ᠲᠢᠶᠠᠨ ᠬᠤᠩ ᠴᠧᠩ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2022/10/5
      10 ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠣᠶ ᠰᠢᠭᠤᠶ ᠶᠢᠨ ᠲᠦᠶᠮᠡᠷ ᠢ ᠰᠡᠷᠭᠡᠶᠢᠯᠡᠬᠦ ᠣᠷᠣᠨ ᠪᠦᠰᠡ᠂ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠵᠡᠷᠭᠡ ᠬᠦᠷᠢᠶᠡᠨ ᠳᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠪᠠ᠃       ᠲᠢᠶᠠᠨ ᠬᠤᠩ ᠴᠧᠩ ᠨᠡᠷ ᠤᠷᠢᠳ ᠬᠤᠵᠢᠳ ᠶᠢᠨ ᠡᠾᠦ᠋ᠢ ᠼᠠᠢ ᠹᠦ᠋ ᠠᠭᠤᠳᠠᠮ ᠲᠠᠯᠠᠪᠠᠢ ᠶᠢᠨ ᠪᠠᠷᠢᠯᠭ᠎ᠠ ᠶᠢᠨ ᠭᠠᠵᠠᠷ᠂ ᠮᠧᠢ ᠺᠧ ᠶᠢᠨ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢᠨ ᠭᠠᠵᠠᠷ ᠲᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠥᠮᠦᠵᠢᠯ ᠢ ᠴᠢᠨᠠᠭᠰᠢᠳᠠ ᠴᠢᠩᠭᠠᠳᠬᠠᠵᠤ᠂ ᠡᠬᠢ ᠡᠭᠦᠰᠦᠯ ᠠᠴᠠ ᠨᠢ ᠠᠶᠤᠯ ᠲᠦᠭᠰᠢᠭᠦᠷᠢ ᠶᠢ ᠡᠵᠡᠮᠳᠡᠵᠦ᠂ ᠬᠡᠮ ᠰᠣᠭᠤᠭ ᠢ ᠠᠷᠢᠯᠭᠠᠬᠤ ᠬᠡᠷᠡᠭᠲᠡᠢ᠃ ᠠᠵᠤ ᠠᠬᠤᠶᠢᠯᠠᠯ ᠤᠳ ᠲᠦᠷᠢᠮ ᠠᠴᠠ ᠵᠥᠷᠢᠴᠡᠨ ᠠᠵᠢᠯᠯᠠᠬᠤ᠂ ᠲᠣᠭᠲᠠᠭᠠᠯ ᠠᠴᠠ ᠵᠥᠷᠢᠴᠡᠨ ᠬᠢᠬᠦ ᠶᠢ ᠴᠢᠩᠭ᠎ᠠ ᠬᠤᠷᠢᠭᠯᠠᠵᠤ᠂ ᠭᠤᠷᠢᠳᠠᠬᠤ ᠪᠣᠳᠣᠯ ᠢ ᠴᠢᠩᠭ᠎ᠠ ᠰᠡᠷᠭᠡᠶᠢᠯᠡᠨ᠂ ᠪᠠᠶᠢᠴᠠᠭᠠᠵᠤ ᠭᠠᠷᠭᠠᠭᠰᠠᠨ ᠠᠰᠠᠭᠤᠳᠠᠯ ᠢᠶᠠᠨ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠲᠥᠷᠥᠯ ᠵᠦᠶᠯ ᠤᠨ ᠠᠮᠤᠷ ᠲᠦᠪᠰᠢᠨ ᠢᠶᠠᠷ ᠪᠠᠷᠢᠯᠭ᠎ᠠ ᠶᠢᠨ ᠠᠵᠢᠯ ᠢ ᠦᠷᠨᠢᠬᠦᠯᠬᠦ ᠶᠢ ᠪᠠᠲᠤᠯᠠᠬᠤ ᠬᠡᠷᠡᠭᠲᠡᠶ ᠬᠡᠵᠤ ᠵᠠᠬᠢᠪᠠ᠃       ᠲᠢᠶᠠᠨ ᠯᠦᠩ ᠣᠶ ᠰᠢᠭᠤᠶ ᠶᠢᠨ ᠲᠦᠶᠮᠡᠷ ᠢ ᠰᠡᠷᠭᠡᠶᠢᠯᠡᠬᠦ ᠣᠷᠣᠨ ᠪᠦᠰᠡ ᠳᠤ᠂ ᠲᠢᠶᠠᠨ ᠬᠤᠩ ᠴᠧᠩ ᠨᠡᠷ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠷᠢᠭ᠎ᠠ ᠪᠣᠭᠤᠮᠲᠠ ᠶᠢᠨ  ᠭᠠᠵᠠᠷ ᠲᠠᠬᠢ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠡᠮᠦᠨ᠎ᠡ ᠹᠷᠣᠨᠲ ᠤᠨ ᠣᠶ ᠰᠢᠭᠤᠶ ᠶᠢᠨ ᠬᠠᠮᠠᠭᠠᠯᠠᠯᠲᠠ ᠶᠢᠨ ᠠᠩᠭᠢ ᠶᠢᠨ ᠭᠡᠰᠢᠭᠦᠳ ᠢ ᠳᠣᠲᠣᠨᠣ ᠪᠠᠷ ᠲᠣᠬᠤᠨᠢᠭᠤᠯᠪᠠ ᠃ ᠲᠡᠷᠡ᠂ ᠭᠠᠯ ᠤᠨ ᠠᠶᠤᠯ ᠪᠠᠷᠰ ᠠᠴᠠ ᠬᠡᠴᠡᠬᠦᠦ᠂ ᠠᠮᠤᠷ ᠲᠦᠪᠰᠢᠨ  ᠠᠯᠢᠪᠠ ᠪᠦᠬᠦᠨ ᠠᠴᠠ ᠴᠢᠬᠤᠯᠠ᠂ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠳᠤ ᠣᠶ ᠰᠢᠭᠤᠶ ᠶᠢᠨ ᠲᠦᠶᠮᠡᠷ ᠢ ᠰᠡᠷᠭᠡᠶᠢᠯᠡᠬᠦ ᠠᠵᠢᠯ ᠢ ᠴᠠᠭ ᠢᠮᠠᠭᠲᠠ ᠴᠢᠩᠭ᠎ᠠ ᠠᠩᠬᠠᠷᠴᠤ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠂ ᠬᠢᠨᠠᠨ ᠰᠢᠯᠭᠠᠵᠤ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠱᠠᠯᠠᠪᠳᠠᠭᠤᠯᠤᠨ ᠪᠠᠶᠢᠴᠠᠭᠠᠬᠤ ᠬᠤᠭᠤᠴᠠᠭᠠᠨ ᠳᠤ᠂ ᠲᠢᠶᠠᠨ ᠬᠤᠩ ᠴᠧᠩ ᠨᠠᠷ ᠶᠢᠨ ᠰᠠᠨ ᠵᠢᠶᠤᠤ ᠢᠳᠡᠭᠡᠨ ᠤᠮᠳᠠᠭᠠᠨ ᠤ  ᠲᠤᠰᠬᠠᠢ ᠵᠡᠭᠡᠯᠢ ᠳᠤ ᠬᠦᠷᠴᠦ ᠬᠤᠭᠤᠯᠠᠨ ᠭᠡᠷ ᠤᠨ ᠴᠠᠬᠢᠯᠭᠠᠨ ᠬᠡᠷᠡᠭᠯᠡᠬᠦ ᠰᠢᠳᠠᠮᠠᠬᠠᠢ ᠬᠡᠢ ᠬᠡᠷᠡᠭᠯᠡᠬᠦ ᠪᠠᠶᠢᠳᠠᠯ ᠢ ᠣᠶᠢᠯᠠᠭᠠᠵᠤ᠂ ᠭᠠᠯ   ᠢ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠮᠢ ᠵᠢᠭᠤᠲᠠᠬᠤ ᠵᠠᠮ ᠰᠤᠪᠠᠭ ᠵᠡᠷᠭᠡ ᠲᠠᠯᠠᠪᠤᠷ ᠭᠠᠵᠠᠷ ᠤᠨ ᠠᠮᠤᠷ ᠲᠦᠪᠰᠢᠨ ᠢ ᠨᠠᠷᠢᠨ ᠪᠠᠶᠢᠴᠠᠭᠠᠪᠠ᠃ ᠲᠡᠷᠡ᠂ ᠡᠯ᠎ᠡ ᠡᠭᠦᠷᠭᠡ ᠲᠤᠰᠢᠶᠠᠯᠳᠤ ᠰᠠᠯᠠᠭ᠎ᠠ ᠮᠥᠴᠢᠷ ᠡᠷᠬᠡᠪᠰᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ ᠲᠠᠢ ᠬᠠᠷᠭᠤᠭᠤᠯᠵᠤ᠂ ᠬᠤᠭᠤᠯᠠᠨ ᠭᠡᠷ ᠤᠨ ᠰᠢᠲᠠᠮᠠᠬᠠᠢ ᠬᠡᠢ᠂ ᠰᠢᠲᠠᠭᠠᠯᠭ᠎ᠠ ᠶᠢᠨ ᠪᠤᠳᠠᠰ ᠤᠨ ᠬᠡᠷᠡᠭᠯᠡᠭᠡᠨ ᠤ ᠠᠮᠤᠷ ᠲᠦᠪᠰᠢᠨ ᠢ ᠴᠠᠭ ᠢᠮᠠᠭᠲᠠ ᠠᠩᠬᠠᠷᠴᠤ᠂ ᠬᠡᠮ ᠰᠣᠭᠤᠭ ᠢ  ᠲᠤᠭᠤᠰᠢᠳᠠᠢ ᠪᠠᠶᠢᠴᠠᠭᠠᠵᠤ᠂ ᠲᠤᠭᠤᠰᠢᠳᠠᠢ ᠰᠢᠢᠳᠪᠦᠷᠢᠯᠡᠵᠦ᠂ ᠰᠠᠶᠢᠲᠣᠷ ᠴᠡᠭᠴᠡᠯᠡᠨ ᠰᠠᠶᠢᠵᠢᠷᠠᠭᠤᠯᠵᠤ᠂ ᠬᠡᠷᠡᠭᠯᠡᠭᠴᠢᠳ ᠲᠤ ᠡᠷᠡᠭᠦᠯ ᠪᠥᠭᠡᠳ ᠠᠮᠤᠷ ᠲᠦᠪᠰᠢᠨ ᠬᠤᠭᠤᠯᠠ ᠢᠳᠡᠬᠦ ᠣᠷᠴᠢᠨ ᠲᠣᠭᠤᠷᠢᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠨ ᠵᠥᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠱᠠᠯᠠᠪᠳᠠᠭᠤᠯᠤᠨ ᠪᠠᠶᠢᠴᠠᠭᠠᠪᠠ᠃ ︵ᠰᠤᠷᠪᠤᠯᠵᠢᠯᠠᠭᠴᠢ᠄ ᠯᠢᠦ ᠡᠾᠦ᠋ᠢ ᠰᠢᠤᠸᠠᠨ  ᠬᠢᠨᠠᠨ ᠬᠠᠷᠭᠤᠭᠤᠯᠤᠬᠰᠠᠨ ᠨᠢ  ᠄ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号