤᠳᠠᠰᠤ ᠪᠦᠷᠢ ᠳᠤ ᠭᠠᠷ ᠤᠨ ᠦᠰᠦᠭ ᠢᠶᠠᠨ  ᠵᠢᠷᠤᠵᠤ ᠂ ᠣᠨ᠂  ᠰᠠᠷ᠎ᠠ᠂  ᠡᠳᠦᠷ ᠢ‌‍ᠲ᠋ᠣᠳᠣᠷᠬᠠᠢ ᠪᠢᠴᠢᠬᠦ ᠬᠡᠷᠡᠭᠲᠡᠢ ᠭᠡᠵᠦ ᠲᠣᠭᠲᠠᠭᠠᠵᠠ᠊ ᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号