ᠡᠮᠬᠢ ᠵᠢᠷᠤᠮ ᠲᠠᠢ᠂ ᠬᠤᠷᠳᠣᠴᠠ ᠲᠠᠢ᠂ ᠬᠠᠶᠢᠷ᠎ᠠ ᠬᠠᠯᠠᠮᠵᠢ ᠲᠠᠢ᠂ ᠰᠡᠳᠬᠢᠯᠬᠡ ᠲᠠᠢ — ᠬᠥᠨᠳᠡᠯᠡᠨ ᠲᠣᠭᠤᠷᠢᠭ ᠭᠤᠤᠯᠳᠠᠯᠭ᠎ᠠ ᠲᠠᠢ ᠣᠷᠣᠨ ᠪᠦᠰᠡ ᠶᠢᠨ ᠪᠥᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠤᠷᠤᠭᠰᠢᠲᠠᠶ ᠥᠷᠨᠢᠭᠦᠯᠪᠡ
ᠨᠡᠶᠢᠲᠡᠯᠡᠭᠰᠡᠨ ᠴᠠᠭ᠄
2022/10/8
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠤᠨᠤᠪᠴᠢᠳᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠵᠠᠮ ᠢ ᠲᠠᠰᠤᠯᠵᠤ᠂ ᠠᠷᠠᠳ ᠣᠯᠠᠨ ᠤ ᠦᠶᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠪᠠ ᠠᠮᠢ ᠨᠠᠰᠤᠨ ᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠥᠨᠳᠡᠯᠡᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ  ᠰᠤᠳᠤᠯᠤᠨ ᠲᠣᠭᠲᠠᠭᠠᠵᠤ᠂ 10 ᠰᠠᠷ᠎ᠠ ᠶᠢᠨ 5 ᠤ ᠡᠳᠦᠷ ᠬᠥᠨᠳᠡᠯᠡᠨ ᠲᠣᠭᠤᠷᠢᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠳᠣᠲᠣᠷᠠᠬᠢ ᠪᠥᠬᠦ ᠰᠠᠭᠤᠭᠠᠯᠢ ᠠᠷᠠᠳ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠠᠷ ᠪᠣᠯᠪᠠ᠃
