ᠶᠢᠨ ᠶᠦᠩ ᠯᠢ᠂ ᠲᠢᠶᠠᠨ ᠬᠤᠩ ᠴᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠣᠨ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠢ ᠪᠤᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/10/4
     10 ᠰᠠᠷ᠎ᠠ ᠶᠢᠨ 1 ᠤ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠣᠨ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ᠃
      ᠶᠢᠨ ᠶᠦᠩ ᠯᠢ ᠨᠡᠷ ᠤᠷᠢᠳ ᠬᠤᠵᠢᠳ ᠪᠤᠭᠤᠲᠤ ᠪᠤᠯᠤᠳ ᠺᠣᠮᠫᠠᠨᠢ ᠶᠢᠨ ᠤᠷᠢᠳᠴᠢᠯᠠᠨ ᠰᠡᠷᠬᠡᠶᠢᠯᠡᠬᠦ ᠡᠷᠡᠬᠦᠯᠵᠢᠯ ᠤᠨ ᠲᠥᠪ᠂ ᠪᠤᠭᠤᠲᠤ ᠪᠤᠯᠤᠳ ᠤᠨ ᠦᠨᠳᠦᠷ ᠬᠤᠷᠳᠣᠴᠠᠲᠣ ᠵᠠᠰᠠᠮᠠᠯ ᠵᠠᠮ ᠤᠨ ᠬᠤᠷᠢᠭ᠎ᠠ ᠪᠣᠭᠤᠮᠲᠠ᠂ ᠪᠤᠭᠤᠲᠤ ᠶᠢᠨ ᠪᠠᠷᠠᠭᠤᠨ ᠬᠡᠰᠡᠭ ᠲᠠᠬᠢ ᠦᠨᠳᠦᠷ ᠬᠤᠷᠳᠣᠴᠠᠲᠣ ᠵᠠᠰᠠᠮᠠᠯ ᠵᠠᠮ ᠤᠨ ᠬᠤᠷᠢᠭ᠎ᠠ ᠪᠤᠭᠤᠮᠳᠠ᠂ ᠪᠤᠭᠤᠲᠤ ᠶᠢᠨ ᠭᠠᠯᠲᠤ ᠲᠡᠷᠭᠡᠨ ᠦᠷᠳᠡᠭᠡ ᠵᠢᠴᠢ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠬᠦᠷᠴᠦ᠂ ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠤᠨ ᠪᠠᠶᠢᠴᠠᠭᠠᠯᠳᠠ᠂ ᠠᠷᠤ ᠲᠠᠯ᠎ᠠ ᠶᠢᠨ ᠦᠢᠯᠡᠴᠢᠯᠡᠭᠡ ᠪᠠᠲᠤᠯᠠᠭ᠎ᠠ᠂ ᠵᠢᠵᠢᠭᠦᠷᠯᠡᠨ ᠰᠠᠬᠢᠬᠤ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ︽ᠲᠠ ᠤᠯᠠᠨ ᠤ ᠬᠡᠳᠦᠨ ᠡᠳᠦᠷ ᠤᠨ  ᠲᠤᠷᠰᠢ ᠠᠵᠢᠯ ᠤᠨ ᠪᠠᠶᠢᠷᠢ ᠪᠠᠨ ᠪᠠᠳᠤ ᠰᠠᠬᠢᠵᠤ ᠬᠤᠪᠢ ᠨᠡᠮᠡᠷᠢ ᠦᠵᠡᠬᠦᠯᠦᠭᠰᠡᠨ ᠳᠤ ᠲᠠᠯᠠᠷᠬᠠᠵᠤ ᠪᠠᠶᠢᠨ᠎ᠠ᠂ ᠤᠯᠠᠨ ᠢᠶᠠᠷ ᠢᠶᠠᠨ ᠵᠦᠳᠡᠷᠡᠯ᠎ᠡ︕︾ ᠶᠢᠨ ᠶᠦᠩ ᠯᠢ ᠪᠠᠶᠠᠷ ᠤᠨ ᠡᠳᠦᠷ ᠤᠨ ᠬᠤᠭᠤᠴᠠᠭᠠᠨ ᠳᠤ ᠦᠷᠭᠦᠯᠵᠢᠯᠡᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠠᠵᠢᠯᠲᠠᠳ ᠲᠤ ᠳᠣᠲᠣᠨᠣ ᠮᠡᠨᠳᠦᠴᠢᠯᠡᠯ ᠪᠠ ᠴᠢᠩ ᠰᠡᠳᠬᠢᠯ ᠤᠨ ᠲᠠᠯᠠᠷᠬᠠᠯ ᠳᠡᠪᠰᠢᠭᠦᠯᠬᠦ ᠶᠢᠨ ᠬᠠᠮᠲᠤ ᠲᠡᠳᠡᠨ ᠢ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ᠂ ᠡᠷᠬᠡᠪᠰᠢ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠲᠣᠰ ᠪᠡᠶ᠎ᠡ ᠶᠢᠨ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠪᠠᠨ ᠬᠠᠮᠠᠭᠠᠯᠠᠬᠤ ᠬᠡᠷᠡᠭᠲᠡᠶ ᠭᠡᠵᠦ ᠵᠠᠬᠢᠪᠠ᠃
