ᠪᠥᠬᠦ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠶᠢᠨ ᠶᠦᠩ ᠯᠢ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/10/6
     10 ᠰᠠᠷ᠎ᠠ ᠶᠢᠨ 3 ᠤ ᠦᠳᠡ ᠶᠢᠨ ᠡᠮᠦᠨ᠎ᠡ᠂ ᠬᠥᠨᠳᠡᠯᠡᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠷᠠᠯ ᠢ ᠡᠷᠭᠢᠯᠡᠪᠡ᠃
      ᠲᠤᠭᠤᠷᠢᠭ ᠤᠨ ᠤᠳᠤᠷᠢᠳᠤᠯᠭ᠎ᠠ ᠲᠢᠶᠠᠨ ᠬᠤᠩ ᠴᠧᠩ᠂ ᠶᠢᠨ ᠹᠸᠢ ᠯᠦᠩ᠂ ᠯᠢ ᠴᠠᠩ ᠮᠤᠤ ᠬᠤᠷᠠᠯ ᠳᠤ ᠣᠷᠣᠯᠴᠠᠪᠠ᠃        ᠶᠢᠨ ᠶᠦᠩ ᠯᠢ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠲᠡᠶᠢᠮᠦ ᠰᠠᠶᠢᠨ ᠪᠢᠰᠢ ᠪᠠᠶᠢᠨ᠎ᠠ᠃ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠥᠨᠳᠥᠷ ᠪᠦᠲᠦᠮᠵᠢᠲᠡᠶ ᠡᠷᠬᠢᠯᠳᠡ ᠶᠢᠨ ᠪᠠᠶᠢᠳᠠᠯ ᠢᠶᠠᠨ ᠴᠠᠭ ᠢᠮᠠᠭᠲᠠ ᠪᠠᠲᠤᠯᠠᠵᠤ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ ᠵᠢᠯᠣᠭᠤᠳᠬᠤ ᠪᠠᠨ ᠴᠢᠩᠭᠠᠳᠬᠠᠵᠤ᠂ ᠬᠥᠳᠡᠯᠦᠩᠭᠦᠶ ᠲᠤᠭ᠎ᠠ ᠪᠠᠷᠢᠮᠲᠠ ᠶᠢ ᠰᠤᠳᠤᠯᠤᠨ ᠮᠠᠭᠠᠳᠯᠠᠬᠤ ᠠᠵᠢᠯ ᠢ ᠰᠠᠶᠢᠲᠤᠷ ᠬᠢᠵᠦ᠂ ᠪᠥᠬᠦ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠶᠠᠪᠤᠬᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠵᠡᠭᠡᠯᠢ ᠭᠤᠳᠤᠮᠵᠢ ᠪᠠᠯᠭᠠᠰᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤᠰᠬᠠᠶ ᠬᠥᠮᠦᠨ ᠲᠤᠰᠬᠠᠶ ᠠᠵᠢᠯ ᠤᠨ ᠪᠠᠭ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠠᠴᠠ ᠪᠤᠭᠤᠳᠤ ᠳᠤ ᠢᠷᠡᠭᠰᠡᠨ ᠬᠥᠮᠦᠰ ᠢ ᠪᠥᠬᠦ ᠲᠠᠯ᠎ᠠ ᠪᠠᠷ᠂ ᠲᠠᠷᠤᠢ ᠲᠦᠷᠭᠡᠨ᠂  ᠨᠠᠷᠢᠯᠢᠭ ᠤᠨᠤᠪᠴᠢᠳᠠᠢ ᠪᠠᠷ ᠵᠢᠭᠰᠠᠭᠠᠨ ᠪᠠᠶᠢᠴᠠᠭᠠᠵᠤ᠂ ︽ᠪᠠᠭᠤᠬᠰᠠᠨ ᠭᠠᠵᠠᠷ ᠲᠤᠨᠢ ᠪᠠᠶᠢᠴᠠᠭᠠᠬᠤ᠂ ᠪᠠᠭᠤᠬᠰᠠᠨ ᠭᠠᠵᠠᠷ ᠲᠤᠨᠢ ᠪᠦᠬᠡᠮ ᠬᠦᠴᠢᠯ ᠤᠨ ᠪᠠᠶᠢᠴᠠᠭᠠᠯᠳᠠ ᠬᠢᠬᠦ᠂ ᠪᠠᠭᠤᠬᠰᠠᠨ ᠭᠠᠵᠠᠷ ᠲᠤᠨᠢ ᠬᠠᠮᠢᠶᠠᠷᠬᠤ︾ ᠵᠡᠷᠭᠡ ᠬᠠᠮᠢᠶᠠᠷᠤᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠨ ᠳᠡᠯᠭᠡᠷᠡᠬᠦ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠱᠠᠭᠠᠷᠳᠠᠯᠭ᠎ᠠ ᠶᠣᠰᠣᠭᠠᠷ ᠭᠤᠤᠯᠳᠠᠯᠭ᠎ᠠ ᠲᠠᠢ ᠬᠥᠮᠦᠰ ᠢ ᠲᠥᠷᠥᠯ ᠬᠤᠪᠢᠶᠠᠨ ᠬᠠᠮᠢᠶᠠᠷᠤᠨ ᠡᠵᠡᠮᠳᠡᠵᠦ᠂ ᠠᠵᠢᠯ ᠤᠨ ᠪᠢᠲᠡᠭᠦᠦ ᠭᠤᠭᠴᠤᠭ᠎ᠠ ᠶᠢ ᠪᠦᠷᠢᠯᠳᠦᠭᠦᠯᠵᠦ᠂ ᠦᠨᠳᠦᠰᠦᠨ ᠲᠤᠭ᠎ᠠ ᠪᠠᠷᠢᠮᠳᠠ ᠲᠣᠳᠣᠷᠬᠠᠶ᠂ ᠪᠠᠶᠢᠳᠠᠯ ᠲᠣᠳᠣᠷᠬᠠᠶ᠂ ᠲᠤᠭ᠎ᠠ ᠪᠠᠷᠢᠮᠲᠠ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃ ᠨᠢᠭᠲᠠ ᠬᠠᠮᠵᠢᠯᠴᠠᠵᠤ᠂ ᠬᠦᠴᠦ ᠪᠠᠨ ᠬᠠᠮᠲᠤᠳᠬᠠᠨ ᠠᠵᠢᠯᠯᠠᠵᠤ᠂ ︽ᠣᠯᠠᠨ ᠴᠡᠭ ᠲᠤ ᠪᠦᠬᠡᠮ ᠬᠦᠴᠢᠯ ᠤᠨ ᠪᠠᠶᠢᠴᠠᠭᠠᠯᠳᠠ ᠶᠢᠨ ᠥᠯᠢᠭᠡᠷ ᠠᠪᠬᠤ︾᠂ ︽ᠬᠡᠷ ᠲᠤᠨᠢ ᠬᠦᠷᠴᠦ ᠥᠯᠢᠭᠡᠷ ᠠᠪᠬᠤ︾ ᠵᠡᠷᠭᠡ ᠠᠷᠭ᠎ᠠ ᠬᠡᠯᠪᠡᠷᠢ ᠪᠠᠷ ᠭᠤᠤᠯᠳᠠᠯᠭ᠎ᠠ ᠲᠠᠢ ᠬᠥᠮᠦᠰ ᠲᠤ ᠪᠥᠭᠡᠮ ᠬᠦᠴᠢᠯ ᠤᠨ  ᠪᠠᠶᠢᠴᠠᠭᠠᠯᠳᠠ ᠶᠢᠨ ᠥᠯᠢᠭᠡᠷ ᠠᠪᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠯᠤᠭ᠎ᠠ ᠢᠳᠡᠪᠬᠢᠲᠡᠶ ᠬᠠᠷᠢᠯᠴᠠᠵᠤ᠂ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠤᠨ ᠳᠣᠷᠣᠭᠰᠢ ᠪᠠᠭᠤᠯᠭᠠᠬᠤ ᠠᠷᠭ᠎ᠠ ᠵᠠᠮ ᠢ ᠰᠢᠯᠤᠭᠤᠳᠬᠠᠵᠤ᠂ ᠰᠡᠷᠭᠡᠶᠢᠯᠡᠨ ᠡᠵᠡᠮᠳᠡᠬᠦ ᠠᠵᠢᠯ ᠢ ᠴᠠᠭ ᠲᠤᠬᠠᠶ ᠳᠤᠨᠢ ᠮᠡᠳᠡᠭᠦᠯᠵᠦ᠂ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠵᠤ ᠢᠷᠡᠬᠦ ᠶᠢ ᠡᠷᠡᠰ ᠰᠡᠷᠭᠡᠶᠢᠯᠡᠵᠦ᠂ ᠥᠷᠭᠡᠨ ᠣᠯᠠᠨ ᠬᠤᠲᠠ ᠶᠢᠨ ᠠᠷᠠᠳ ᠢ ᠨᠢᠭᠡᠨ ᠡᠷᠡᠭᠦᠯ ᠮᠡᠨᠳᠦ᠂ ᠠᠮᠤᠷ ᠠᠮᠤᠭᠤᠯᠠᠩ᠂ ᠥᠯᠵᠡᠶ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠬᠡᠷᠡᠭᠲᠡᠶ ᠬᠡᠵᠤ ᠵᠢᠭᠠᠵᠤ ᠭᠠᠷᠭᠠᠪᠠ᠃     ᠡᠯ᠎ᠡ ᠵᠡᠭᠡᠯᠢ ᠭᠤᠳᠤᠮᠵᠢ ᠪᠠᠯᠭᠠᠰᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号