ᠦᠷ᠎ᠡ ᠬᠡᠦᠬᠡᠳ ᠨᠢ ᠡᠴᠢᠭᠡ ᠡᠬᠡ ᠶᠢᠨ ᠢᠶᠠᠨ ᠭᠡᠷᠢᠶᠡᠰ ᠤᠨ ᠭᠡᠷᠡᠴᠢᠯᠡᠭᠴᠢ ᠪᠤᠯᠵᠤ ᠪᠣᠯᠤᠨ᠎ᠠ ᠦᠦ︖
ᠨᠡᠶᠢᠲᠡᠯᠡᠭᠰᠡᠨ ᠴᠠᠭ᠄
2022/10/25
      ᠬᠡᠷᠡᠭ ᠤᠨ ᠵᠢᠱᠢᠶ᠎ᠡ              ᠯᠢᠦ ᠨᠠᠰᠤᠲᠠᠨ ᠬᠤᠶᠠᠷ ᠬᠦᠦ ᠲᠠᠢ᠂ ᠬᠥᠭᠰᠢᠨ ᠨᠢ ᠨᠠᠰᠤ ᠪᠠᠷᠠᠭᠰᠠᠨ ᠤ ᠳᠠᠷᠠᠭ᠎ᠠ ᠶᠡᠷᠦ ᠨᠢ ᠪᠠᠭ᠎ᠠ ᠬᠦᠦ ᠲᠠᠢ ᠪᠡᠨ‌ᠠᠮᠢᠳᠣᠷᠠᠵᠤ᠂ ᠶᠡᠭᠡ ᠬᠦᠦ ᠨᠢ ᠯᠢᠦ ᠭᠤᠸᠠᠢ ᠶᠢ ᠳᠡᠮᠡᠢ ᠬᠠᠷᠠᠭᠠᠯᠵᠠᠳᠠᠭ ᠦᠭᠡᠢ ᠪᠠᠶᠢᠵᠠᠢ᠃ ᠯᠢᠦ ᠨᠠᠰᠤᠲᠠᠨ ᠨᠡᠷ᠎ᠡ ᠳᠣᠣᠷᠠᠬᠢ‌ᠡᠳ᠋ ᠬᠥᠷᠤᠩᠭᠡ ᠪᠠᠨ ᠪᠠᠭ᠎ᠠ ᠬᠦᠦ ᠳᠡᠭᠡᠨ ᠦᠯᠡᠳᠡᠭᠡᠵᠦ ᠥᠭᠬᠦ ᠬᠡᠳ ᠵᠡᠷᠭᠡᠯᠡᠳᠡᠭᠡ ᠠᠶᠢᠯ ᠤᠨ ᠬᠢᠨ ᠢ  ᠡᠷᠢᠵᠦ ᠭᠡᠷᠢᠶᠡᠰ ᠪᠢᠴᠢᠭᠦᠯᠵᠦ᠂  ᠵᠡᠷᠭᠡᠯᠡᠳᠡᠭᠡ ᠠᠶᠢᠯ ᠪᠣᠯᠤᠨ ᠪᠠᠭ᠎ᠠ ᠬᠦᠦ ᠨᠢ ᠭᠡᠷᠡᠴᠢᠯᠡᠭᠴᠢ ᠶᠢᠨ ᠬᠤᠪᠢ ᠪᠠᠷ ᠭᠡᠷᠢᠶᠡᠰ ᠳᠡᠭᠡᠷ᠎ᠡ ᠭᠠᠷ ᠤᠨ ᠦᠰᠦᠭ ᠵᠢᠷᠤᠵᠤ ᠲᠠᠮᠠᠭ᠎ᠠ ᠳᠠᠷᠤᠵᠠᠢ᠃ ᠯᠢᠦ ᠨᠠᠰᠤᠲᠠᠨ ᠨᠠᠰᠤ ᠪᠠᠷᠠᠭᠰᠠᠨ ᠤ ᠲᠠᠷᠠᠭ᠎ᠠ᠂ ᠬᠤᠶᠠᠷ ᠬᠦᠦ ᠨᠢ ᠥᠪ ᠵᠠᠯᠭᠠᠮᠵᠢᠯᠠᠬᠤ ᠡᠴᠠ‌‍ᠪᠤᠯᠵᠤ ᠵᠠᠭᠤᠷᠠᠯᠳᠤᠭᠠᠨ ᠡᠭᠦᠰᠴᠦ᠂ ᠶᠡᠭᠡ ᠬᠦᠦ ᠨᠢ ᠡᠨᠡ ᠬᠦ ᠣᠷᠣᠯᠠᠨ ᠪᠢᠴᠢᠭᠰᠡᠨ‌‍ᠭᠡᠷᠢᠶᠡᠰ ᠤᠨ ᠭᠡᠷᠡᠴᠢᠯᠡᠭᠴᠢ ᠨᠢ ᠬᠠᠤᠯᠢ ᠵᠢᠨ‌‍ᠲ᠋ᠣᠭᠲᠠᠭᠠᠯ ᠳᠤ ᠨᠡᠶᠢᠴᠡᠬᠦ ᠦᠭᠡᠢ ᠭᠡᠵᠦ ᠦᠵᠡᠭᠡᠳ ᠭᠡᠷᠢᠶᠡᠰ ᠢ ᠬᠦᠴᠦᠨ ᠦᠭᠡᠢ ᠪᠣᠯᠭᠠᠬᠤ  ᠶᠢ ᠵᠤᠷᠢᠪᠠ᠃ ᠲᠡᠭᠡᠪᠡᠯ  ᠦᠷ᠎ᠡ‌‍ᠬᠡᠦᠬᠡᠳ ᠨᠢ ᠡᠴᠢᠭᠡ ᠡᠬᠡ ᠶᠢᠨ ᠢᠶᠠᠨ ᠭᠡᠷᠢᠶᠡᠰ ᠤᠨ ᠭᠡᠷᠡᠴᠢᠯᠡᠭᠴᠢ ᠪᠤᠯᠵᠤ ᠪᠣᠯᠤᠨ᠎ᠠ ᠦᠦ︖               ᠬᠠᠤᠯᠢ ᠢᠶᠠᠷ ᠲᠠᠶᠢᠯᠪᠤᠷᠢᠯᠠᠬᠤ ᠨᠢ               ᠪᠣᠯᠬᠤ ᠥᠬᠡᠶ᠃ ᠢᠷᠭᠡᠨ ᠤ ᠬᠠᠤᠯᠢ ᠶᠢᠨ ᠪᠢᠴᠢᠭ ᠤᠨ ᠵᠠᠭᠤ  ᠳᠥᠴᠢᠳᠦᠭᠡᠷ ᠵᠦᠢᠯ ᠳᠤ ᠳᠣᠣᠷ᠎ᠠ ᠵᠢᠭᠰᠠᠭᠠᠭᠰᠠᠨ ᠬᠥᠮᠦᠰ ᠭᠡᠷᠢᠶᠡᠰ ᠤᠨ ᠭᠡᠷᠡᠴᠢᠯᠡᠭᠴᠢ ᠪᠤᠯᠵᠤ ᠪᠣᠯᠬᠤ ᠦᠭᠡᠢ ᠭᠡᠵᠦ ᠲᠣᠭᠲᠠᠭᠠᠪᠠ᠄  ︵ᠨᠢᠭᠡ︶ ᠢᠷᠭᠡᠨ ᠤ  ᠬᠡᠷᠡᠭ ᠤᠨ  ᠦᠢᠯᠡ‌ᠠᠵᠢᠯᠯᠠᠭ᠎ᠠ ᠶᠢᠨ ᠴᠢᠳᠠᠪᠤᠷᠢ ᠦᠭᠡᠢ ᠬᠥᠮᠦᠨ᠂ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ  ᠴᠢᠳᠠᠪᠤᠷᠢ ᠨᠢ ᠬᠢᠵᠠᠭᠠᠷᠲᠠᠢ‌‍ᠬᠥ᠋ᠮᠦᠨ ᠵᠢᠴᠢ ᠭᠡᠷᠡᠴᠢᠯᠡᠬᠦ ᠴᠢᠳᠠᠪᠤᠷᠢ ᠦᠭᠡᠢ ᠪᠤᠰᠤᠳ ᠬᠥᠮᠦᠨ︔ ︵ᠬᠤᠶᠠᠷ︶ᠥᠪ ᠵᠠᠯᠭᠠᠮᠵᠢᠯᠠᠭᠴᠢ᠂ ᠥᠪ ᠬᠦᠷᠲᠡᠭᠴᠢ︔ ︵ᠭᠤᠷᠪᠠ︶ ᠥᠪ ᠵᠠᠯᠭᠠᠮᠵᠢᠯᠠᠭᠴᠢ᠂ ᠥᠪ ᠬᠦᠷᠲᠡᠭᠴᠢ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号