     ᠪᠥᠬᠦ ᠲᠤᠭᠤᠷᠢᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠡᠯ᠎ᠡ ᠴᠡᠭ ᠤᠨ ᠮᠠᠶᠢᠬᠠᠨ ᠪᠣᠯᠤᠨ ᠡᠳ᠋ ᠪᠣᠳᠠᠰ ᠢ ᠠᠯᠢ ᠡᠷᠲᠡ ᠪᠡᠯᠡᠳᠬᠡᠵᠦ ᠳᠠᠭᠤᠰᠤᠬᠰᠠᠨ ᠪᠤᠯᠬᠤᠷ᠂ ᠥᠷᠯᠥᠭᠡ ᠡᠷᠳᠡ ᠶᠢᠨ ᠵᠢᠷᠭᠤᠭᠠᠨ ᠴᠠᠭ ᠲᠤ᠂ ᠡᠮᠴᠢ ᠰᠤᠪᠢᠯᠠᠭᠴᠢ᠂ ᠠᠵᠢᠯᠲᠠᠨ ᠪᠣᠯᠤᠨ ᠰᠠᠶᠢᠨ ᠲᠤᠷᠠᠴᠤᠳ ᠨᠢᠭᠡᠨᠲᠡ ᠣᠷᠣᠨ ᠪᠠᠶᠢᠷᠢ ᠳᠠᠭᠠᠨ ᠣᠷᠣᠵᠤ᠂ ᠪᠥᠭᠡᠮ ᠬᠦᠴᠢᠯ ᠤᠨ ᠪᠠᠶᠢᠴᠠᠭᠠᠯᠲᠠ ᠬᠢᠵᠦ ᠡᠬᠢᠯᠡᠪᠡ᠃ ᠰᠠᠭᠤᠭᠠᠯᠢ ᠠᠷᠠᠳ ᠪᠥᠬᠦ ᠶᠠᠪᠤᠴᠠ ᠳᠤ ᠠᠮᠠᠪᠴᠢ ᠵᠡᠭᠦᠵᠦ᠂ 1 ᠮᠧᠲᠷ ᠤᠨ ᠵᠠᠶ ᠶᠢ ᠪᠠᠲᠤᠯᠠᠵᠤ᠂ ᠪᠡᠶ᠎ᠡ ᠶᠢᠨ ᠦᠨᠡᠮᠯᠡᠯ ᠪᠠ ᠡᠷᠡᠭᠦᠯ ᠮᠡᠨᠳᠦ ᠶᠢᠨ ᠺᠣᠳ᠋ ᠢᠶᠠᠨ ᠤᠷᠢᠳᠴᠢᠯᠠᠨ ᠪᠡᠯᠡᠳᠬᠡᠵᠦ᠂ ᠰᠠᠶᠢᠨ ᠲᠤᠷᠠᠴᠤᠳ ᠤᠨ ᠲᠠᠭᠠᠭᠤᠯᠭ᠎ᠠ ᠶᠤᠰᠤᠭᠠᠷ᠂ ᠺᠣᠳ᠋ ᠰᠢᠷᠪᠢᠵᠦ ᠦᠪᠡᠷ ᠤᠨ ᠮᠡᠳᠡᠭᠡ ᠵᠠᠩᠭᠢ ᠪᠠᠨ ᠳᠡᠩᠰᠡᠯᠡᠨ ᠲᠡᠮᠳᠡᠭᠯᠡᠭᠦᠯᠦᠭᠰᠡᠨ ᠤ ᠳᠠᠷᠠᠭ᠎ᠠ ᠥᠯᠢᠭᠡᠷ ᠠᠪᠬᠤ ᠴᠣᠩᠬᠤᠪᠴᠢ ᠶᠢᠨ ᠡᠮᠦᠨ᠎ᠡ ᠬᠦᠷᠴᠦ ᠥᠯᠢᠭᠡᠷ ᠠᠪᠤᠭᠤᠯᠵᠤ᠂ ᠡᠮᠴᠢ ᠰᠤᠪᠢᠯᠠᠭᠴᠢ ᠥᠯᠢᠭᠡᠷ ᠠᠪᠴᠤ ᠳᠠᠭᠤᠰᠤᠭᠰᠠᠨ ᠤ ᠳᠠᠷᠠᠭ᠎ᠠ᠂ ᠲᠡᠷᠡ ᠲᠤᠤᠷ᠎ᠠ ᠨᠢ ᠠᠮᠠᠪᠴᠢ ᠪᠠᠨ ᠰᠠᠶᠢᠲᠤᠷ ᠵᠡᠭᠦᠵᠦ᠂ ᠭᠠᠷᠬᠤ ᠡᠭᠦᠳᠡ ᠶᠢᠨ ᠲᠡᠨᠳᠡ ᠬᠦᠷᠴᠦ ᠪᠣᠷᠣ ᠥᠩᠭᠡ ᠲᠠᠢ ︽ ᠭᠠᠶᠢᠬᠠᠮᠰᠢᠬᠳᠤ ᠬᠦᠨᠳᠡᠯᠡᠨ ᠨᠢᠬᠡᠨᠳᠡ ᠪᠦᠬᠡᠮ ᠬᠦᠴᠢᠯ ᠤᠨ ᠪᠠᠶᠢᠴᠠᠭᠠᠯᠲᠠ ᠬᠢᠭᠰᠡᠨ︾  ᠲᠡᠮᠳᠡᠭ ᠢ ᠠᠪᠴᠤ᠂ ᠲᠤᠬᠠᠶ ᠶᠢᠨ ᠲᠠᠯᠠᠪᠠᠶ ᠠᠴᠠ ᠰᠠᠯᠵᠤ ᠶᠠᠪᠤᠨ᠎ᠠ᠃ ᠨᠠᠰᠤ ᠠᠬᠠᠰᠢᠷᠠᠨ ᠪᠡᠶ᠎ᠡ ᠮᠠᠭᠤᠳᠠᠵᠤ ᠬᠥᠳᠡᠯᠵᠦ ᠪᠠᠷᠢᠬᠤ ᠳᠤ ᠳᠥᠭᠦᠮ ᠦᠭᠡᠢ ᠪᠤᠯᠵᠤ ᠲᠤᠬᠠᠶ ᠶᠢᠨ ᠲᠠᠯᠠᠪᠠᠶ ᠳᠤ ᠬᠦᠷᠴᠦ ᠪᠦᠬᠡᠮ ᠬᠦᠴᠢᠯ ᠤᠨ ᠪᠠᠶᠢᠴᠠᠭᠠᠯᠳᠠ ᠶᠢᠨ ᠦᠯᠢᠭᠡᠷ ᠠᠪᠤᠭᠤᠯᠵᠤ ᠳᠡᠶᠢᠯᠬᠦ ᠦᠭᠡᠢ ᠪᠤᠯᠤᠬᠰᠠᠨ ᠰᠠᠭᠤᠭᠠᠯᠢ ᠠᠷᠠᠳ ᠲᠤ᠂ ᠦᠯᠢᠭᠡᠷ ᠠᠪᠬᠤ ᠬᠥᠮᠦᠰ ᠭᠡᠷ ᠲᠤᠨᠢ ᠬᠦᠷᠴᠦ ᠦᠯᠢᠭᠡᠷ ᠠᠪᠴᠤ᠂ ᠡᠯ᠎ᠡ ᠭᠤᠭᠴᠤᠭ᠎ᠠ ᠶᠢᠨ ᠠᠵᠢᠯᠲᠠᠳ ᠨᠢᠭᠲᠠ ᠬᠠᠮᠵᠢᠯᠴᠠᠨ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠦᠯᠢᠭᠡᠷ ᠠᠪᠬᠤ ᠶᠢ ᠪᠦᠷᠢᠨ ᠪᠥᠷᠬᠦᠭᠦᠯᠬᠦ᠂ ᠨᠢᠬᠡ ᠬᠦᠮᠦᠨ ᠢ ᠴᠤ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠪᠥᠭᠡᠮ ᠬᠦᠴᠢᠯ ᠤᠨ ᠦᠯᠢᠭᠡᠷ ᠠᠪᠬᠤ ᠠᠵᠢᠯ ᠤᠨ ᠠᠮᠤᠷ ᠲᠦᠪᠰᠢᠨ ᠥᠨᠳᠥᠷ ᠪᠦᠲᠦᠮᠵᠢᠲᠡᠶ ᠶᠠᠪᠤᠭᠳᠠᠬᠤ ᠶᠢ ᠪᠠᠲᠤᠯᠠᠪᠠ᠃
