ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠪᠤᠳᠤᠭᠠᠷ ᠣᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/3
     9 ᠰᠠᠷ᠎ᠠ ᠶᠢᠨ 28 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠪᠤᠳᠤᠭᠠᠷ ᠣᠳᠠᠭᠠᠨ ᠤ ᠬᠤᠷᠠᠯ ᠬᠤᠷᠠᠯᠳᠤᠭᠤᠯᠪᠠ᠃  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ ᠵᠢᠴᠢ ᠬᠡᠰᠢᠬᠦᠨ ᠨᠠᠶᠢᠳᠠ 27 ᠬᠦᠮᠦᠨ ᠬᠤᠷᠠᠯ ᠳᠤ ᠣᠷᠣᠯᠴᠠᠵᠠᠢ᠃ ᠯᠢ ᠵᠢᠶᠦ᠋ᠨ᠂ ᠬᠤ᠋ ᠰᠢᠶᠠ ᠲᠤᠰ ᠲᠤᠰ ᠠᠩᠬᠠᠳᠤᠭᠠᠷ ᠤᠳᠠᠭ᠎ᠠ ᠪᠣᠯᠤᠨ ᠬᠤᠶᠠᠳᠤᠭᠠᠷ ᠣᠳᠠᠭᠠᠨ ᠤ ᠪᠦᠬᠦᠳᠡ ᠬᠤᠷᠠᠯ ᠢ ᠡᠷᠬᠢᠯᠡᠪᠡ᠃      ᠲᠣᠭᠤᠷᠢᠭ ᠤᠨ ᠳᠡᠳ᠋ ᠳᠠᠷᠤᠭ᠎ᠠ ᠵᠠᠢ ᠶᠦᠨ ᡂᠢ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢᠦ ᠡᠾᠦ᠋ᠢ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠸᠠᠩ ᠶᠤᠸᠠᠨ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠶᠠᠨ ᠯᠢ ᠬᠤᠷᠠᠯ ᠳᠤ ᠣᠷᠣᠯᠴᠠᠵᠠᠢ᠃  
    ᠬᠤᠷᠠᠯ ᠠᠴᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠵᠧᠤ ᠶᠦᠩ ᠹᠧᠩ ᠤᠨ ᠬᠢᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠮᠡᠳᠡᠭᠦᠯᠦᠯᠲᠡ ᠶᠢ ᠰᠤᠨᠤᠰᠴᠤ ᠬᠢᠨᠠᠨ ᠵᠦᠪᠯᠡᠨ ᠪᠠᠳᠤᠯᠠᠪᠠ᠃    ᠬᠤᠷᠠᠯ ᠠᠴᠠ ᠴᠢᠨ ᠵᠢᠶᠦ᠋ᠨ ᠤ ᠬᠢᠭᠰᠡᠨ ᠵᠤᠤ ᠽᠧᠩ ᠡᠦ ᠵᠡᠷᠭᠡ ᠨᠥᠬᠦᠳ ᠤᠨ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠤᠭᠰᠠᠨ ᠶᠠᠪᠤᠳᠠᠯ ᠤᠨ ᠲᠤᠬᠠᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠰᠣᠨᠣᠰᠴᠤ᠂ ᠵᠤᠤ ᠽᠧᠩ ᠡᠦ᠂ ᠵᠠᠩ ᠸᠧᠢ᠂ ᠯᠢ ᠹᠸᠢ ᠨᠠᠷ ᠤᠨ ᠬᠦᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠵᠦᠪᠰᠢᠶᠡᠷᠡᠵᠡᠢ᠃      ᠬᠤᠷᠠᠯ ᠠᠴᠠ ᠲᠤᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ ᠯᠢ ᠬᠤᠩ ᠢᠦᠢ᠂ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠭᠤᠤ ᠰᠢᠨ᠂ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢᠦ ᠬᠠᠢ ᠴᠢᠩ ᠤᠨ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠬᠰᠠᠨ ᠪᠦᠬᠡᠳ ᠬᠢᠨᠠᠨ ᠵᠥᠪᠯᠡᠵᠦ᠂ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠳᠠᠷᠤᠭ᠎ᠠ ᠰᠢᠤᠢ ᠶᠦᠩ ᠰᠢᠨ ᠪᠣᠯᠤᠨ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 3ᠲᠥᠯᠥᠭᠡᠯᠡᠭᠴᠢ ᠶᠢᠨ ᠪᠢᠴᠢᠭ ᠤᠨ ᠬᠡᠯᠪᠡᠷᠢ ᠪᠠᠷ ᠳᠡᠪᠰᠢᠭᠦᠯᠦᠭᠰᠡᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠂ ᠬᠤᠷᠠᠯ ᠠᠴᠠ ᠳᠡᠭᠡᠷ᠎ᠡ ᠳᠤᠷᠠᠳᠤᠭᠰᠠᠨ ᠮᠡᠳᠡᠭᠦᠯᠦᠯᠲᠡ ᠳᠤ ᠬᠠᠨᠤᠮᠵᠢᠲᠠᠢ ᠪᠠᠶᠢᠬᠤ ᠬᠡᠮᠵᠢᠶ᠎ᠡ ᠳᠤ ᠪᠠᠲᠤᠯᠠᠯᠲᠠ ᠬᠢᠵᠦ᠂ ᠪᠠᠲᠤᠯᠠᠯᠲᠠ ᠶᠢᠨ ᠦᠷ᠎ᠡ ᠳ᠋ᠦᠩ ᠳᠤ ᠴᠥᠮ ᠬᠠᠨᠤᠮᠵᠢᠲᠠᠢ ᠪᠠᠶᠢᠪᠠ᠃
      ᠬᠤᠷᠠᠯ ᠠᠴᠠ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠠᠴᠠ ᠲᠤᠭᠤᠷᠢᠭ ᠤᠨ ᠠᠷᠠᠳ ᠤᠨ ᠰᠢᠬᠦᠬᠦ ᠬᠤᠷᠢᠶᠠᠨ ᠤ ︽ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ᠶᠢ ᠵᠥᠪᠰᠢᠶᠡᠷᠡᠬᠦ ᠲᠤᠬᠠᠢ ᠲᠣᠭᠲᠠᠭᠠᠯ ︵ᠲᠥᠰᠦᠯ︶ ᠢ ᠪᠠᠲᠤᠯᠠᠪᠠ᠃       ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠥᠬᠦᠶ ᠵᠦᠶᠯᠡᠰ ᠢ ᠬᠢᠨᠠᠨ ᠵᠥᠪᠯᠡᠵᠦ ᠪᠠᠲᠤᠯᠠᠪᠠ᠃ ᠯᠢ ᠵᠢᠶᠦ᠋ᠨ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠦᠨᠳᠦᠰᠦᠨ ᠬᠠᠤᠯᠢ ᠳᠤ ᠲᠠᠩᠭᠠᠷᠢᠭᠯᠠᠪᠠ᠃ ︵ᠢᠷᠡᠯᠲᠡ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号