【ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠢ ᠡᠰᠡᠷᠭᠦᠴᠡᠶ᠎ᠡ】 ᠥᠩᠭᠡ ᠢᠯᠭᠠᠷᠠᠭᠰᠠᠨ ︽ᠪᠠᠭᠠᠲᠤᠷᠴᠤᠳ ᠤᠨ ᠦᠯᠢᠬᠡᠷ︾᠎ ᠢᠶᠠᠷ  ︽ᠬᠢᠵᠢᠭ ᠥᠬᠡᠶ ᠬᠤᠷᠢᠶᠠᠯᠠᠯ︾᠎ ᠤᠨ ᠬᠠᠮᠤᠭ ᠤᠨ ᠭᠤᠶᠣ ᠦᠵᠡᠮᠵᠢ ᠶᠢ ᠵᠢᠷᠤᠭᠯᠠᠪᠠ
ᠨᠡᠶᠢᠲᠡᠯᠡᠭᠰᠡᠨ ᠴᠠᠭ᠄
2022/11/1
     ᠬᠢᠵᠢᠭ ᠤᠨ ᠪᠠᠶᠢᠳᠠᠯ ᠤᠨ ᠡᠮᠦᠨ᠎ᠡ᠂ ᠡᠭᠦᠷᠭᠡ ᠬᠠᠷᠢᠭᠤᠴᠠᠯᠭ᠎ᠠ ᠬᠦᠨᠳᠦ᠃ ᠬᠦᠨᠳᠡᠯᠡᠨ ᠭᠤᠤᠯ ᠪᠠᠯᠭᠠᠰᠤᠨ ᠤ ᠬᠦᠨᠳᠡᠯᠡᠨ ᠭᠤᠤᠯ ᠤᠨ ᠪᠠᠷᠠᠭᠤᠨ ᠡᠷᠬᠢ ᠨᠡᠶᠢᠭᠡᠮ ᠲᠣᠭᠤᠷᠢᠭ ︽ᠬᠢᠵᠢᠭ ᠥᠬᠡᠶ ᠬᠤᠷᠢᠶᠠᠯᠠᠯ︾᠎ ᠢ ᠡᠭᠦᠳᠦᠨ ᠪᠠᠶᠢᠭᠤᠯᠵᠤ ᠡᠬᠢᠯᠡᠭᠰᠡᠨ ᠲᠡᠷᠡ ᠲᠤᠤᠷ᠎ᠠ ᠨᠢ ᠨᠡᠶᠢᠭᠡᠮ ᠲᠣᠭᠤᠷᠢᠭ ᠤᠨ ᠠᠵᠢᠯᠲᠠᠨ᠂ ᠨᠠᠮ ᠤᠨ ᠭᠡᠰᠢᠭᠦᠨ ᠵᠢᠴᠢ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ᠂ ︽ᠨᠠᠮ ᠤᠨ ᠪᠠᠶᠢᠭᠤᠯᠤᠯᠲᠠ ᠶᠢᠨ ᠤᠯᠠᠭᠠᠨ᠂ ᠡᠮᠴᠢ ᠰᠤᠪᠢᠯᠠᠬᠴᠢᠳ ᠎ ᠤᠨ ᠴᠠᠭᠠᠨ᠂ ᠡᠮᠡᠭᠲᠡᠶᠢᠴᠦᠳ ᠤᠨ ᠬᠤᠨᠳᠠᠨ᠂ ᠰᠠᠶᠢᠨ ᠲᠤᠷᠠᠴᠤᠳ ᠤᠨ  ᠴᠡᠩᠬᠡᠷ᠂ ᠰᠡᠳᠬᠢᠯ ᠢ ᠳᠤᠯᠠᠭᠠᠴᠠᠭᠤᠯᠤᠬᠰᠠᠨ ᠨᠣᠭᠤᠭᠠᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠳᠠᠨ ᠤ ᠤᠯᠠᠪᠤᠷ︾ ᠵᠡᠷᠬᠡ ᠣᠨᠴᠠᠯᠢᠭ ᠢᠯᠡ ᠲᠣᠳᠣ ᠰᠠᠶᠢᠨ ᠲᠤᠷᠠᠴᠤᠳ ᠤᠨ ᠡᠩᠨᠡᠭᠡ ᠶᠢ ᠪᠦᠷᠢᠯᠳᠦᠭᠦᠯᠵᠦ᠂ ︽ᠲᠠᠪᠤᠨ ᠥᠩᠭᠡ ᠰᠣᠯᠣᠩᠭᠠᠷᠠᠭᠰᠠᠨ︾ ᠦᠵᠡᠮᠵᠢᠳᠤ ᠰᠠᠶᠢᠬᠠᠨ ᠵᠢᠷᠤᠭ ᠢ ᠵᠢᠷᠤᠭᠯᠠᠵᠤ᠂ ︽ᠬᠢᠵᠢᠭ ᠥᠬᠡᠶ ᠬᠤᠷᠢᠶᠠᠯᠠᠯ︾᠎ ᠤᠨ ︽ᠲᠠᠪᠤᠨ ᠥᠩᠭᠡᠲᠦ ᠬᠠᠯᠬᠠᠪᠴᠢ︾᠎ ᠶᠢ ᠴᠣᠭᠴᠠᠯᠠᠵᠤ᠂ ᠬᠢᠵᠢᠭ ᠢ ᠰᠡᠷᠭᠡᠶᠢᠯᠡᠬᠦ ᠴᠡᠴᠡᠭᠡᠰ ᠢ ᠡᠮᠦᠨ᠎ᠡ ᠹᠷᠣᠨᠲ ᠲᠤ ᠪᠠᠳᠠᠷᠠᠭᠤᠯᠤᠨ ᠳᠡᠯᠭᠡᠷᠡᠭᠦᠯᠪᠡ᠃     ︽ᠨᠠᠮ ᠤᠨ ᠭᠡᠰᠢᠭᠦᠨ ᠤ ᠤᠯᠠᠭᠠᠨ︾  — ᠨᠠᠮ ᠤᠨ ᠭᠡᠰᠢᠭᠦᠨ ᠤ ᠬᠤᠰᠢᠭᠤᠴᠢ ᠠᠩᠭᠢ ︽ᠬᠤᠪᠢᠰᠬᠠᠯᠲᠤ ᠪᠠᠬᠢᠯᠡᠯᠲᠡ︾᠎ ᠶᠢ ᠪᠠᠶᠢᠭᠤᠯᠤᠨ᠎ᠠ     ᠨᠠᠮ ᠤᠨ ᠲᠤᠭ ᠢ ᠮᠠᠨᠳᠤᠭᠤᠯᠵᠤ ᠬᠤᠰᠢᠭᠤᠴᠢᠯᠠᠨ ᠤᠷᠤᠭᠰᠢᠯᠠᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠴᠠᠭ ᠤᠨ ᠪᠡᠷᠬᠡ ᠶᠢ ᠲᠠᠪᠠᠪᠠ᠃ ︽ᠬᠢᠵᠢᠭ ᠥᠬᠡᠶ ᠬᠤᠷᠢᠶᠠᠯᠠᠯ︾᠎ ᠢ ᠡᠭᠦᠳᠦᠨ ᠪᠠᠶᠢᠭᠤᠯᠬᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠮᠥᠨ᠂ ᠨᠠᠮ ᠤᠨ ᠭᠡᠰᠢᠭᠦᠨ ᠰᠠᠶᠢᠨ ᠳᠤᠷᠠᠴᠤᠳ ᠲᠦᠷᠦᠭᠦᠯᠡᠨ ᠥᠯᠢᠭᠡᠷ ᠳᠠᠭᠤᠷᠢᠶᠠᠯ ᠪᠣᠯᠵᠣ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠡᠮᠦᠨ᠎ᠡ ᠹᠷᠣᠨᠲ ᠲᠤ ᠰᠠᠬᠢᠨ ᠰᠠᠭᠤᠵᠤ᠂ ᠡᠮᠨᠡᠯᠭᠡ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠳᠤ ᠮᠥᠷᠥ ᠵᠡᠷᠭᠡᠴᠡᠨ ᠪᠠᠶᠢᠯᠳᠤᠵᠤ᠂  ᠦᠷᠯᠦᠬᠡ ᠦᠳᠠᠰᠢ ᠶᠢᠨ ᠬᠦᠶᠲᠡᠨ ᠢ ᠬᠠᠶᠢᠬᠤᠷᠤᠯ ᠥᠬᠡᠶ ᠪᠠᠷ ᠮᠡᠳᠡᠭᠡ ᠵᠠᠩᠭᠢ ᠶᠢ ᠳᠠᠩᠰᠠᠯᠠᠬᠤ᠂ ᠦᠶᠯᠡᠴᠢᠯᠡᠵᠤ ᠬᠥᠲᠥᠯᠥᠨ ᠵᠢᠯᠣᠭᠤᠳᠬᠤ᠂ ᠡᠮᠬᠢ ᠳᠢᠭᠯᠢᠮ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠢᠮᠠᠭᠲᠠ ᠨᠠᠮ ᠪᠣᠯᠤᠨ ᠠᠷᠠᠳ ᠲᠦᠮᠡᠨ ᠤ ᠬᠡᠷᠡᠭᠰᠡᠬᠦ ᠭᠠᠵᠠᠷ ᠲᠤ  ᠢᠯᠡᠷᠡᠵᠦ᠂ ︽ᠨᠠᠮ ᠤᠨ ᠭᠡᠰᠢᠭᠦᠨ ᠤ ᠤᠯᠠᠭᠠᠨ︾᠎ ᠢᠶᠠᠷ ᠨᠡᠶᠢᠭᠡᠮ ᠲᠣᠭᠤᠷᠢᠭ ᠤᠨ ᠠᠷᠠᠳ ᠲᠦᠮᠡᠨ ᠤ ︽ᠡᠷᠡᠭᠦᠯ ᠡᠩᠬᠡ ᠶᠢᠨ ᠨᠣᠭᠤᠭᠠᠨ︾᠎ ᠢ ᠰᠠᠬᠢᠨ ᠬᠠᠮᠠᠭᠠᠯᠠᠪᠠ᠃
    ︽ᠡᠮᠴᠢ ᠰᠤᠪᠢᠯᠠᠬᠴᠢᠳ ᠤᠨ ᠴᠠᠭᠠᠨ︾ — ᠴᠠᠭᠠᠨ ᠬᠤᠪᠴᠠᠰᠤᠲᠤ ᠡᠮᠴᠢ ᠰᠤᠪᠢᠯᠠᠬᠴᠢ ᠬᠠᠯᠠᠭᠤᠨ ᠲᠤᠯᠠᠭᠠᠨ ᠢ ᠲᠠᠮᠵᠢᠭᠤᠯᠤᠨ᠎ᠠ    ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠲᠤ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠠᠵᠢᠯ ᠤᠨ ᠪᠠᠶᠢᠷᠢ ᠪᠠᠨ ᠡᠷᠡᠰ ᠪᠠᠷᠢᠮᠳᠠᠯᠠᠵᠤ ᠰᠥᠷᠦᠨ ᠤᠷᠤᠭᠰᠢᠯᠠᠨ᠎ᠠ᠃ ᠡᠮᠴᠢ ᠰᠤᠪᠢᠯᠠᠭᠴᠢᠳ ᠵᠣᠪ ᠵᠤᠵᠠᠭᠠᠨ ᠴᠠᠭᠠᠨ ᠦᠩᠬᠡᠳᠡᠢ ᠰᠡᠷᠭᠡᠶᠢᠯᠡᠯᠲᠡ ᠶᠢᠨ ᠬᠤᠪᠴᠠᠰᠤ ᠡᠮᠦᠰᠴᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠴᠡᠭ ᠲᠤ᠂ ᠨᠢᠭᠡ ᠬᠥᠳᠡᠯᠭᠡᠭᠡᠨ ᠢ ᠲᠠᠰᠤᠷᠠᠯᠲᠠ ᠥᠬᠡᠶ ᠲᠡᠪᠳᠡᠨ ᠬᠢᠵᠦ᠂ ᠬᠡᠳᠦᠨ ᠴᠠᠭ ᠢᠶᠠᠷ ᠦᠷᠬᠦᠯᠵᠢᠯᠡᠨ ᠠᠵᠢᠯᠯᠠᠵᠤ᠂ ᠦᠳᠳᠡᠷ ᠲᠦᠷᠭᠡᠨ ᠥᠯᠢᠭᠡᠷ ᠠᠪᠴᠤ᠂ ᠡᠭᠦᠨ ᠤ ᠬᠠᠮᠲᠤ ᠪᠠᠰᠠ ᠨᠡᠶᠢᠭᠡᠮ ᠲᠣᠭᠤᠷᠢᠭ ᠲᠤ ᠬᠦᠨᠵᠡᠬᠡᠶᠢᠷᠡᠨ᠂ ᠬᠥᠳᠡᠯᠵᠦ ᠪᠠᠷᠢᠬᠤ ᠳᠤ ᠳᠥᠭᠦᠮ ᠦᠭᠡᠢ ᠬᠦᠮᠦᠨ ᠪᠠᠶᠢᠬᠤ 53 ᠡᠷᠦᠬᠡ ᠎ ᠳᠤ ᠤᠷᠤᠵᠤ ᠪᠦᠬᠡᠮ ᠬᠦᠴᠢᠯ ᠤᠨ ᠥᠯᠢᠭᠡᠷ ᠠᠪᠴᠤ ᠦᠭᠴᠡᠢ᠂ ᠬᠦᠨᠳᠡᠯᠡᠨ ᠭᠤᠤᠯ ᠤᠨ ᠪᠠᠷᠠᠭᠤᠨ ᠡᠷᠬᠢ ᠨᠡᠶᠢᠭᠡᠮ ᠲᠣᠭᠤᠷᠢᠭ  ᠨᠡᠯᠢᠶᠡᠳ ᠪᠤᠶᠢᠳᠠ ᠪᠦᠭᠯᠡᠭᠦᠦ ᠭᠠᠵᠠᠷ ᠲᠤ ᠪᠠᠶᠢᠷᠢᠯᠠᠵᠤ ᠪᠠᠶᠢᠨ᠎ᠠ᠂ ᠴᠠᠭ ᠢ ᠠᠮᠵᠢᠭᠤᠯᠬᠤ ᠶᠢᠨ ᠲᠥᠯᠥᠭᠡ᠂ ᠲᠠᠳᠠ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡ ᠤᠨᠤᠵᠤ ᠵᠡᠭᠡᠯᠢ ᠭᠤᠳᠤᠮᠵᠢ ᠪᠠᠷ ᠰᠦᠯᠵᠢᠯᠳᠦᠵᠦ᠂ ᠠᠷᠠᠳ ᠣᠯᠠᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠰᠠᠬᠢᠨ ᠬᠠᠮᠠᠭᠠᠯᠠᠪᠠ᠃
     ︽ᠡᠮᠡᠭᠲᠡᠶᠢᠴᠦᠳ ᠤᠨ ᠬᠤᠨᠳᠠᠨ︾ —  ᠬᠠᠳᠠᠨ ᠰᠠᠷᠭᠠᠶ ᠬᠦᠴᠦᠨ ᠴᠢᠳᠠᠯ ᠤᠨ ᠬᠥᠭᠦᠷᠭᠡ ᠶᠢ ᠪᠠᠶᠢᠭᠤᠯᠤᠨ᠎ᠠ     ᠬᠢᠵᠢᠭ ᠲᠠᠢ ᠲᠡᠮᠡᠴᠡᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠠᠳᠠᠨ ᠰᠠᠷᠭᠠᠢ ᠣᠨᠴᠠᠭᠠᠢ ᠤᠯᠠᠭᠠᠨ᠃ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠬᠦ ︽ᠲᠤᠯᠭᠠᠭᠤᠷᠢ ᠬᠦᠴᠦᠨ︾᠂ ᠣᠯᠠᠨ ᠲᠦᠮᠡᠨ ᠤ ᠰᠡᠳᠬᠢᠯ ᠠᠮᠤᠷ ᠪᠠᠶᠢᠬᠤ ︽ᠰᠡᠳᠬᠢᠯ ᠤᠨ ᠲᠦᠰᠢᠭ︾ ᠪᠣᠯᠤᠭᠰᠠᠨ ᠤ ᠬᠤᠪᠢ ᠳᠤ᠂ ᠨᠡᠶᠢᠭᠡᠮ ᠲᠣᠭᠤᠷᠢᠭ ᠤᠨ ᠡᠮᠡᠭᠳᠡᠢ ᠠᠵᠢᠯᠲᠠᠨ ᠪᠦᠬᠡᠮ ᠬᠦᠴᠢᠯ ᠤᠨ ᠪᠠᠶᠢᠴᠠᠭᠠᠯᠳᠠ ᠬᠢᠬᠦ ᠲᠠᠯᠠᠪᠤᠷ ᠢ ᠪᠠᠶᠢᠷᠢᠯᠠᠭᠤᠯᠬᠤ᠂ ᠬᠤᠷᠢᠭ᠎ᠠ ᠴᠡᠭ ᠢ ᠲᠤᠬᠢᠷᠠᠭᠤᠯᠬᠤ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠡᠳ᠋ ᠪᠣᠳᠠᠰ ᠢ ᠲᠣᠬᠢᠷᠠᠭᠤᠯᠬᠤ᠂ ᠨᠡᠶᠢᠭᠡᠮ ᠲᠣᠭᠤᠷᠢᠭ ᠢ ᠠᠷᠢᠭᠤᠳᠬᠠᠬᠤ ᠵᠡᠷᠭᠡ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠲᠤ ᠵᠤᠬᠰᠤᠯ ᠦᠬᠡᠢ ᠠᠵᠢᠯᠯᠠᠨ᠎ᠠ᠃ ᠰᠠᠭᠤᠭᠠᠯᠢ ᠠᠷᠠᠳ ᠤᠨ ᠡᠷᠡᠭᠡᠯᠵᠡᠭᠡ ᠲᠠᠢ ᠠᠰᠠᠭᠤᠳᠠᠯ ᠳᠤ ᠬᠦᠯᠢᠴᠡᠩᠭᠦᠢ ᠪᠠᠷ ᠬᠠᠷᠢᠭᠤᠯᠲᠠ ᠥᠭᠴᠦ᠂ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠣᠶᠢᠯᠠᠭᠠᠬᠤ ᠶᠢᠨ ᠬᠠᠮᠲᠤ ᠪᠠᠴᠢᠮᠳᠠᠨ ᠰᠠᠨᠳᠤᠷᠴᠤ ᠪᠠᠶᠢᠭ᠎ᠠ ᠰᠠᠭᠤᠭᠠᠯᠢ ᠠᠷᠠᠳ ᠢ ᠲᠠᠶᠢᠳᠬᠤᠷᠠᠭᠤᠯᠤᠨ ᠢᠳᠬᠠᠵᠤ᠂ ᠰᠠᠭᠤᠭᠠᠯᠢ ᠠᠷᠠᠳ ᠤᠨ ᠡᠷᠡᠭᠡᠯᠵᠡᠭᠡ ᠪᠣᠯᠤᠨ ᠰᠡᠳᠬᠢᠯ ᠤᠨ ᠲᠠᠷᠤᠭᠠᠰᠤ ᠶᠢ ᠨᠠᠮᠳᠠᠭᠤᠯᠤᠨ᠎ᠠ ᠁ ︽ᠬᠠᠳᠠᠨ ᠰᠠᠷᠭᠠᠢ︾᠎ ᠎ ᠶᠢᠨ ᠬᠦᠯᠢᠴᠡᠩᠭᠦᠢ ᠨᠢᠮᠪᠠᠢ ᠲᠤᠳᠤᠨᠤᠰᠤᠭ ᠢ ᠭᠦᠢᠴᠡᠳ ᠪᠠᠳᠠᠷᠠᠭᠤᠯᠪᠠ᠃
   ︽ᠰᠠᠶᠢᠨ ᠲᠤᠷᠠᠴᠤᠳ ᠤᠨ ᠴᠡᠩᠬᠡᠷ︾ — ᠨᠠᠶᠢᠷᠰᠠᠭ ᠲᠤᠳᠤᠨᠤ ᠪᠠᠷ ᠤᠯᠠᠨ ᠲᠦᠮᠡᠨ ᠤ ᠠᠮᠤᠷ ᠮᠡᠨᠳᠤ ᠶᠢ ᠰᠠᠬᠢᠨ ᠬᠠᠮᠠᠭᠠᠯᠠᠨ᠎ᠠ     ᠠᠷᠠᠳ ᠲᠦᠮᠡᠨ ᠳᠤ ᠦᠶᠯᠡᠴᠢᠯᠡᠬᠦ ᠵᠣᠭᠰᠣᠰᠢ ᠦᠭᠡᠢ᠂ ᠰᠠᠶᠢᠨ ᠳᠤᠷ᠎ᠠ ᠶᠢᠨ ᠵᠣᠷᠢᠭ ᠰᠠᠨᠠᠭ᠎ᠠ ᠭᠡᠷᠡᠯ ᠬᠢᠯᠪᠠᠭ᠎ᠠ ᠰᠠᠴᠤᠷᠠᠭᠤᠯᠤᠨ᠎ᠠ᠃ ᠰᠠᠶᠢᠨ ᠲᠤᠷᠠᠴᠤᠳ ᠤᠨ ᠴᠡᠩᠬᠡᠷ ᠰᠠᠶᠢᠨ ᠳᠤᠷ᠎ᠠ ᠶᠢᠨ ᠦᠶᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠬᠠᠶᠢᠷ᠎ᠠ ᠬᠠᠯᠠᠮᠵᠢ ᠪᠣᠯᠤᠨ ᠬᠦᠴᠦᠨ ᠴᠢᠳᠠᠯ ᠢ ᠳᠠᠮᠵᠢᠭᠤᠯᠤᠨ᠂ ᠬᠥᠮᠦᠰ ᠤᠨ ᠳᠤᠮᠳᠠ ᠰᠦᠯᠵᠢᠯᠳᠦᠵᠦ᠂ ᠡᠮᠬᠢ ᠳᠢᠭᠯᠢᠮ ᠢ ᠬᠠᠮᠠᠭᠠᠯᠠᠨ᠂ ᠪᠡᠶ᠎ᠡ ᠶᠢᠨ ᠲᠤᠯᠠᠭᠠᠨ ᠢ ᠬᠡᠮᠵᠢᠵᠦ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠡᠷᠡᠭᠦᠯ ᠮᠡᠨᠳᠦ ᠶᠢᠨ ᠺᠣᠳ᠋ ᠢ ᠰᠢᠷᠪᠢᠭᠦᠯᠵᠦ᠂ ᠡᠯ᠎ᠡ ᠲᠥᠷᠥᠯ ᠤᠨ ᠭᠡᠨᠡᠳᠲᠡ ᠡᠬᠦᠰᠬᠦ ᠠᠰᠠᠭᠤᠳᠠᠯ ᠪᠣᠯᠤᠨ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠵᠣᠬᠢᠴᠠᠭᠤᠯᠤᠨ ᠰᠢᠶᠳᠪᠦᠷᠢᠯᠡᠵᠦ ᠁ ᠪᠥᠬᠦ ᠠᠷᠠᠳ ᠤᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠪᠠ᠃
     ︽ᠰᠡᠳᠬᠢᠯ ᠢ ᠲᠤᠯᠠᠭᠠᠴᠠᠭᠤᠯᠤᠬᠰᠠᠨ ᠨᠣᠭᠤᠭᠠᠨ︾ —  ᠬᠠᠷᠠᠮ ᠦᠬᠡᠢ ᠬᠠᠶᠢᠷ᠎ᠠ ᠪᠠᠷ ᠣᠯᠠᠨ ᠲᠦᠮᠡᠨ ᠤ ᠵᠣᠯ ᠵᠢᠷᠭᠠᠯ ᠢ ᠦᠷᠭᠦᠯᠵᠢᠯᠡᠭᠦᠯᠦᠨ᠎ᠡ       ᠴᠡᠷᠢᠭ ᠤᠨ ᠠᠯᠪᠠ ᠠᠴᠠ ᠬᠠᠯᠠᠬᠳᠠᠬᠰᠠᠨ ᠴᠤ ᠴᠡᠷᠢᠭ ᠬᠦᠮᠦᠨ ᠤ ᠤᠤᠷ ᠴᠢᠨᠡᠷ ᠢᠶᠠᠨ ᠡᠬᠦᠷᠢᠳᠡ ᠬᠠᠳᠠᠭᠠᠯᠠᠵᠤ ᠂ ᠬᠢᠵᠢᠭ ᠢ  ᠡᠰᠡᠷᠭᠦᠴᠡᠬᠦ ᠳᠠᠶᠢᠯᠠᠯᠳᠤᠭᠠᠨ ᠳᠤ ᠬᠠᠷᠢᠭᠤᠴᠠᠯᠭ᠎ᠠ ᠡᠭᠦᠷᠭᠡᠯᠡᠯ ᠢ ᠢᠯᠡᠷᠡᠬᠦᠯᠦᠨ᠎ᠡ᠃ ᠬᠠᠷᠢᠶ᠎ᠠ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠵᠤ᠂ ᠬᠠᠮᠠᠭᠠᠯᠠᠯᠲᠠ ᠶᠢᠨ ᠬᠤᠪᠴᠠᠰᠤ ᠡᠮᠦᠰᠦᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠦᠷᠨᠢᠬᠦᠯᠵᠤ᠂ ᠡᠮᠬᠢ ᠳᠢᠭᠯᠢᠮ ᠢ ᠬᠠᠮᠠᠭᠠᠯᠠᠬᠤ᠂ ᠠᠷᠢᠭᠤᠳᠬᠠᠬᠤ ᠵᠡᠷᠭᠡ ᠠᠵᠢᠯ ᠢ ᠰᠠᠶᠢᠳᠤᠷ ᠬᠠᠮᠵᠢᠨ ᠬᠢᠵᠦ᠂ ᠭᠠᠯ ᠬᠠᠯᠠᠭᠤᠨ ᠰᠡᠳᠬᠢᠯ ᠢᠶᠠᠷ ᠬᠡᠷᠡᠭᠴᠡᠭᠡ ᠲᠠᠢ ᠭᠠᠵᠠᠷ ᠪᠤᠯᠭᠠᠨ ᠳᠤ ᠢᠯᠡᠷᠡᠵᠤ ᠬᠡᠷᠡᠯ ᠭᠢᠯᠪᠠᠭ᠎ᠠ ᠪᠠᠨ ᠰᠠᠴᠤᠷᠠᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠬᠦᠴᠦᠨ ᠨᠡᠮᠡᠷᠢᠯᠡᠪᠡ᠃
   ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠳᠠᠨ ᠤ ᠤᠯᠠᠪᠤᠷ︾ — ᠠᠷᠢᠭᠤᠨ ᠴᠡᠪᠡᠷ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠎ᠠ     ᠰᠦᠷᠦᠨ ᠤᠷᠤᠬᠰᠢᠯᠠᠵᠤ ᠵᠢᠳᠬᠦᠯ ᠡᠭᠦᠷᠭᠡᠯᠡᠯ ᠢ ᠪᠢᠴᠢᠭᠯᠡᠨ᠎ᠡ᠂ ᠠᠶᠤᠯ ᠲᠦᠭᠰᠢᠭᠦᠷᠢ ᠲᠠᠢ ᠦᠶ᠎ᠡ ᠳᠤ ᠴᠠᠭ ᠢᠮᠠᠭᠲᠠ ᠠᠵᠢᠯ ᠤᠨ ᠪᠠᠶᠢᠷᠢ ᠪᠠᠨ ᠪᠠᠲᠤ ᠰᠠᠬᠢᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠣᠯ ᠬᠤᠭ ᠨᠣᠪᠰᠢ ᠠᠴᠠ ᠬᠠᠮᠤᠭ  ᠤᠶᠢᠷ᠎ᠠ ᠪᠠᠶᠢᠭ᠎ᠠ ᠬᠥᠮᠦᠨ᠂ ᠤᠯᠠᠪᠤᠷ ᠥᠩᠭᠡ ᠲᠠᠢ ᠬᠤᠪᠴᠠᠰᠤ ᠡᠮᠦᠰᠴᠦ᠂ ᠬᠠᠷ᠎ᠠ ᠥᠷᠯᠥᠭᠡ ᠪᠠᠷ ᠠᠵᠢᠯ ᠳᠠᠭᠠᠨ ᠭᠠᠷᠴᠤ᠂ ᠨᠠᠷᠠ ᠰᠢᠩᠭᠡᠬᠦ ᠦᠶ᠎ᠡ ᠪᠠᠷ ᠰᠠᠶ᠋ᠢ ᠬᠡᠷ ᠵᠦᠭ ᠢᠶᠠᠨ ᠪᠤᠴᠠᠨ᠎ᠠ᠃ ᠶᠡᠭᠡ ᠬᠡᠮᠵᠢᠶᠡᠨ ᠤ ᠬᠤᠭ ᠨᠣᠪᠰᠢ ᠠᠴᠠ ᠡᠭᠦᠰᠴᠦ ᠮᠡᠳᠡᠬᠦ ᠬᠠᠯᠳᠠᠪᠤᠷᠢᠲᠤ ᠡᠪᠡᠳᠴᠢᠨ ᠤ ᠸᠢᠷᠦ᠋ᠰ ᠤᠨ ᠠᠶᠤᠯ ᠲᠦᠭᠰᠢᠭᠦᠷᠢ ᠶᠢᠨ ᠡᠮᠦᠨ᠎ᠡ᠂ ᠮᠥᠨ ᠬᠦ ᠦᠭᠡ ᠲᠠᠭᠤᠨ ᠦᠭᠡᠢ ᠪᠠᠷ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠵᠤ᠂ ᠪᠦᠬᠦ᠋ᠢᠯᠡ ᠬᠠᠷᠢᠶ᠎ᠠ ᠣᠷᠣᠨ ᠤ ᠵᠢᠰᠦ ᠭᠤᠶᠣᠯᠠᠭᠴᠢ ᠶᠢᠨ ᠡᠬᠦᠷᠬᠡ ᠶᠢ ᠦᠷᠭᠦᠯᠵᠢᠯᠡᠨ ᠡᠭᠦᠷᠭᠡᠯᠡᠵᠦ᠂  ᠬᠦᠨᠳᠡᠯᠡᠨ ᠭᠤᠤᠯ ᠤᠨ ᠪᠠᠷᠠᠭᠤᠨ ᠡᠷᠬᠢ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠡᠷᠭᠡᠶᠢᠯᠡᠯᠲᠡ ᠶᠢᠨ ᠱᠤᠭᠤᠮ︾᠎ ᠢ ᠪᠠᠲᠤ ᠴᠣᠭᠴᠠᠯᠠᠵᠤ᠂ ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠳᠠᠨ ᠤ ᠤᠯᠠᠪᠤᠷ︾᠎ ᠢ ᠬᠦᠨᠳᠡᠯᠡᠨ ᠭᠤᠤᠯ ᠤᠨ ᠪᠠᠷᠠᠭᠤᠨ ᠡᠷᠬᠢ ᠶᠢᠨ ᠵᠡᠭᠡᠯᠢ ᠭᠤᠳᠤᠮᠵᠢ ᠪᠠᠷ ᠰᠦᠯᠵᠢᠯᠳᠦᠭᠰᠡᠨ ᠬᠠᠮᠤᠭ ᠤᠨ ᠭᠤᠶᠤ ᠰᠠᠶᠢᠬᠠᠨ ᠦᠩᠭᠡ ᠪᠤᠳᠤᠭ ᠪᠣᠯᠭᠠᠨ ᠬᠤᠪᠢᠷᠠᠭᠤᠯᠪᠠ᠃
   ᠨᠠᠮ ᠤᠨ ᠲᠤᠭ ᠥᠨᠳᠥᠷ ᠲᠤ ᠨᠠᠮᠢᠷᠠᠨ᠂ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠪᠠ᠃ ᠵᠢᠷᠭᠤᠭᠠᠨ ᠥᠩᠭᠡ ᠶᠢᠨ ᠴᠤᠭᠯᠠᠷᠠᠯ ᠨᠢ ᠦᠶᠯᠡᠴᠢᠯᠡᠭᠡᠨ ᠤ ᠣᠭ ᠰᠠᠨᠠᠭ᠎ᠠ ᠶᠢ ᠢᠯᠡᠷᠡᠭᠦᠯᠵᠦ᠂ ᠠᠮᠢᠳᠤ ᠲᠦᠷᠰᠦᠯᠢᠭ ᠵᠢᠷᠤᠭ ᠤᠳ ᠨᠢ ︽ᠬᠢᠵᠢᠭ ᠥᠬᠡᠶ ᠬᠤᠷᠢᠶᠠᠯᠠᠯ︾᠎ ᠢ ᠡᠭᠦᠳᠦᠨ ᠪᠠᠶᠢᠭᠤᠯᠬᠤ ᠳᠤ ᠮᠠᠰᠢ ᠣᠯᠠᠨ ᠬᠠᠯᠠᠭᠤᠨ ᠳᠤᠯᠠᠭᠠᠨ ᠎ ᠢ ᠬᠦᠷᠬᠡᠵᠤ ᠰᠡᠳᠬᠢᠯ ᠤᠨ ᠳᠣᠭᠳᠣᠯᠤᠯ ᠢ ᠡᠬᠦᠰᠭᠡᠭᠰᠡᠨ ᠪᠠᠶᠢᠨ᠎ᠠ᠃ ᠶᠠᠭ ᠡᠳᠡᠭᠡᠷ ᠡᠭᠡᠯ ᠵᠢᠷ ᠤᠨ ᠪᠥᠭᠡᠳ ᠶᠠᠭᠠᠷᠠᠯᠲᠠᠢ ᠠᠵᠢᠯᠯᠠᠬᠤ ᠬᠦᠮᠦᠰ ᠪᠠᠶᠢᠭᠰᠠᠨ ᠠᠴᠠ ᠰᠠᠶ᠋ᠢ ᠲᠦᠭ ᠲᠦᠮᠡᠨ ᠭᠡᠷ ᠪᠦᠯᠢ ᠳᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠠᠷᠠᠳ ᠤᠯᠠᠨ ᠤ ᠰᠡᠳᠬᠢᠯ ᠢ ᠳᠤᠯᠠᠭᠠᠴᠠᠭᠤᠯᠤᠭᠰᠠᠨ ᠶᠤᠮ᠃  ︵ᠢᠷᠡᠯᠳᠡ᠄ ᠲᠤᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠡ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号