ᠲᠢᠶᠠᠨ ᠬᠤᠩ ᠴᠧᠩ ᠪᠠᠶᠠᠷ ᠤᠨ ᠡᠳᠦᠷ ᠠᠴᠠ ᠡᠮᠦᠨ᠎ᠡ ᠢᠳᠡᠭᠡᠨ ᠤ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/10/4
       9 ᠰᠠᠷ᠎ᠠ ᠶᠢᠨ 30 ᠤ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠢᠳᠡᠭᠡᠨ ᠤ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃       ᠵᠢᠶᠦ᠋ᠨ ᠡᠾᠧ ᠲᠥᠷᠥᠯ ᠵᠦᠶᠯ ᠤᠨ ᠲᠤᠬᠠᠶ ᠶᠢᠨ ᠲᠠᠯᠠᠪᠠᠶ ᠳᠤ᠂ ᠲᠢᠶᠠᠨ ᠬᠤᠩ ᠴᠧᠩ ᠪᠠᠷᠢᠯᠭ᠎ᠠ ᠶᠢᠨ ᠭᠠᠵᠠᠷ ᠤᠨ  ᠠᠵᠢᠯᠯᠠᠬᠤ ᠣᠷᠴᠢᠨ ᠲᠣᠭᠤᠷᠢᠨ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠲᠤᠨᠤᠭ ᠲᠥᠬᠦᠭᠡᠷᠦᠮᠵᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠵᠤ᠂ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠲᠦᠷᠢᠮ ᠵᠡᠷᠭᠡ ᠠᠶᠤᠯᠭᠦᠶ ᠦᠶᠯᠡᠳᠪᠦᠷᠢᠯᠡᠯ ᠤᠨ ᠠᠵᠢᠯ ᠤᠨ ᠪᠠᠶᠢᠳᠠᠯ ᠢ ᠨᠠᠷᠢᠨ ᠠᠰᠠᠭᠤᠪᠠ᠃ ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠬᠥᠮᠦᠰ ᠤᠨ ᠣᠷᠣᠵᠤ ᠭᠠᠷᠬᠤ ᠬᠠᠮᠢᠶᠠᠷᠤᠯᠲᠠ ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠨᠠᠷᠢᠯᠢᠭ ᠬᠡᠷᠡᠭᠵᠢᠬᠦᠯᠵᠤ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠠᠶᠤᠯᠭᠦᠶ ᠦᠶᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠣᠶ ᠪᠣᠯᠭᠠᠵᠤ᠂ ᠭᠤᠤᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ᠂ ᠭᠡᠨᠡᠳᠲᠡ ᠶᠢᠨ ᠡᠬᠦᠰᠬᠦ ᠠᠮᠤᠷ ᠲᠦᠪᠰᠢᠨ ᠤ ᠪᠠᠶᠢᠳᠠᠯ ᠢ ᠴᠠᠭ ᠲᠤᠬᠠᠶ ᠳᠤ ᠨᠢ ᠪᠦᠲᠦᠮᠵᠢᠲᠡᠶ ᠠᠷᠭᠠᠴᠠᠭᠠᠵᠤ᠂ ᠪᠥᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠬᠠᠮᠠᠭᠠᠯᠠᠬᠤ ᠬᠡᠷᠡᠭᠲᠡᠶ ᠬᠡᠵᠤ ᠴᠢᠬᠤᠯᠠᠴᠢᠯᠠᠪᠠ᠃      ᠳᠠᠷᠠᠭ᠎ᠠ ᠨᠢ᠂ ᠲᠢᠶᠠᠨ ᠬᠤᠩ ᠴᠧᠩ ᠨᠡᠷ ᠰᠢᠨᠬᠤᠸᠠ ᠨᠣᠮ ᠤᠨ ᠳᠡᠯᠭᠡᠭᠦᠷ ᠲᠤ ᠬᠦᠷᠴᠦ᠂ ᠭᠠᠯ ᠢ ᠰᠡᠷᠭᠡᠶᠢᠯᠡᠵᠤ ᠭᠠᠯ ᠤᠨᠳᠠᠷᠠᠭᠠᠬᠤ ᠲᠤᠨᠤᠭ ᠲᠥᠬᠦᠭᠡᠷᠦᠮᠵᠢ ᠪᠣᠯᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠢᠶᠠᠨ ᠬᠤᠩ ᠴᠧᠩ᠂ ᠪᠠᠶᠠᠷ ᠳᠤᠷᠠᠰᠬᠠᠯ ᠠᠮᠠᠷᠠᠯᠳᠠ ᠶᠢᠨ ᠡᠳᠦᠷ ᠤᠨ ᠬᠤᠭᠤᠴᠠᠭᠠᠨ ᠳᠤ ᠬᠡᠷᠡᠭᠯᠡᠭᠴᠢᠳ ᠤᠨ ᠲᠤᠭ᠎ᠠ ᠲᠦᠷᠭᠡᠨ ᠨᠡᠮᠡᠭᠳᠡᠨ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠵᠡᠷᠭᠡ ᠪᠠᠷ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠦᠲᠦᠮᠵᠢᠲᠡᠢ ᠠᠬᠢᠭᠤᠯᠵᠤ᠂ ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠪᠦᠬᠦ ᠬᠦᠴᠦᠨ ᠢᠶᠠᠷ ᠢᠶᠠᠨ ᠬᠥᠭᠵᠢᠭᠡᠬᠦ ᠬᠡᠷᠡᠭᠲᠡᠢ᠃ ᠴᠠᠬᠢᠯᠭᠠᠨ ᠬᠡᠷᠡᠭᠯᠡᠬᠦ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠵᠢᠯᠲᠠᠨ ᠤ ᠠᠮᠤᠷ ᠲᠦᠪᠰᠢᠨ ᠤ ᠬᠥᠮᠦᠵᠢᠯ ᠪᠣᠯᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠡᠯ᠎ᠡ ᠲᠥᠷᠥᠯ ᠤᠨ ᠲᠥᠬᠦᠭᠡᠷᠦᠮᠵᠢ ᠶᠢ ᠬᠡᠷᠡᠭᠯᠡᠬᠦ ᠪᠣᠯᠪᠠᠰᠤᠷᠠᠯ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ︽ᠬᠤᠤᠰ ᠰᠡᠷᠭᠡᠶᠢᠯᠡᠯᠲᠡ ᠶᠢᠨ ᠱᠤᠭᠤᠮ︾ ᠢ ᠪᠠᠬᠢᠵᠢᠭᠦᠯᠬᠦ ᠬᠡᠷᠡᠭᠲᠡᠶ ᠬᠡᠵᠤ ᠴᠢᠬᠤᠯᠠᠴᠢᠯᠠᠵᠠᠢ᠃       ︽ᠪᠤᠭᠤᠳᠠᠯ ᠦᠬᠡᠢ ᠰᠤᠯᠠ ᠪᠠᠷ ᠬᠤᠳᠠᠯᠳᠤᠬᠤ ᠢᠳᠡᠭᠡᠨ ᠤ ᠦᠶᠯᠡᠳᠪᠦᠷᠢᠯᠡᠭᠰᠡᠨ ᠡᠳᠦᠷ ᠬᠤᠭᠤᠴᠠᠭ᠎ᠠ ᠨᠢ ᠬᠡᠵᠢᠶ᠎ᠡ ᠪᠣᠶ︖  ︾  ᠂ ︽ ᠢᠳᠡᠰᠢᠨ ᠨᠣᠭᠤᠭ᠎ᠠ ᠶᠢᠨ ᠦᠨ᠎ᠡ ᠶᠠᠮᠠᠷ ᠵᠡᠷᠭᠡ ᠪᠤᠢ︖︾ ᠶᠦᠩ ᠡᠾᠦ᠋ᠢ ᠬᠠᠮ ᠳᠡᠯᠭᠡᠭᠦᠷ ᠲᠤ᠂ ᠲᠢᠶᠠᠨ ᠬᠤᠩ ᠴᠧᠩ ᠬᠠᠮ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠵᠤ᠂ ᠬᠠᠮ ᠳᠡᠯᠭᠡᠭᠦᠷ ᠤᠨ ᠪᠠᠷᠠᠭᠠᠨ ᠤ ᠢᠷᠡᠯᠲᠡ ᠶᠢᠨ ᠬᠠᠩᠭᠠᠯᠭ᠎ᠠ᠂ ᠦᠨ᠎ᠡ ᠬᠠᠩᠰᠢ ᠶᠢᠨ ᠬᠠᠨᠳᠤᠰᠢ ᠪᠠ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠢ ᠨᠠᠷᠢᠨ ᠣᠶᠢᠯᠠᠭᠠᠪᠠ᠃ ᠲᠢᠶᠠᠨ ᠬᠤᠩ ᠴᠧᠩ᠂ ᠬᠢᠵᠢᠭ ᠢ ᠰᠡᠷᠭᠡᠶᠢᠯᠡᠬᠦ ᠪᠠᠶᠢᠩᠭᠤᠵᠢᠬᠰᠠᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠷᠪᠢᠵᠦ ᠳᠠᠩᠰᠠᠯᠠᠬᠤ ᠪᠠ ᠡᠳᠦᠷ ᠲᠤᠲᠤᠮ ᠤᠨ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠬᠤ᠂ ᠦᠨ᠎ᠡ ᠬᠠᠩᠰᠢ ᠲᠣᠭᠲᠠᠭᠤᠨ᠂ ᠢᠳᠡᠭᠡᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠵᠤ᠂ ᠠᠷᠠᠳ ᠤᠯᠠᠨ ᠤ ︽ᠬᠤᠯᠢᠰᠢᠨ ᠢᠳᠡᠭᠡᠨ︾ ᠪᠣᠯᠤᠨ ︽ᠠᠮᠤ ᠪᠤᠳᠠᠭ᠎ᠠ︾ ᠶᠢᠨ ᠬᠡᠷᠡᠭᠴᠡᠭᠡ ᠶᠢ ᠦᠨᠡᠨ ᠬᠦ ᠬᠠᠩᠭᠠᠬᠤ ᠬᠡᠷᠡᠭᠲᠡᠢ ᠬᠡᠵᠤ ᠱᠠᠭᠠᠷᠳᠠᠵᠠᠢ᠃       ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠨ ᠵᠥᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠬᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃ ︵ᠰᠤᠷᠪᠤᠯᠵᠢᠯᠠᠭᠴᠢ᠄ ᠶᠠᠨ ᠢ ᠫᠸᠢ  ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号