      ᠶᠢᠨ ᠶᠦᠩ ᠯᠢ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠥᠮᠦᠨ ᠬᠠᠷ᠎ᠠ ᠶᠢᠨ ᠨᠠᠭᠠᠰᠢ ᠴᠠᠭᠠᠰᠢ ᠶᠠᠪᠤᠬᠤ ᠨᠢ ᠣᠯᠠᠰᠢᠷᠠᠵᠤ᠂ ᠤᠯᠠᠨ ᠬᠦᠮᠦᠨ ᠬᠤᠷᠠᠨ ᠴᠤᠭᠯᠠᠷᠠᠬᠤ ᠠᠵᠢᠯᠯᠠᠭ᠎ᠠ ᠨᠡᠮᠡᠭᠳᠡᠨ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂  ᠲᠤᠳᠤᠨ᠎ᠠ ᠪᠠᠨ ᠲᠠᠬᠢᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠣᠯᠤᠨ ︽ᠡᠪᠡᠳᠴᠢᠨ ᠤ ᠵᠢᠱᠢᠶ᠎ᠡ ᠦᠬᠡᠢ ᠪᠤᠯᠭᠠᠬᠤ︾ ᠶᠡᠷᠦᠩᠬᠡᠢ ᠴᠢᠭᠯᠡᠯᠲᠡ ᠶᠢ ᠡᠷᠡᠰ ᠲᠤᠭᠤᠰᠢᠯᠠᠭᠤᠯᠵᠤ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠲᠤᠰᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠲᠤᠰᠠᠭᠠᠷᠯᠠᠵᠤ ᠦᠯᠡᠳᠡᠭᠡᠨ ᠠᠵᠢᠭᠯᠠᠬᠤ ᠠᠵᠢᠯ ᠢ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠶ ᠥᠷᠨᠢᠭᠦᠯᠬᠦ ᠬᠡᠷᠡᠭᠲᠡᠶ᠃ ᠵᠠᠮ ᠬᠠᠷᠢᠯᠴᠠᠭᠠᠨ ᠤ ᠬᠤᠷᠢᠭ᠎ᠠ ᠪᠣᠭᠤᠮᠲᠠ ᠳᠤ ᠪᠠᠶᠢᠴᠠᠭᠠᠨ ᠰᠢᠯᠭᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠡᠷᠭᠡ ᠪᠦᠬᠦᠨ ᠢ  ᠵᠠᠪᠠᠯ ᠪᠠᠶᠢᠴᠠᠭᠠᠵᠤ᠂ ᠬᠥᠮᠦᠨ ᠪᠦᠬᠦᠨ ᠢ ᠵᠠᠪᠠᠯ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠢ᠃ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠣᠯ ᠪᠦᠬᠦ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠮᠡᠳᠡᠷᠡᠯ ᠤᠨ ᠲᠥᠪ︾ ᠪᠣᠯᠤᠨ᠎ᠠ᠂ ᠪᠤᠢ ᠪᠦᠬᠦᠢ ᠠᠵᠢᠯᠲᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠦᠪᠴᠢ ᠶᠢ ᠴᠠᠭ ᠢᠮᠠᠭᠲᠠ  ᠴᠢᠩᠳᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠯ᠎ᠡ ᠭᠤᠭᠴᠤᠭ᠎ᠠ  ᠳᠠᠬᠢ ᠲᠡᠷᠡ ᠲᠤᠤᠷ᠎ᠠ ᠨᠢ ᠠᠷᠭᠠᠴᠠᠭᠠᠬᠤ᠂ ᠬᠦᠴᠦᠲᠡᠢ ᠠᠷᠭ᠎ᠠ ᠬᠡᠮᠵᠢᠶ᠎ᠡ ᠠᠪᠬᠤ᠂ ᠥᠨᠳᠥᠷ ᠪᠦᠲᠦᠮᠵᠢᠲᠡᠢ ᠬᠠᠮᠢᠶᠠᠷᠤᠨ ᠡᠵᠡᠮᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠷᠤ ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠴᠢᠨᠠᠭᠰᠢᠳᠠ ᠰᠠᠶᠢᠲᠤᠷ ᠬᠢᠵᠦ᠂ ᠡᠯ᠎ᠡ ᠵᠦᠶᠯ ᠤᠨ ᠬᠠᠯᠠᠮᠵᠢᠯᠠᠨ ᠬᠠᠶᠢᠷᠠᠯᠠᠬᠤ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ᠵᠢᠵᠢᠭᠦᠷᠯᠡᠨ ᠰᠠᠬᠢᠵᠤ ᠪᠠᠶᠢᠭ᠎ᠠ ᠬᠥᠮᠦᠰ ᠤᠨ ᠢᠮᠠᠭᠲᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠬᠤ ᠶᠢ ᠪᠠᠲᠤᠯᠠᠵᠤ᠂ ᠠᠷᠠᠳ ᠣᠯᠠᠨ ᠤ ᠡᠷᠡᠭᠦᠯ ᠮᠡᠨᠳᠦ ᠠᠮᠤᠷ ᠠᠮᠤᠭᠤᠯᠠᠩ᠂ ᠪᠠᠶᠠᠷ ᠪᠠᠶᠠᠰᠤᠯ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠲᠤᠭᠤᠷᠢᠭ ᠤᠨ ᠤᠳᠤᠷᠢᠳᠤᠯᠭ᠎ᠠ ᠯᠢ ᠴᠠᠩ ᠮᠤᠤ᠂ ᠰᠢᠶᠧ ᠵᠢᠶᠦ᠋ᠨ ᠵᠢᠶᠧ᠂ ᠭᠤᠤ ᠮᠢᠩ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠲᠣᠬᠤᠨᠢᠭᠤᠯᠪᠠ᠃ ︵ᠰᠤᠷᠪᠤᠯᠵᠢᠯᠠᠭᠴᠢ᠄ ᠶᠠᠨ ᠢ ᠫᠸᠢ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号