ᠤᠬᠠᠭᠠᠨ ᠪᠠᠯᠠᠷᠬᠠᠶ ᠨᠠᠰᠤᠲᠠᠨ ᠤ ᠭᠡᠷᠢᠶᠡᠰ ᠬᠦᠴᠦᠨ ᠲᠠᠢ ᠦᠦ︖
ᠨᠡᠶᠢᠲᠡᠯᠡᠭᠰᠡᠨ ᠴᠠᠭ᠄
2022/10/26
      ᠬᠡᠷᠡᠭ ᠤᠨ ᠵᠢᠱᠢᠶ᠎ᠡ              ᠯᠢ ᠣᠪᠣᠭᠲᠤ ᠨᠠᠰᠤ ᠪᠠᠷᠠᠭᠰᠠᠨ ᠤ ᠲᠠᠷᠠᠭ᠎ᠠ᠂ ᠦᠷ᠎ᠡ ᠬᠡᠦᠬᠡᠳ ᠨᠢ ᠥᠪ ᠬᠥᠷᠤᠩᠭᠡ ᠶᠢ  ᠬᠤᠪᠢᠶᠠᠬᠤ ᠶᠠᠪᠤᠳᠠᠯ ‍ᠤᠨ‌‍ᠲ᠋ᠤᠬᠠᠢ ᠮᠠᠷᠭᠤᠯᠳᠤᠭᠠᠳ ᠵᠣᠭᠰᠣᠬᠤ ᠦᠭᠡᠢ ᠪᠠᠶᠢᠪᠠ᠃ ᠡᠨᠡ ᠦᠶ᠎ᠡ ᠳᠤ ᠤᠤᠭᠠᠨ ᠬᠦᠦ ᠨᠢ ᠡᠴᠢᠭᠡ ᠶᠢᠨ ᠢᠶᠠᠨ ᠠᠮᠢᠳᠤ‌‍ᠪᠠᠶᠢᠬᠤ ᠳᠠᠭᠠᠨ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠪᠢᠴᠢᠭ ᠤᠨ ᠭᠡᠷᠢᠶᠡᠰ ᠢ  ᠭᠠᠷᠭᠠᠵᠤ᠂ ᠭᠡᠷᠢᠶᠡᠰ ‍ᠤᠨ‌ᠠᠭᠤᠯᠭ᠎ᠠ ᠶᠢᠨ ᠶᠣᠰᠣᠭᠠᠷ ᠨᠠᠰᠤᠲᠠᠨ ᠤ ᠭᠡᠷ ᠬᠥᠷᠤᠩᠭᠡ ᠶᠢ ᠥᠪᠡᠷ ᠤᠨ ᠪᠡᠶ᠎ᠡ ᠳᠡᠭᠡᠨ ᠬᠤᠪᠢᠶᠠᠨ ᠥᠭᠴᠦ ᠥᠮᠴᠢᠯᠡᠭᠦᠯᠬᠦ  ᠶᠢ ᠵᠣᠷᠢᠪᠠ᠃ ᠪᠤᠰᠤᠳ ᠦᠷ᠎ᠡ ᠬᠡᠦᠬᠡᠳ ᠨᠢ ᠠᠪᠤ ᠮᠡᠨᠡᠭ ᠡᠪᠡᠳᠴᠢᠨ ᠪᠠ ᠣᠶᠣᠨ ᠮᠡᠳᠡᠷᠡᠯ ᠤᠨ ᠰᠠᠭᠠᠳ ᠲᠠᠢ ᠭᠡᠵᠦ ᠦᠵᠡᠪᠡ᠂ᠡᠭᠦᠨ ᠠᠴᠠ ᠡᠮᠤᠨ᠎ᠡ ᠪᠠᠰᠠ ᠭᠤᠶᠤᠴᠢᠯᠠᠯ ᠭᠠᠷᠭᠠᠭᠰᠠᠨ ᠳᠤ᠂ ᠰᠢᠭᠦᠬᠦ ᠬᠤᠷᠢᠶ᠎ᠠ ᠡᠴᠠ‌ᠡᠴᠢᠭᠡ ᠶᠢ ᠨᠢ ᠢᠷᠭᠡᠨ ᠤ ᠬᠡᠷᠡᠭ ‍ᠤᠨ‌ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠲᠠᠢ ᠬᠥᠮᠦᠨ ᠭᠡᠵᠦ ᠦᠵᠡᠪᠡ᠂ ᠡᠭᠦᠨ ᠢ ᠦᠨᠳᠦᠰᠦᠯᠡᠪᠡᠯ ᠲᠤᠰ  ᠭᠡᠷᠢᠶᠡᠰ ᠬᠦᠴᠦᠨ ᠲᠠᠢ ᠦᠦ︖              ᠬᠠᠤᠯᠢ ᠢᠶᠠᠷ ᠲᠠᠶᠢᠯᠪᠤᠷᠢᠯᠠᠬᠤ ᠨᠢ            ᠬᠦᠴᠦᠨ ᠦᠭᠡᠢ᠃ ᠢᠷᠭᠡᠨ ᠤ ᠬᠠᠤᠯᠢ ᠶᠢᠨ ᠪᠢᠴᠢᠭ ᠤᠨ ᠵᠠᠭᠤ ᠳᠥᠴᠢᠨ ᠭᠤᠷᠪᠠᠳᠤᠭᠠᠷ ᠵᠦᠢᠯ ᠳᠤ᠂ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠦᠭᠡᠢ  ᠬᠥᠮᠦᠨ  ᠪᠤᠶᠤ  ᠢᠷᠭᠡᠨ ᠤ ᠬᠡᠷᠡᠭ ᠤᠨ ᠦᠢᠯᠡ ᠠᠵᠢᠯᠯᠠᠭ᠎ᠠ ᠵᠢᠨ‌‍ᠴᠢᠳᠠᠪᠤᠷᠢ ᠨᠢ ᠬᠢᠵᠠᠭᠠᠷᠲᠠᠢ ᠬᠥᠮᠦᠨ ᠤ ᠭᠡᠷᠢᠶᠡᠰ ᠨᠢ ᠬᠦᠴᠦᠨ ᠦᠭᠡᠢ ᠭᠡᠵᠦ ᠲᠣᠭᠲᠠᠭᠠᠵᠠᠢ᠃ ᠭᠡᠷᠢᠶᠡᠰ ᠨᠢ ᠡᠷᠬᠡᠪᠰᠢ  ᠭᠡᠷᠢᠶᠡᠰ‌ᠦᠯᠡᠳᠡᠭᠡᠭᠴᠢ ᠶᠢᠨ ᠦᠨᠡᠨ ᠰᠠᠨᠠᠭ᠎ᠠ ᠶᠢ ᠢᠯᠡᠳᠬᠡᠭᠰᠡᠨ ᠪᠠᠶᠢᠬᠤ ᠬᠡᠷᠡᠭᠲᠡᠢ᠂ ᠮᠡᠬᠡᠯᠡᠭᠳᠡᠵᠦ᠂ ᠰᠦᠷᠳᠡᠭᠳᠡᠵᠦ ᠪᠠᠶᠢᠭᠠᠳ‌ᠦᠯᠡᠳᠡᠭᠡᠭᠰᠡᠨ ᠭᠡᠷᠢᠶᠡᠰ ᠬᠦᠴᠦᠨ  ᠦᠭᠡᠢ᠃  ᠬᠠᠭᠤᠷᠮᠠᠭᠯᠠᠨ ᠵᠣᠬᠢᠶᠠᠭᠰᠠᠨ ᠭᠡᠷᠢᠶᠡᠰ ᠬᠦᠴᠦᠨ ᠦᠭᠡᠢ᠃  ᠭᠡᠷᠢᠶᠡᠰ ᠢ ᠥᠭᠡᠷᠡᠲᠦᠭᠦᠯᠦᠭᠰᠡᠨ ᠪᠠᠶᠢᠪᠠᠯ ᠥᠭᠡᠷᠡᠲᠦᠭᠦᠯᠦᠭᠰᠡᠨ ᠠᠭᠤᠯᠭ᠎ᠠ ᠨᠢ ᠬᠦᠴᠦᠨ ᠦᠭᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号