     ︽ᠡᠨᠡ ᠣᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠳᠤ᠂ ᠵᠦᠩ ᠶᠧ ᠨᠡᠶᠢᠭᠡᠮ ᠲᠣᠭᠤᠷᠢᠭ ᠨᠡᠶᠢᠲᠡ 7 ᠴᠡᠭ ᠭᠠᠷᠭᠠᠵᠤ᠂ ᠥᠴᠥᠭᠡᠳᠦᠷ ᠣᠷᠣᠶ ᠪᠢᠳᠡ ᠰᠥᠨᠢ ᠲᠦᠯᠢ ᠪᠠᠷ ᠪᠦᠬᠡᠮ ᠪᠦᠴᠢᠯ ᠤᠨ ᠪᠠᠶᠢᠴᠠᠭᠠᠯᠳᠠ ᠳᠤ ᠬᠡᠷᠡᠭᠯᠡᠬᠦ ᠡᠳ᠋ ᠪᠣᠳᠠᠰ ᠢᠶᠠᠨ ᠵᠥᠭᠡᠭᠡᠪᠦᠷᠢᠯᠡᠵᠦ᠂ ᠡᠮᠴᠢᠯᠡᠭᠡᠨ ᠤ ᠪᠠᠭᠠᠵᠢ ᠬᠡᠷᠡᠭᠰᠡᠯ ᠢᠶᠠᠨ ᠪᠡᠯᠡᠳᠬᠡᠵᠦ᠂ ᠮᠠᠶᠢᠬᠠᠨ ᠪᠤᠰᠬᠠᠪᠠ᠂ ᠡᠨᠡ ᠥᠷᠯᠥᠭᠡ ᠲᠠᠪᠤᠨ ᠴᠠᠭ ᠬᠠᠭᠠᠰ ᠲᠤ ᠠᠵᠢᠯᠲᠠᠨ ᠴᠥᠮ ᠬᠦᠷᠴᠦ ᠢᠷᠡᠭᠰᠡᠨ ᠪᠠᠶᠢᠨ᠎ᠠ᠂ ᠵᠢᠷᠭᠤᠭᠠᠨ ᠴᠠᠭ ᠪᠣᠯᠤᠭ᠎ᠠ ᠥᠬᠡᠶ ᠪᠠᠷ ᠰᠠᠭᠤᠭᠠᠯᠢ ᠠᠷᠠᠳ ᠬᠦᠷᠦᠯᠴᠡᠨ ᠢᠷᠡᠵᠤ ᠮᠥᠷᠯᠡᠨ ᠪᠥᠭᠡᠮ ᠬᠦᠴᠢᠯ ᠤᠨ ᠪᠠᠶᠢᠴᠠᠭᠠᠯᠲᠠ ᠬᠢᠵᠤ ᠡᠬᠢᠯᠡᠵᠡᠢ︾ ᠬᠡᠵᠤ ᠬᠦᠨᠳᠡᠯᠡᠨ ᠭᠤᠤᠯ ᠪᠠᠯᠭᠠᠰᠤᠨ ᠤ ᠵᠦᠩ ᠶᠧ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠵᠠᠩ ᠴᠢ ᠡᠾᠦ᠋ᠢ ᠰᠤᠷᠪᠤᠯᠵᠢᠯᠠᠭᠴᠢ ᠳᠤ ᠬᠡᠯᠡᠪᠡ᠃
     ︽ᠪᠢ ᠪᠣᠯ ᠲᠤᠰ ᠬᠤᠷᠢᠶᠠᠯᠠᠯ ᠤᠨ ᠥᠮᠴᠢᠲᠡᠨ᠂ ᠪᠠᠰᠠ ᠴᠤ ᠨᠠᠮ ᠤᠨ ᠭᠡᠰᠢᠭᠦᠨ ᠮᠥᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠵᠤᠷᠢᠬᠳᠠᠢ ᠪᠠᠷ ᠡᠮᠦᠨ᠎ᠡ ᠨᠢ ᠭᠠᠪᠰᠢᠭᠠᠶᠢᠯᠠᠵᠤ᠂ ᠴᠢᠳᠠᠯ ᠤᠨ ᠬᠢᠷᠢ ᠲᠤᠳᠤᠷ᠎ᠠ ᠪᠠᠨ ᠬᠢᠵᠦ ᠲᠡᠶᠢᠯᠬᠦ ᠠᠵᠢᠯ ᠢᠶᠠᠨ ᠬᠢᠪᠠᠯ ᠲᠠᠭᠠᠷᠠᠨ᠎ᠠ︾ ᠬᠡᠵᠤ ᠬᠠᠲᠤᠨ ᠭᠤᠤᠯ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠳ᠋ᠦᠩ ᠶᠠ ᠱᠢ ᠵᠢᠢ ᠴᠧᠩ ᠤᠨ ᠸᠧᠨ ᠶᠠ ᠶᠤᠸᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠴᠡᠭ ᠤᠨ ᠲᠤᠬᠠᠶ ᠶᠢᠨ ᠲᠠᠯᠠᠪᠠᠶ ᠳᠤ᠂ ᠬᠤᠷᠢᠶᠠᠯᠠᠯ ᠤᠨ ᠰᠠᠶᠢᠨ ᠲᠤᠷ᠎ᠠ ᠶᠢᠨ ᠠᠵᠢᠯᠳᠠᠨ ᠭᠦᠸᠧ ᠭᠦᠸᠧ ᠭᠠᠩ ᠰᠤᠷᠪᠤᠯᠵᠢᠯᠠᠭᠴᠢ ᠳᠤ ᠶᠠᠷᠢᠵᠤ ᠪᠢᠯᠠ᠃
     ᠪᠤᠷᠬᠠᠨᠲᠤ ᠪᠠᠯᠭᠠᠰᠤᠨ ᠤ ᠴᠠᠭᠠᠨ ᠬᠤᠳᠠ ᠲᠤᠯᠤᠳᠤᠭᠠᠷ ᠲᠣᠰᠬᠤᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠴᠡᠭ ᠲᠤ᠂ ᠲᠣᠰᠬᠤᠨ ᠤ ᠠᠷᠠᠳ ᠤᠨ ᠵᠥᠪᠯᠡᠯ ᠤᠨ ᠭᠡᠰᠢᠭᠦᠨ ᠸᠠᠩ ᠵᠢᠩ ᠨᠢᠭᠡᠨᠲᠡ ᠬᠡᠳᠦᠨ ᠡᠭᠡᠯᠵᠢ ᠶᠢᠨ ᠭᠤᠤᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠠᠵᠢᠯ ᠳᠤ ᠣᠷᠣᠯᠴᠠᠵᠤ ᠪᠠᠶᠢᠨ᠎ᠠ᠂ ᠤᠳᠠᠭ᠎ᠠ ᠪᠦᠷᠢ ᠣᠷᠣᠯᠴᠠᠬᠤ ᠳᠠᠭᠠᠨ ᠴᠥᠮ ᠬᠤᠭᠤᠯᠠ ᠢᠳᠡᠵᠦ ᠤᠰᠤ ᠤᠤᠭᠤᠬᠤ ᠵᠣᠷᠢᠭ ᠥᠬᠡᠶ ᠪᠠᠶᠢᠵᠤ᠂ ᠤᠴᠢᠷ ᠨᠢ ᠤᠰᠤ ᠤᠤᠭᠤᠪᠠᠯ ᠵᠣᠷᠯᠣᠩ ᠳᠤ ᠣᠴᠢᠵᠤ ᠬᠠᠮᠠᠭᠠᠯᠠᠯᠲᠠ ᠶᠢᠨ ᠬᠤᠪᠴᠠᠰᠤ ᠪᠠᠨ ᠪᠤᠵᠠᠷ ᠪᠣᠯᠭᠠᠬᠤ ᠠᠴᠠ   ᠵᠢᠷᠦᠬᠡᠰᠢᠶᠡᠨ᠎ᠡ᠂ ᠲᠡᠷᠡ᠄ ︽ᠣᠯᠠᠨ ᠲᠦᠮᠡᠨ ᠪᠢᠳᠡᠨ ᠢ ᠡᠮᠦᠨ᠎ᠡ ᠨᠢ ᠭᠠᠪᠰᠢᠭᠠᠶᠢᠯᠠᠵᠤ ᠵᠤᠷᠢᠬᠳᠠᠢ ᠡᠬᠦᠷᠬᠡᠯᠡᠬᠦ ᠶᠢ ᠱᠠᠭᠠᠷᠳᠠᠵᠤ ᠪᠠᠶᠢᠨ᠎ᠠ᠂ ᠪᠢᠳᠡ ᠡᠷᠡᠰ ᠰᠢᠭᠤᠷᠬᠠᠶ ᠤᠷᠤᠵᠤ ᠶᠠᠮᠠᠷᠪᠠ ᠦᠶ᠎ᠡ ᠳᠤ ᠴᠦ ᠭᠡᠰᠡᠨ ᠤᠬᠤᠷᠢᠵᠤ ᠪᠣᠯᠬᠤ ᠥᠬᠡᠶ᠂ ᠬᠢᠵᠢᠭ ᠲᠠᠢ ᠲᠡᠮᠡᠴᠡᠬᠦ ᠠᠵᠢᠯ ᠳᠤ ᠬᠤᠪᠢ ᠨᠡᠮᠡᠷᠢ ᠦᠵᠡᠭᠦᠯᠦᠭᠰᠡᠨ ᠳᠡᠭᠡᠨ ᠮᠠᠰᠢ ᠣᠮᠣᠭᠰᠢᠵᠤ ᠪᠠᠶᠢᠨ᠎ᠠ︾  ᠬᠡᠵᠡᠢ᠃
     ︽ᠠᠮᠠᠪᠴᠢ ᠪᠠᠨ ᠠᠪᠴᠤ᠂ ᠠᠮᠠ ᠪᠠᠨ ᠠᠩᠭᠠᠶᠢᠵᠤ᠂ ᠲᠣᠯᠣᠭᠠᠶ ᠪᠠᠨ ᠭᠡᠳᠡᠶᠢᠯᠭᠡ ᠁︾  ᠪᠦᠬᠡᠮ ᠬᠦᠴᠢᠯ ᠤᠨ ᠪᠠᠶᠢᠴᠠᠭᠠᠯᠳᠠ ᠬᠢᠬᠦ ᠠᠵᠢᠯ ᠬᠢᠵᠤ ᠪᠠᠶᠢᠭ᠎ᠠ ᠪᠤᠷᠬᠠᠨᠲᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠯᠦ ᠫᠧᠩ ᠹᠠᠩ  ᠦᠯᠢᠬᠡᠷ ᠠᠪᠬᠤ ᠴᠤᠩᠬᠤᠪᠴᠢ ᠶᠢᠨ ᠡᠮᠦᠨ᠎ᠡ ᠢᠷᠡᠭᠰᠡᠨ ᠬᠦᠮᠦᠨ ᠨᠢᠭᠡᠪᠦᠷᠢ ᠳᠤ ᠡᠨᠡ ᠬᠡᠳᠦᠨ ᠦᠭᠡ ᠶᠢ ᠬᠠᠯᠠᠰᠢᠷᠠᠯ ᠦᠭᠡᠢ ᠳᠠᠪᠲᠠᠵᠤ ᠯᠡ ᠪᠠᠶᠢᠯ᠎ᠠ᠃ ︽ᠡᠨᠡ ᠴᠠᠭᠠᠨ ᠬᠦᠷᠮ᠎ᠡ ᠶᠢ ᠡᠮᠦᠰᠪᠡᠯ ᠲᠠᠷᠤᠢ᠂ ᠪᠠᠶᠢᠯᠳᠤᠭᠴᠢᠳ ᠤᠨ ᠬᠤᠪᠢ ᠪᠠᠷ ᠤᠯᠠᠨ ᠤ ᠠᠮᠤᠷ ᠠᠮᠤᠭᠤᠯᠠᠩ ᠪᠠ ᠡᠷᠡᠭᠦᠯ ᠮᠡᠨᠳᠦ ᠶᠢ ᠵᠠᠪᠠᠯ ᠬᠠᠮᠠᠭᠠᠯᠠᠬᠤ ᠬᠡᠷᠡᠭᠳᠡᠢ ︾᠂ ᠡᠨᠡ ᠪᠣᠯ ᠡᠮᠴᠢ ᠬᠥᠮᠦᠨ ᠤ ᠰᠡᠳᠬᠢᠯ ᠤᠨ ᠠᠮᠠᠯᠠᠯᠲᠠ᠂ ᠨᠡᠩ ᠴᠤ ︽ᠴᠠᠭᠠᠨ ᠬᠤᠪᠴᠠᠰᠤᠳᠤ ᠪᠠᠶᠢᠯᠳᠤᠭᠴᠢ︾ ᠶᠢᠨ ᠲᠠᠩᠭᠠᠷᠢᠭ ᠮᠥᠨ᠃
