ᠣᠮᠪᠣᠯᠣ ᠨᠢ ᠡᠪᠦᠭᠡ ᠶᠢᠨ ᠢᠶᠠᠨ ᠥᠪ ᠬᠥᠷᠥᠩᠭᠡ ᠶᠢ ᠵᠠᠯᠭᠠᠮᠵᠢᠯᠠᠵᠤ ᠪᠣᠯᠤᠨ᠎ᠠ ᠦᠦ︖
ᠨᠡᠶᠢᠲᠡᠯᠡᠭᠰᠡᠨ ᠴᠠᠭ᠄
2022/10/25
     ᠬᠡᠷᠡᠭ ᠤᠨ ᠵᠢᠱᠢᠶ᠎ᠡ              ᠸᠠᠩ ᠡᠪᠦᠭᠡ ᠭᠡᠨᠡᠳᠲᠡ ᠨᠠᠰᠤ ᠪᠠᠷᠠᠵᠠᠢ᠂ ᠲᠡᠷᠡ ᠠᠮᠢᠳᠤ ᠰᠡᠷᠡᠭᠦᠨ ᠪᠠᠶᠢᠬᠤ ᠳᠠᠭᠠᠨ ᠭᠡᠷᠢᠶᠡᠰ ᠦᠯᠡᠳᠡᠭᠡᠭᠰᠡᠨ ᠦᠭᠡᠢ ᠪᠣᠯᠬᠤᠷ ᠨᠢᠭᠡ ᠭᠡᠷ ᠤᠨ ᠬᠥᠮᠦᠰ  ᠸᠠᠩ ᠨᠠᠰᠤᠲᠠᠨ ᠤ ᠥᠪ ᠬᠥᠷᠤᠩᠭᠡ ᠶᠢᠨ ᠲᠤᠯᠠᠳᠠ ᠲᠦᠢᠯ ᠤᠨ ᠶᠡᠭᠡ ᠪᠠᠷ ᠮᠠᠷᠭᠤᠯᠳᠤᠵᠠᠢ᠃ᠤᠯᠠᠨ ᠳᠤ ᠣᠮᠲᠣᠭᠠᠶᠢᠯᠠᠭᠳᠠᠭᠰᠠᠭᠠᠷ ᠢᠷᠡᠭᠰᠡᠨ ᠸᠠᠩ ᠡᠪᠦᠭᠡ ᠶᠢᠨ ᠣᠮᠪᠣᠯᠣ ᠰᠢᠶᠤᠤ ᠸᠠᠩ ᠭᠡᠨᠡᠳᠲᠡ  ᠭᠠᠷᠴᠤ ᠢᠷᠡᠭᠡᠳ᠄︽ᠡᠪᠦᠭᠡ ᠠᠮᠢᠳᠤ ᠰᠡᠷᠡᠭᠦᠨ ᠪᠠᠶᠢᠬᠤ ᠳᠠᠭᠠᠨ ᠨᠠᠮᠠᠶᠢ ᠬᠠᠮᠤᠭ ᠠᠴᠠ ᠢᠯᠡᠭᠦᠦ ᠰᠠᠨᠠᠳᠠᠭ᠂ ᠶᠠᠮᠠᠷ ᠴᠤ ᠠᠮᠲᠠᠲᠤ ᠢᠳᠡᠭᠡᠨ ᠢ ᠪᠦᠷ‌ᠤᠷᠢᠳ ᠢᠶᠠᠷ ᠨᠠᠳᠠ ᠳᠤ ᠥᠭᠳᠡᠭ᠂ ᠡᠶᠢᠮᠦ ᠠᠴᠠ ᠪᠢ ᠡᠪᠦᠭᠡ ᠶᠢᠨ ᠥᠪ ᠬᠥᠷᠤᠩᠭᠡ ᠶᠢ ᠵᠠᠯᠭᠠᠮᠵᠢᠯᠠᠬᠤ ᠨᠢ ᠬᠠᠮᠤᠭ ‍ᠤᠨ‌ᠵᠤᠬᠢᠷᠠᠮᠵᠢᠲᠠᠢ ᠶᠤᠮ︾ ᠭᠡᠯ᠎ᠡ᠃ ᠣᠮᠪᠣᠯᠣ ᠪᠣᠯᠤᠭᠰᠠᠨ ᠰᠢᠶᠤᠤ ᠸᠠᠩ  ᠡᠪᠦᠭᠡ ᠶᠢᠨ ᠢᠶᠠᠨ  ᠥᠪ  ᠬᠥᠷᠤᠩᠭᠡ ᠶᠢ  ᠵᠠᠯᠭᠠᠮᠵᠢᠯᠠᠬᠤ‌‍ᠪᠣᠯᠤᠯᠴᠠᠭ᠎ᠠ ᠲᠠᠢ ᠦᠦ︖              ᠬᠠᠤᠯᠢ ᠢᠶᠠᠷ ᠲᠠᠶᠢᠯᠪᠤᠷᠢᠯᠠᠬᠤ ᠨᠢ              ᠪᠤᠯᠤᠮᠵᠢ   ᠲᠠᠢ᠃ ᠢᠷᠭᠡᠨ ᠤ ᠬᠠᠤᠯᠢ ᠶᠢᠨ ᠪᠢᠴᠢᠭ ᠤᠨ ᠵᠠᠭᠤ ᠬᠤᠷᠢᠨ ᠨᠠᠢᠮᠠᠳᠤᠭᠠᠷ ᠵᠦᠢᠯ ᠳᠤ᠂ ᠥᠪ ᠵᠠᠯᠭᠠᠮᠵᠢᠯᠠᠭᠤᠯᠤᠭᠴᠢ ᠶᠢᠨ ᠦᠷ᠎ᠡ ᠬᠡᠦᠬᠡᠳ ᠨᠢ ᠥᠪ  ᠵᠠᠯᠭᠠᠮᠵᠢᠯᠠᠭᠤᠯᠤᠭᠴᠢ ᠠᠴᠠ ᠡᠮᠦᠨ᠎ᠡ ᠦᠬᠦᠭᠰᠡᠨ ᠪᠠᠶᠢᠪᠠᠯ᠂ ᠥᠪ ᠵᠠᠯᠭᠠᠮᠵᠢᠯᠠᠭᠤᠯᠤᠭᠴᠢ ᠶᠢᠨ ᠦᠷ᠎ᠡ ᠬᠡᠦᠬᠡᠳ ᠤᠨ ᠰᠢᠭᠤᠳ ᠴᠢᠰᠤᠨ ᠲᠦᠷᠦᠯ ᠨᠢ ᠣᠷᠣᠯᠠᠨ   ᠵᠠᠯᠭᠠᠮᠵᠢᠯᠠᠨ᠎ᠠ ᠭᠡᠵᠦ‌‍ᠲ᠋ᠣᠭᠲᠠᠭᠠᠵᠠᠢ᠃ ᠥᠪ ᠵᠠᠯᠭᠠᠮᠵᠢᠯᠠᠭᠤᠯᠤᠭᠴᠢ ᠶᠢᠨ ᠠᠬ᠎ᠠ ᠳᠡᠭᠦᠦ ᠡᠭᠡᠴᠢ ᠥᠬᠢᠨ‌‍ᠲ᠋ᠡᠭᠦᠦ ᠨᠢ ᠥᠪ ᠵᠠᠯᠭᠠᠮᠵᠢᠯᠠᠭᠤᠯᠤᠭᠴᠢ ᠡᠴᠠ‌ᠡᠮᠦᠨ᠎ᠡ ᠦᠬᠦᠭᠰᠡᠨ  ᠪᠠᠶᠢᠪᠠᠯ᠂  ᠥᠪ  ᠵᠠᠯᠭᠠᠮᠵᠢᠯᠠᠭᠤᠯᠤᠭᠴᠢ ᠶᠢᠨ ᠠᠬ᠎ᠠ ᠳᠡᠭᠦᠦ ᠡᠭᠡᠴᠢ ᠥᠬᠢᠨ ᠳᠡᠭᠦᠦ ᠶᠢᠨ ᠦᠷ᠎ᠡ‌‍ᠬᠡᠦᠬᠡᠳ ᠨᠢ ᠣᠷᠣᠯᠠᠨ ᠵᠠᠯᠭᠠᠮᠵᠢᠯᠠᠨ᠎ᠠ᠃ ᠣᠷᠣᠯᠠᠨ  ᠵᠠᠯᠭᠠᠮᠵᠢᠯᠠᠭᠴᠢ ᠨᠢ  ᠡᠩ ᠤᠨ  ᠪᠠᠶᠢᠳᠠᠯ ᠳᠤ  ᠣᠷᠣᠯᠠᠭᠳᠠᠭᠴᠢ ᠵᠢᠨ‌ᠵᠠᠯᠭᠠᠮᠵᠢᠯᠠᠬᠤ ᠡᠷᠬᠡ ᠲᠠᠢ ᠥᠪ ᠬᠥᠷᠤᠩᠭᠡ ᠶᠢᠨ ᠬᠤᠪᠢ ᠶᠢ ᠯᠠ ᠵᠠᠯᠭᠠᠮᠵᠢᠯᠠᠵᠤ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号