ᠥᠳᠥᠨ ᠪᠥᠮᠪᠦᠭᠡ ᠴᠣᠬᠢᠭᠠᠳ ᠨᠢᠳᠦ ᠰᠢᠷᠬᠠᠳᠤᠭᠰᠠᠨ ᠢ ᠬᠡᠨ ᠬᠠᠷᠢᠭᠤᠴᠠᠬᠤ ᠪᠤᠶ︖
ᠨᠡᠶᠢᠲᠡᠯᠡᠭᠰᠡᠨ ᠴᠠᠭ᠄
2022/10/30
     ᠬᠡᠷᠡᠭ ᠤᠨ ᠵᠢᠱᠢᠶ᠎ᠡ              ᠰᠦᠩ ᠠᠪᠤᠭᠠᠢ ᠥᠳᠥᠨ ᠪᠥᠮᠪᠦᠭᠡ ᠶᠢᠨ ᠤᠷᠤᠯᠳᠤᠭᠠᠨ ᠳᠤ ᠣᠷᠣᠯᠴᠠᠵᠤ᠂ ᠪᠥᠮᠪᠥᠭᠡᠨ ᠨᠠᠶᠢᠵᠠ ᠵᠧᠦ  ᠠᠪᠤᠭᠠᠢ ᠵᠢᠨ‌‍ᠴᠣᠬᠢᠵᠤ ᠢᠷᠡᠭᠦᠯᠦᠭᠰᠡᠨ ᠥᠳᠥᠨ ᠪᠥᠮᠪᠥᠭᠡᠨ ᠳᠤ ᠪᠠᠷᠠᠭᠤᠨ ᠨᠢᠳᠦ ᠪᠠᠨ ᠰᠢᠷᠬᠠᠲᠤᠭᠤᠯᠪᠠ᠃ ᠬᠡᠷᠡᠭ ᠭᠠᠷᠤᠭᠰᠠᠨ ᠤ ᠳᠠᠷᠠᠭ᠎ᠠ ᠵᠧᠤ ᠠᠪᠤᠭᠠᠶ ᠰᠠᠨᠠᠭᠠᠴᠢᠯᠠᠭ᠎ᠠ ᠠᠴᠠ ᠪᠠᠨ ᠰᠥᠩ ᠠᠪᠤᠭᠠᠶ ᠳᠤ ᠪᠠᠷ᠎ᠠ ᠪᠣᠯᠵᠤ ᠡᠮᠨᠡᠭᠦᠯᠦᠭᠰᠡᠨ ᠪᠥᠭᠡᠳ ᠡᠮᠨᠡᠯᠭᠡ ᠶᠢᠨ  ᠵᠠᠷᠤᠳᠠᠯ ᠢ‌ᠣᠷᠣᠯᠠᠨ ᠲᠤᠰᠢᠶᠠᠵᠠᠶ᠃ ᠰᠡᠭᠦᠯᠡᠷ ᠨᠢ ᠰᠥᠩ ᠠᠪᠤᠭᠠᠶ ᠠᠴᠠ ᠵᠧᠤ ᠠᠪᠤᠭᠠᠶ ᠶᠢ ᠰᠢᠭᠦᠬᠦ ᠬᠤᠷᠢᠶᠠᠨ ᠳᠤ ᠵᠠᠭᠠᠯᠳᠤᠵᠤ ᠲᠥᠯᠥᠪᠦᠷᠢ ᠠᠪᠬᠤ ᠪᠠᠷ ᠱᠠᠭᠠᠷᠳᠠᠵᠠᠶ᠃ ᠵᠧᠤ ᠠᠪᠤᠭᠠᠶ ᠰᠥᠩ ᠠᠪᠤᠭᠠᠶ ᠶᠢᠨ ᠰᠢᠷᠬᠠᠲᠤᠭᠰᠠᠨ ᠳᠤ ᠬᠠᠷᠢᠭᠤᠴᠠᠯᠭ᠎ᠠ ᠡᠭᠦᠷᠭᠡᠯᠡᠨ᠎ᠡ ᠦᠦ︖             ᠬᠠᠤᠯᠢ ᠢᠶᠠᠷ ᠲᠠᠶᠢᠯᠪᠤᠷᠢᠯᠠᠬᠤ ᠨᠢ             ᠬᠡᠷᠡᠭ ᠥᠬᠡᠶ᠃ ᠢᠷᠭᠡᠨ ᠤ ᠬᠠᠤᠯᠢ ᠶᠢᠨ ᠪᠢᠴᠢᠭ ᠤᠨ ᠨᠢᠭᠡ ᠮᠢᠩᠭ᠎ᠠ ᠨᠢᠭᠡ‌ᠵᠠᠭᠤ ᠳᠠᠯᠠᠨ ᠵᠢᠷᠭᠤᠳᠤᠭᠠᠷ ᠵᠦᠢᠯ ᠳᠤ᠂ᠵᠣᠬᠢᠬᠤ ᠠᠶᠤᠯ ᠲᠦᠭᠰᠢᠭᠦᠷᠢ ᠪᠦᠬᠦᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ  ᠣᠷᠣᠯᠴᠠᠵᠤ᠂ ᠪᠤᠰᠤᠳ ᠣᠷᠣᠯᠴᠠᠭᠴᠢ ᠶᠢᠨ ᠦᠢᠯᠡ ᠠᠵᠢᠯᠯᠠᠭ᠎ᠠ ᠠᠴᠠ ᠪᠤᠯᠵᠤ ᠬᠤᠬᠢᠷᠠᠯ ᠳᠤ ᠤᠴᠠᠷᠠᠭᠰᠠᠨ ᠪᠠᠶᠢᠪᠠᠯ  ᠬᠤᠬᠢᠷᠠᠯ ᠠᠮᠰᠠᠭᠴᠢ ᠨᠢ ᠪᠤᠰᠤᠳ ᠣᠷᠣᠯᠴᠠᠭᠴᠢ ᠪᠠᠷ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠵᠤ ᠪᠣᠯᠬᠤ ᠦᠭᠡᠢ ᠭᠡᠵᠦ ᠲᠣᠭᠲᠠᠭᠠᠵᠠᠢ᠃ ᠭᠡᠪᠡᠴᠦ ᠪᠤᠰᠤᠳ ᠣᠷᠣᠯᠴᠠᠭᠰᠠᠳ ᠤᠨ ᠵᠣᠷᠢᠭᠤᠳᠠ ᠪᠤᠶᠤ ᠬᠦᠨᠳᠦ ᠶᠡᠭᠡ ᠠᠳᠡᠯ ᠭᠠᠷᠭᠠᠭᠰᠠᠨ ᠨᠢ ᠡᠭᠦᠨ ᠳᠤ ᠪᠠᠭᠲᠠᠬᠤ ᠤᠢᠭᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号