    ᠦᠷᠬᠡᠨ ᠤᠯᠠᠨ ᠠᠵᠢᠯᠲᠠᠨ ᠤ ᠰᠢᠷᠭᠠᠭᠤ ᠬᠥᠳᠡᠯᠮᠦᠷᠢ ᠨᠢ ᠣᠯᠠᠨ ᠲᠦᠮᠡᠨ ᠳᠤ ᠤᠶᠢᠯᠠᠭᠠᠬᠳᠠᠵᠤ ᠲᠡᠳᠡᠨ ᠤ ᠬᠦᠨᠳᠦᠳᠬᠡᠯ ᠢ ᠣᠯᠵᠠᠶ᠃ ︽ᠪᠥᠭᠡᠮ ᠬᠦᠴᠢᠯ ᠤᠨ ᠪᠠᠶᠢᠴᠠᠭᠠᠯᠳᠠ ᠬᠢᠬᠦ ᠬᠤᠷᠳᠤᠴᠠ ᠨᠢᠬᠡ ᠤᠳᠠᠭ᠎ᠠ ᠨᠢ ᠨᠦᠬᠦᠬᠡ ᠤᠳᠠᠭ᠎ᠠ ᠠᠴᠠ ᠪᠠᠨ ᠲᠦᠷᠭᠡᠨ ᠪᠣᠯᠵᠣ᠂ ᠲᠤᠬᠠᠶ ᠶᠢᠨ ᠲᠠᠯᠠᠪᠠᠶ ᠶᠢᠨ ᠡᠮᠬᠢ ᠳᠢᠭᠯᠢᠮ ᠴᠦ ᠤᠯᠠᠮ ᠠᠴᠠ ᠤᠯᠠᠮ ᠰᠠᠶᠢᠵᠢᠷᠠᠪᠠ︾ ᠬᠡᠵᠤ ᠴᠠᠭᠠᠨ ᠬᠤᠳᠠ ᠲᠤᠯᠤᠳᠤᠭᠠᠷ ᠲᠣᠰᠬᠤᠨ ᠤ ᠠᠷᠠᠳ ᠦ᠋ ᠵᠢᠶᠠ ᠯᠧ᠂ ︽ᠡᠨᠡ ᠬᠡᠳᠦᠨ ᠡᠳᠦᠷ ᠠᠭᠠᠷ ᠤᠨ ᠳᠤᠯᠠᠭᠠᠨ ᠰᠦᠷᠡᠬᠡᠢ ᠪᠠᠭᠤᠷᠠᠵᠤ᠂ ᠠᠵᠢᠯᠲᠠᠳ ᠮᠠᠰᠢ ᠵᠦᠳᠡᠷᠡᠯᠲᠡᠢ ᠪᠠᠶᠢᠨ᠎ᠠ᠂ ᠮᠠᠨ ᠤ ᠬᠢᠵᠤ ᠲᠡᠶᠢᠯᠬᠦ ᠶᠠᠪᠤᠳᠠᠯ ᠪᠤᠯ ᠲᠠᠷᠤᠢ ᠡᠷᠲᠡᠬᠡᠨ ᠢᠷᠡᠵᠤ ᠮᠦᠷᠯᠡᠨ ᠦᠯᠢᠬᠡᠷ ᠠᠪᠤᠭᠤᠯᠵᠦ᠂ ᠲᠡᠳᠡᠨ ᠤ ᠬᠦᠯᠢᠶᠡᠬᠦ ᠴᠠᠭ ᠢ ᠨᠢ ᠪᠠᠭᠠᠰᠬᠠᠬᠤ   ᠪᠠᠷ ᠴᠢᠷᠮᠠᠶᠢᠨ᠎ᠠ︾ ᠬᠡᠪᠡ᠃
    ᠣᠶᠢᠯᠠᠭᠠᠭᠰᠠᠨ ᠢᠶᠠᠷ᠂ ᠬᠥᠨᠳᠡᠯᠡᠨ ᠲᠣᠭᠤᠷᠢᠭ ᠤᠨ ᠲᠤᠰ ᠣᠳᠠᠭᠠᠨ ᠤ ᠭᠤᠤᠯᠳᠠᠯᠭ᠎ᠠ ᠲᠠᠢ ᠣᠷᠣᠨ ᠪᠦᠰᠡ ᠶᠢᠨ ᠪᠥᠬᠦ ᠬᠦᠮᠦᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠨᠡᠶᠢᠲᠡ 501 ᠥᠯᠢᠭᠡᠷ ᠠᠪᠬᠤ ᠴᠡᠭ᠂ 1146 ᠥᠯᠢᠭᠡᠷ ᠠᠪᠬᠤ ᠴᠤᠩᠬᠤᠪᠴᠢ ᠲᠤᠬᠢᠷᠠᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠬᠢᠪᠠ᠃ 1395 ᠥᠯᠢᠭᠡᠷ ᠠᠪᠬᠤ ᠠᠵᠢᠯᠲᠠᠨ ᠢ ᠰᠣᠩᠭᠤᠨ ᠲᠤᠬᠢᠷᠠᠭᠤᠯᠵᠤ᠂ ᠪᠠᠶᠢᠭᠤᠯᠭ᠎ᠠ ᠠᠵᠢᠯ ᠦᠶᠯᠡᠰ ᠤᠨ ᠨᠢᠬᠡᠴᠢ  ᠶᠢᠨ 2619 ᠺᠠᠳ᠋ᠷ ᠢ ᠳᠠᠶᠢᠴᠢᠯᠠᠨ ᠦᠯᠢᠬᠡᠷ ᠠᠪᠬᠤ᠂ ᠲᠡᠭᠡᠭᠡᠪᠦᠷᠢᠯᠡᠬᠦ᠂ ᠰᠢᠯᠭᠠᠨ ᠪᠠᠶᠢᠴᠠᠭᠠᠬᠤ᠂ ᠮᠡᠳᠡᠭᠦᠯᠬᠦ ᠵᠡᠷᠭᠡ ᠪᠥᠭᠡᠮ ᠬᠦᠴᠢᠯ ᠤᠨ ᠪᠠᠶᠢᠴᠠᠭᠠᠯᠳᠠ ᠶᠢᠨ ᠡᠯ᠎ᠡ ᠭᠤᠭᠴᠣᠭᠠᠨ ᠤ ᠠᠵᠢᠯ ᠤᠨ ᠪᠠᠶᠢᠷᠢ ᠳᠤ ᠬᠤᠪᠢᠶᠠᠨ ᠲᠣᠮᠢᠯᠠᠵᠤ᠂ ᠪᠥᠭᠡᠮ ᠬᠦᠴᠢᠯ ᠤᠨ ᠪᠠᠶᠢᠴᠠᠭᠠᠯᠲᠡ ᠶᠢᠨ ᠠᠵᠢᠯ ᠤᠨ ᠥᠨᠳᠥᠷ ᠪᠦᠲᠦᠮᠵᠢᠲᠡᠶ ᠡᠮᠬᠢ ᠵᠢᠷᠤᠮ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ 10 ᠰᠠᠷ᠎ᠠ ᠶᠢᠨ 5 ᠤ ᠡᠳᠦᠷ ᠤᠨ 12 ᠴᠠᠭ 03 ᠮᠢᠨᠦ᠋ᠲ ᠪᠣᠯᠲᠠᠯ᠎ᠠ᠂ ᠬᠥᠨᠳᠡᠯᠡᠨ ᠲᠣᠭᠤᠷᠢᠭ ᠪᠦᠬᠦ ᠲᠤᠭᠤᠷᠢᠭ ᠢᠶᠠᠷ ᠢᠶᠠᠨ ᠨᠢᠭᠡᠨᠲᠡ 677550 ᠬᠥᠮᠦᠨ ︵ᠤᠳᠠᠭ᠎ᠠ︶ ᠳᠤ ᠪᠦᠬᠡᠮ ᠬᠦᠴᠢᠯ ᠤᠨ ᠥᠯᠢᠭᠡᠷ ᠠᠪᠴᠠᠶ᠃ ︵ᠢᠷᠡᠯᠲᠡ᠄ ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ   ᠨᠠᠶᠢᠷᠠᠭᠤᠯᠤᠭᠴᠢ᠄ ᠵᠣᠣ ᠶᠢᠨ ᠹᠧᠩ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号