【ᠪᠣᠯᠪᠠᠰᠤᠨ ᠤ ᠦᠶᠯᠡᠳᠦᠯᠭᠡ ᠶᠢᠨ ᠠᠵᠢᠯᠯᠠᠭ᠎ᠠ ᠶᠢ ᠦᠷᠨᠢᠬᠦᠯᠦᠶ᠎ᠠ】 ︽ᠰᠠᠶᠢᠨ ᠲᠤᠷᠠᠴᠤᠳ ᠤᠨ ᠤᠯᠠᠭᠠᠨ ᠡᠩᠨᠡᠭᠡ︾  ᠬᠢᠵᠢᠭ ᠥᠬᠡᠶ ᠬᠤᠷᠢᠶᠠᠯᠠᠯ ᠢ ᠰᠠᠬᠢᠨ ᠬᠠᠮᠠᠭᠠᠯᠠᠨ᠎ᠡ
ᠨᠡᠶᠢᠲᠡᠯᠡᠭᠰᠡᠨ ᠴᠠᠭ᠄
2022/11/1
    ᠲᠤᠰ ᠡᠭᠡᠯᠵᠢ ᠶᠢᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠲᠡᠪᠰᠢᠯᠳᠠ ᠵᠠᠮ ᠵᠡᠭᠡᠯᠢ ᠭᠤᠳᠤᠮᠵᠢ ᠳᠤ ᠠᠶᠤᠯ ᠲᠦᠭᠰᠢᠭᠦᠷᠢ ᠠᠴᠠ ᠠᠶᠤᠬᠤ ᠦᠭᠡᠢ᠂ ᠡᠳᠦᠷ ᠰᠥᠨᠢ ᠦᠭᠡᠢ ᠠᠵᠢᠯᠯᠠᠬᠤ᠂ ᠶᠠᠳᠠᠷᠠᠯ ᠵᠦᠳᠡᠷᠡᠯ ᠢ ᠬᠠᠶᠢᠬᠤᠷᠬᠤ ᠦᠭᠡᠢ ᠠᠯᠢ ᠤᠯᠠᠨ ᠨᠠᠮ ᠤᠨ ᠭᠡᠰᠢᠭᠦᠨ ᠺᠠᠳ᠋ᠷ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠵᠠᠯᠠᠭᠤ ᠰᠤᠷᠤᠭᠴᠢ᠂ ᠠᠵᠢᠯ ᠠᠴᠠ ᠪᠠᠨ ᠠᠮᠠᠷᠠᠭᠰᠠᠨ ᠰᠠᠶᠢᠨ ᠲᠤᠷᠠᠴᠤᠳ ᠤᠨ ᠠᠵᠢᠯᠳᠠᠨ ᠴᠣᠯᠭᠤᠷᠠᠨ ᠭᠠᠷᠪᠠ ᠁ ᠡᠳᠦᠷ ᠠᠴᠠ ᠡᠳᠦᠷ ᠬᠦᠢᠳᠡᠷᠡᠵᠤ ᠪᠠᠶᠢᠭ᠎ᠠ ᠡᠨᠡ ᠬᠤᠭᠤᠴᠠᠭᠠᠨ ᠳᠤ ᠡᠳᠡᠬᠡᠷ ᠰᠠᠶᠢᠨ ᠲᠤᠷᠠᠴᠤᠳ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠨᠡᠶᠢᠬᠡᠮ ᠲᠤᠭᠤᠷᠢᠭ ᠤᠨ ᠬᠤᠷᠢᠭ᠎ᠠ ᠴᠡᠭ᠂ ᠪᠦᠬᠡᠮ ᠬᠦᠴᠢᠯ  ᠤᠨ ᠪᠠᠶᠢᠴᠠᠭᠠᠯᠳᠠ ᠬᠢᠬᠦ᠂ ᠡᠳ᠋ ᠪᠤᠳᠠᠰ ᠲᠤᠬᠢᠷᠠᠭᠤᠯᠤᠨ ᠬᠦᠷᠬᠡᠬᠦ᠂ ᠠᠷᠢᠭᠤᠳᠬᠠᠬᠤ ᠵᠡᠷᠬᠡ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ  ᠪᠤᠭᠤᠮᠳᠠ ᠰᠢᠪᠳᠤᠯᠬᠤ ᠲᠠᠶᠢᠯᠠᠯᠳᠤᠭᠠᠨ ᠤ ᠡᠮᠦᠨ᠎ᠡ ᠹᠷᠤᠨᠲ ᠲᠤ ᠦᠷᠬᠦᠯᠵᠢᠯᠡᠨ ᠲᠡᠮᠡᠴᠡᠵᠤ᠂ ᠬᠠᠮᠳᠤ ᠪᠠᠷ ︽ᠬᠢᠵᠢᠭ ᠦᠬᠡᠢ ᠬᠤᠷᠢᠶᠠᠯᠠᠯ︾ ᠢ ᠡᠬᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠪᠠ᠃      ᠰᠡᠳᠬᠢᠯ ᠰᠡᠳᠬᠢᠯ ᠢᠶᠠᠨ ᠤᠶᠢᠯᠠᠭᠠᠯᠴᠠᠨ ᠬᠢᠵᠢᠭ ᠲᠠᠢ ᠲᠡᠮᠡᠴᠡᠵᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ  
    ᠬᠠᠶᠢᠷ᠎ᠠ ᠨᠠᠶᠢᠷ ᠦᠬᠡᠢ ᠲᠠᠭᠠᠷᠢᠨ ᠢᠷᠡᠭᠰᠡᠨ ᠬᠢᠵᠢᠭ ᠤᠨ ᠪᠠᠶᠢᠳᠠᠯ ᠨᠢ ᠬᠥᠮᠦᠰ ᠤᠨ ᠬᠤᠭᠤᠷᠣᠨᠳᠣᠬᠢ ᠬᠠᠶᠢᠷ᠎ᠠ ᠬᠠᠯᠠᠮᠵᠢ᠂ ᠬᠥᠷᠰᠢ ᠰᠠᠭᠠᠬᠠᠯᠲᠠ ᠶᠢᠨ ᠬᠤᠭᠤᠷᠤᠨᠳᠤᠬᠢ ᠬᠠᠶᠢᠷ᠎ᠠ ᠰᠡᠳᠬᠢᠯᠭᠡ᠂ ᠬᠠᠷᠢᠯᠴᠠᠨ ᠬᠠᠪᠰᠤᠷᠤᠯᠴᠠᠵᠤ ᠲᠡᠮᠵᠢᠬᠦ ᠶᠢ ᠬᠠᠷᠰᠢᠯᠠᠵᠤ ᠴᠢᠳᠠᠬᠤ ᠦᠭᠡᠢ᠃ ᠴᠢ ᠶᠠᠨ ᠶᠠᠨ ᠪᠣᠯ ᠡᠾᠦ᠋ᠢ ᠮᠢᠨ ᠨᠡᠶᠢᠭᠡᠮ ᠲᠣᠭᠤᠷᠢᠭ ᠤᠨ ᠨᠢᠭᠡᠨ ᠬᠠᠯᠠᠭᠤᠨ ᠰᠡᠳᠬᠢᠯ ᠲᠠᠢ ᠰᠠᠶᠢᠨ ᠲᠤᠷ᠎ᠠ ᠶᠢᠨ ᠠᠵᠢᠯᠳᠠᠨ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠲᠡᠷᠡ ᠢᠮᠠᠭᠲᠠ ᠡᠮᠦᠨ᠎ᠡ ᠨᠢ ᠭᠠᠪᠰᠢᠭᠠᠶᠢᠯᠠᠵᠤ᠂ ᠬᠤᠷᠢᠭ᠎ᠠ ᠴᠡᠭ ᠲᠤ ᠵᠢᠵᠢᠭᠦᠷᠯᠡᠬᠦ  ᠠᠴᠠ ᠠᠪᠤᠭᠠᠳ᠂ ᠪᠡᠶ᠎ᠡ ᠶᠢᠨ ᠲᠤᠯᠠᠭᠠᠨ ᠢ ᠬᠡᠮᠵᠢᠬᠦ᠂ ᠡᠮᠬᠢ ᠳᠢᠭᠯᠢᠮ ᠢ ᠬᠠᠮᠠᠭᠠᠯᠠᠬᠤ᠂ ᠰᠠᠭᠤᠭᠠᠯᠢ ᠠᠷᠠᠳ ᠤᠨ ᠡᠷᠦᠬᠡ ᠪᠠᠷ ᠣᠷᠣᠵᠤ ᠪᠥᠭᠡᠮ ᠬᠦᠴᠢᠯ ᠤᠨ ᠦᠯᠢᠬᠡᠷ ᠴᠤᠭᠯᠠᠭᠤᠯᠬᠤ ᠬᠦᠷᠲᠡᠯ᠎ᠡ᠂ ᠭᠠᠵᠠᠷ ᠪᠣᠯᠭᠠᠨ ᠳᠤ ᠲᠡᠭᠦᠨ ᠤ ᠶᠠᠭᠠᠷᠠᠯᠲᠠᠢ ᠠᠵᠢᠯᠯᠠᠬᠤ ᠪᠡᠷ᠎ᠡ ᠬᠠᠷᠠᠭᠳᠠᠨ᠎ᠠ ᠁ ᠨᠢᠭᠡ ᠤᠳᠠᠭ᠎ᠠ ᠲᠡᠷᠡ ᠳᠤᠭᠤᠶᠢᠯᠠᠩ ᠳᠠᠭᠠᠭᠤᠯᠤᠨ ᠡᠷᠦᠬᠡ ᠳᠤ ᠣᠷᠣᠵᠤ ᠪᠥᠭᠡᠮ ᠬᠦᠴᠢᠯ ᠤᠨ ᠦᠯᠢᠬᠡᠷ ᠴᠤᠭᠯᠠᠭᠤᠯᠬᠤ ᠦᠶ᠎ᠡ ᠳᠤ᠂ ᠰᠢᠶᠧ ᠫᠸᠢ ᠭᠧᠨ ᠨᠠᠰᠤᠲᠠᠨ ᠤ ᠦᠷ᠎ᠡ ᠬᠡᠦᠬᠡᠳ ᠨᠢ ᠴᠦᠮ ᠪᠤᠰᠤᠳ ᠬᠤᠷᠢᠶᠠᠯᠠᠯ ᠳᠤ ᠪᠢᠲᠡᠭᠦᠮᠵᠢᠯᠡᠭᠳᠡᠵᠦ᠂ ᠨᠠᠰᠤᠳᠠᠨ ᠤ ᠢᠳᠡᠵᠤ ᠤᠤᠭᠤᠬᠤ ᠶᠢ  ᠬᠠᠷᠠᠭᠠᠯᠵᠠᠬᠤ ᠶᠢᠨ ᠠᠷᠭ᠎ᠠ ᠦᠭᠡᠢ ᠪᠣᠯᠤᠭᠰᠠᠨ ᠢ ᠮᠡᠳᠡᠭᠡᠳ᠂ ᠴᠢ ᠶᠠᠨ ᠶᠠᠨ ᠡᠳᠦᠷ ᠪᠦᠷᠢ ᠬᠢᠵᠢᠭ ᠢ ᠰᠡᠷᠭᠡᠶᠢᠯᠡᠬᠦ ᠬᠦᠨᠳᠦ ᠠᠵᠢᠯ ᠢᠶᠠᠨ ᠪᠡᠶᠡᠯᠡᠭᠦᠯᠦᠭᠰᠡᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠨᠠᠰᠤᠳᠠᠨ ᠳᠤ ᠡᠳᠦᠷ ᠤᠨ ᠭᠤᠷᠪᠠᠨ ᠴᠠᠭ ᠤᠨ ᠬᠤᠭᠤᠯᠠ   ᠶᠢ ᠨᠢ ᠬᠠᠩᠭᠠᠪᠠ᠃ ᠥᠷᠯᠥᠭᠡ ᠶᠢᠨ ᠬᠤᠭᠤᠯᠠ ᠨᠢ ᠰᠦ ᠦᠨᠳᠡᠭᠡ᠂ ᠦᠳᠡ ᠶᠢᠨ ᠬᠤᠭᠤᠯᠠ  ᠨᠢ ᠲᠠᠬᠢᠶᠠᠨ ᠮᠢᠬ᠎ᠠ ᠲᠠᠢ ᠲᠥᠮᠥᠰᠥ ᠴᠢᠨᠠᠵᠤ᠂ ᠣᠷᠣᠶ ᠶᠢᠨ ᠬᠤᠭᠤᠯᠠ ᠨᠢ ᠵᠢᠭᠠᠰᠤᠨ ᠮᠢᠬ᠎ᠠ ᠳ᠋ᠧᠦᠹᠦ᠋ ᠲᠠᠢ ᠱᠥᠯᠥ᠂ ᠨᠠᠰᠤᠲᠠᠨ ᠬᠠᠯᠠᠭᠤᠨ ᠠᠭᠤᠷ ᠰᠠᠪᠰᠠᠯᠠᠭᠰᠠᠨ᠂ ᠰᠢᠮ᠎ᠡ ᠲᠡᠵᠢᠭᠡᠯ ᠡᠯᠪᠡᠭ ᠬᠤᠭᠤᠯᠠ ᠤᠯᠵᠤ ᠢᠳᠡᠵᠤ ᠪᠠᠶᠢᠬᠤ ᠶᠢ ᠰᠤᠨᠤᠰᠤᠭᠠᠳ᠂ ᠦᠷ᠎ᠡ ᠬᠡᠦᠬᠡᠳ ᠤᠨ ᠬᠢᠨ ᠰᠡᠳᠬᠢᠯ ᠨᠢ ᠲᠠᠶᠢᠳᠬᠤᠷᠠᠵᠤ᠄ ︽ᠴᠢ ᠶᠠᠨ ᠶᠠᠨ ᠦᠷ᠎ᠡ ᠬᠡᠦᠬᠡᠳ ᠨᠢ ᠪᠤᠯᠤᠬᠰᠠᠨ ᠪᠢᠳᠡᠨ ᠤ ᠰᠠᠨᠠᠭᠠᠰᠢᠷᠠᠯ ᠵᠣᠪᠠᠨᠢᠯ ᠢ ᠠᠷᠢᠯᠭᠠᠵᠤ᠂ ᠪᠢᠳᠡᠨ ᠳᠤ ᠬᠢᠵᠢᠭ ᠤᠨ ᠪᠠᠶᠢᠳᠠᠯ ᠲᠤᠤᠷᠠᠬᠢ ᠬᠥᠮᠦᠨ  ᠤ ᠬᠤᠭᠤᠷᠤᠨᠳᠤᠬᠢ ᠠᠷᠢᠭᠤᠨ ᠴᠠᠶᠢᠯᠭᠠᠨ ᠬᠠᠶᠢᠷ᠎ᠠ ᠰᠡᠳᠬᠢᠯᠭᠡ ᠶᠢ ᠭᠦᠨᠵᠡᠭᠡᠶ ᠮᠡᠳᠡᠷᠡᠭᠦᠯᠪᠡ︕ ᠪᠢᠳᠡ ᠡᠶᠢᠮᠦ ᠲᠤᠳᠤᠨᠤ ᠬᠥᠷᠰᠢ ᠲᠠᠢ ᠳᠠᠭᠠᠨ ᠦᠨᠡᠨ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︾ ᠬᠡᠪᠡ᠃     ︽ᠡᠷ᠎ᠡ ᠡᠮ᠎ᠡ ᠬᠤᠶᠠᠭᠤᠯᠠ︾ ᠮᠥᠷᠥ ᠵᠡᠷᠭᠡᠴᠡᠨ ᠪᠠᠶᠢᠯᠳᠤᠵᠤ᠂ ︽ᠬᠠᠮᠤᠭ ᠤᠨ ᠡᠮᠦᠨ᠎ᠡ ᠹᠷᠣᠨᠲ︾   ᠲᠤ ᠡᠭᠦᠷᠭᠡᠯᠡᠯ ᠵᠢᠳᠬᠦᠯ ᠢ ᠢᠯᠡᠷᠡᠭᠦᠯᠦᠨ᠎ᠡ  
    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠬᠡᠷ ᠨᠢ ᠵᠠᠯᠠᠭᠤᠰ 16 ᠳ᠋ᠤᠭᠠᠷ ᠨᠡᠶᠢᠭᠡᠮ ᠲᠣᠭᠤᠷᠢᠭ ᠤᠨ ᠪᠸᠢ ᠴᠧᠨ ᠬᠤᠷᠢᠶᠠᠯᠠᠯ ᠳᠤ ᠰᠠᠭᠤᠵᠤ ᠪᠠᠶᠢᠭ᠎ᠠ ᠸᠠᠩ ᠹᠧᠩ ᠪᠣᠯᠤᠨ ᠯᠢ ᠰᠢᠨ ᡁᠢ ᠡᠷ᠎ᠡ ᠡᠮ᠎ᠡ ᠬᠤᠶᠠᠭᠤᠯᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠴᠠᠭᠠᠨ ᠬᠤᠪᠴᠠᠰᠤᠳᠠᠨ︾ ᠪᠣᠯᠵᠣ᠂ ᠬᠢᠵᠢᠭ ᠢ ᠡᠰᠡᠷᠭᠦᠴᠡᠬᠦ ᠬᠠᠮᠤᠭ ᠤᠨ ᠡᠮᠦᠨ᠎ᠡ ᠹᠷᠣᠨᠲ ᠲᠤ ᠭᠠᠪᠰᠢᠭᠠᠶᠢᠯᠠᠪᠠ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠳᠤ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢᠨ ᠲᠥᠯᠥᠭᠡ᠂ ᠨᠠᠮ ᠤᠨ ᠭᠡᠰᠢᠭᠦᠨ ᠰᠠᠶᠢᠨ ᠲᠤᠷ᠎ᠠ ᠶᠢᠨ ᠠᠵᠢᠯᠳᠠᠨ ᠸᠠᠩ ᠹᠧᠩ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠬᠥᠳᠡᠯᠵᠦ ᠪᠠᠷᠢᠬᠤ ᠳᠤ ᠳᠥᠭᠦᠮ ᠦᠭᠡᠢ ᠪᠤᠯᠤᠬᠰᠠᠨ ᠨᠠᠰᠤᠲᠠᠳ ᠤᠨ ᠬᠡᠷ ᠲᠤᠨᠢ ᠬᠦᠷᠴᠦ ᠪᠥᠭᠡᠮ ᠬᠦᠴᠢᠯ ᠤᠨ ᠦᠯᠢᠬᠡᠷ ᠠᠪᠴᠤ ᠦᠭᠳᠡᠭ᠂ ᠤᠳᠠᠭ᠎ᠠ ᠪᠦᠷᠢ ᠤᠯᠠᠨ ᠲᠠᠪᠬᠤᠷ ᠠᠰᠠᠷ ᠢ ᠠᠪᠠᠷᠢᠬᠤ ᠪᠤᠯᠬᠤᠷ ᠪᠦᠬᠦ ᠪᠡᠶ᠎ᠡ ᠨᠢ ᠬᠦᠯᠦᠰᠦᠨ ᠳᠤ ᠲᠡᠪᠳᠦᠬᠡᠳ ᠭᠠᠷᠳᠠᠭ᠃ ᠬᠡᠲᠦᠷᠬᠡᠶ ᠶᠠᠳᠠᠷᠠᠭᠰᠠᠨ ᠠᠴᠠ ᠪᠣᠯᠵᠤ᠂ ᠠᠷᠪᠠᠨ ᠬᠡᠳᠦᠨ ᠡᠭᠡᠯᠵᠢ ᠶᠢᠨ ᠪᠥᠭᠡᠮ ᠬᠦᠴᠢᠯ  ᠤᠨ ᠪᠠᠶᠢᠴᠠᠭᠠᠯᠳᠠ ᠬᠢᠵᠤ ᠪᠠᠷᠠᠬᠤ ᠦᠶ᠎ᠠ ᠳᠤ ᠲᠡᠷᠡ ᠴᠢᠨ᠋ᠸ᠎ᠠ ᠶᠢᠨ ᠬᠦᠷᠪᠡᠰᠢ ᠳᠤ ᠨᠡᠷᠪᠡᠭᠳᠡᠵᠠᠢ᠂ ︽ᠬᠡᠳᠤ ᠶᠠᠳᠠᠷᠠᠬᠰᠠᠨ ᠠᠴᠠ ᠪᠤᠯᠵᠤ ᠡᠭᠡᠯᠢᠯᠡᠭᠡ ᠶᠢᠨ ᠴᠢᠳᠠᠪᠤᠷᠢ ᠨᠢ ᠮᠠᠭᠤᠳᠠᠵᠠᠢ᠂ ᠲᠡᠭᠦᠨ ᠢ ᠭᠠᠭᠴᠠᠭᠠᠷ ᠨᠢ ᠦᠷᠭᠦᠯᠵᠢᠯᠠᠨ ᠠᠵᠢᠯᠯᠠᠭᠤᠯᠵᠤ ᠪᠣᠯᠬᠤ ᠦᠭᠡᠢ︾ ᠭᠡᠵᠦ ᠡᠬᠡᠨᠡᠷ ᠯᠢ ᠰᠢᠨ ᡁᠢ ᠨᠢ ᠡᠷ᠎ᠡ ᠨᠥᠬᠦᠷ ᠤᠨ ᠢᠶᠠᠨ ᠪᠡᠶ᠎ᠡ ᠳᠡᠭᠡᠷᠡᠬᠢ ᠤᠯᠠᠭᠠᠨ ᠨᠤᠳ ᠢ ᠬᠠᠷᠠᠭᠠᠳ ᠦᠷᠦ ᠡᠪᠡᠳᠦᠨ ᠬᠡᠯᠡᠪᠡ᠃ ᠲᠡᠬᠡᠭᠡᠳ ᠲᠡᠷᠡ ᠬᠤᠶᠠᠭᠤᠯᠠ ᠪᠠᠨ ᠵᠥᠪᠳᠡᠯᠴᠡᠭᠡᠳ᠂ ᠬᠤᠶᠠᠭᠤᠯᠠ ᠪᠠᠨ ᠡᠭᠡᠯᠵᠢᠯᠡᠨ ᠠᠵᠢᠯ ᠤᠨ ᠪᠠᠶᠢᠷᠢ ᠳᠤ ᠭᠠᠷᠬᠤ ᠪᠠᠷ ᠲᠣᠭᠲᠠᠪᠠ᠃ ᠲᠠᠳᠠ ᠰᠠᠶ᠋ᠢᠬᠠᠨ ᠨᠢᠬᠡ ᠨᠠᠰᠤ ᠦᠩᠬᠡᠷᠡᠭᠰᠡᠨ ᠬᠡᠦᠬᠡᠳ ᠢᠶᠠᠨ ᠤᠳᠠᠭ᠎ᠠ ᠳᠠᠷᠠᠭᠠᠯᠠᠨ ᠭᠡᠷ ᠲᠡᠭᠡᠨ ᠬᠠᠶᠠᠵᠤ᠂ ᠵᠢᠵᠢᠭ ᠬᠡᠷ ᠪᠦᠯᠢ ᠪᠠᠨ ᠦᠷᠡᠭᠳᠡᠬᠦᠯᠵᠤ ᠣᠯᠠᠨ ᠤ ᠲᠦᠯᠦᠬᠡ ᠪᠤᠳᠤᠵᠤ᠂ ᠦᠴᠦᠬᠡᠨ ᠴᠤ ᠡᠷᠡᠭᠡᠯᠵᠡᠯ ᠥᠬᠡᠶ ᠪᠠᠷ ᠭᠠᠷ ᠬᠤᠯᠪᠣᠨ ᠪᠠᠶᠢᠯᠳᠤᠵᠤ᠂ ᠡᠮᠦᠨ᠎ᠡ ᠨᠢ ᠭᠠᠪᠰᠢᠭᠠᠶᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠮᠥᠷᠥ ᠵᠡᠷᠭᠡᠴᠡᠨ ᠪᠠᠶᠢᠯᠳᠤᠬᠤ︾ ᠷᠣᠮᠠᠨᠲ᠋ᠢᠭ ᠢ ᠪᠢᠴᠢᠭᠯᠡᠵᠦ᠂ ᠬᠠᠷᠢᠭᠤᠴᠠᠯᠭ᠎ᠠ ᠪᠣᠯᠤᠨ ᠪᠠᠲᠤ ᠰᠠᠬᠢᠯᠲᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃     ᠠᠬᠠᠰᠢᠷᠠᠬᠰᠠᠨ ᠪᠤᠯᠪᠠᠴᠤ ᠤᠭ ᠰᠠᠨᠠᠭ᠎ᠠ ᠪᠠᠨ ᠮᠠᠷᠲᠠᠬᠤ ᠥᠬᠡᠶ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠨ᠎ᠠ
    ︽ᠡᠪ ᠬᠠᠮᠲᠤ ᠨᠠᠮ ᠤᠨ ᠭᠡᠰᠢᠭᠦᠨ ᠤ ᠪᠤᠯᠤᠬᠰᠠᠨ ᠤ ᠬᠤᠪᠢ ᠳᠤ ᠵᠠᠩᠭᠢᠯᠠᠭ᠎ᠠ ᠶᠢᠨ ᠦᠶ᠎ᠡ ᠳᠤ ᠡᠮᠦᠨ᠎ᠡ ᠨᠢ ᠰᠢᠭᠤᠷᠬᠠᠶᠢᠯᠠᠬᠤ ᠬᠡᠷᠡᠭᠲᠡᠢ᠂ ᠨᠠᠮ ᠪᠣᠯᠤᠨ ᠠᠷᠠᠳ ᠲᠦᠮᠡᠨ ᠬᠡᠷᠡᠭᠴᠡᠭᠡ ᠲᠠᠢ ᠯᠡ ᠶᠤᠮ ᠪᠣᠯ᠂ ᠠᠵᠢᠯ ᠠᠴᠠ ᠪᠠᠨ ᠠᠮᠠᠷᠠᠭᠰᠠᠨ ᠴᠤ ᠴᠠᠭ ᠲᠤᠬᠠᠢ ᠳᠤᠨᠢ ᠨᠠᠮ ᠳᠤ ᠨᠡᠷ᠎ᠡ ᠮᠡᠳᠡᠭᠦᠯᠬᠦ ᠬᠡᠷᠡᠭᠲᠡᠢ︾᠃ ᠡᠨᠡ ᠨᠠᠰᠤᠲᠠᠨ ᠢ ᠢᠦᠶ ᠱᠧᠩ ᠭᠡᠳᠡᠭ᠂ ᠡᠨᠡ ᠵᠢᠯ ᠨᠢᠭᠡᠨᠲᠡ 81ᠨᠠᠰᠤᠯᠠᠵᠠᠢ᠃ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠡᠨᠡ ᠨᠢ ᠲᠡᠭᠦᠨ ᠤ ᠬᠡᠳᠦᠳᠦᠭᠡᠷ ᠤᠳᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠲᠤᠷᠠᠴᠤᠳ ᠤᠨ ᠠᠵᠢᠯ ᠳᠤ ᠣᠷᠣᠯᠴᠠᠵᠤ ᠪᠠᠶᠢᠬᠤ ᠶᠢ ᠪᠤᠤ ᠮᠡᠳᠡ᠃     ᠢᠦᠢ ᠱᠧᠩ ᠨᠠᠰᠤᠲᠠᠨ ᠤ ᠡᠳᠦᠷ ᠪᠦᠷᠢ ᠶᠢᠨ ᠠᠵᠢᠯ ᠤᠨ ᠠᠭᠤᠯᠭ᠎ᠠ ᠳᠤ ᠰᠠᠭᠤᠭᠠᠯᠢ ᠠᠷᠠᠳ ᠢ ᠵᠢᠯᠣᠭᠤᠳᠤᠨ 1.5   ᠮᠧᠲᠷ ᠤᠨ ᠵᠠᠢ ᠲᠠᠢ ᠪᠠᠷ ᠮᠦᠷᠯᠡᠬᠦᠯᠦᠨ᠂ ᠲᠤᠬᠠᠢ ᠶᠢᠨ ᠲᠠᠯᠠᠪᠠᠢ ᠶᠢᠨ ᠡᠮᠬᠢ ᠳᠢᠭᠯᠢᠮ ᠢ ᠬᠠᠮᠠᠭᠠᠯᠠᠵᠤ᠂ ᠰᠠᠭᠤᠭᠠᠯᠢ ᠠᠷᠠᠳ ᠲᠤ  ᠪᠦᠬᠡᠮ ᠬᠦᠴᠢᠯ ᠤᠨ ᠪᠠᠶᠢᠴᠠᠭᠠᠯᠳᠠ ᠬᠢᠭᠰᠡᠨ ᠲᠡᠮᠳᠡᠭ ᠬᠤᠪᠢᠶᠠᠬᠤ ᠵᠡᠷᠭᠡ ᠪᠠᠭᠲᠠᠨ᠎ᠠ᠃ ︽ᠰᠣᠯᠪᠢᠴᠠᠨ ᠬᠠᠯᠳᠠᠪᠤᠷᠢᠯᠠᠬᠤ ᠠᠴᠠ  ᠵᠠᠶᠢᠯᠡᠰᠬᠢᠬᠦ ᠶᠢᠨ ᠲᠦᠯᠦᠬᠡ ᠡᠮᠦᠨ᠎ᠡ ᠬᠤᠶᠢᠨᠠᠬᠢ ᠬᠦᠮᠦᠨ ᠤ ᠬᠤᠭᠤᠷᠣᠨᠳᠣᠬᠢ ᠵᠠᠶ ᠪᠠᠨ ᠪᠠᠲᠤᠯᠠᠬᠤ ᠬᠡᠷᠡᠭᠳᠡᠢ᠂ ᠤᠶᠢᠯᠠᠭᠠᠵᠤ ᠬᠠᠮᠵᠢᠯᠴᠠᠭᠠᠷᠠᠢ︾᠂ ︽ᠣᠳᠣᠬᠠᠨ ᠳᠤ ᠬᠢᠵᠢᠭ ᠤᠨ ᠪᠠᠶᠢᠳᠠᠯ ᠬᠦᠨᠳᠦ ᠨᠣᠴᠢᠲᠠᠶ ᠪᠠᠶᠢᠨ᠎ᠠ᠂ ᠨᠢᠭᠡᠨᠲᠡ ᠪᠥᠭᠡᠮ ᠬᠦᠴᠢᠯ ᠤᠨ ᠦᠯᠢᠬᠡᠷ  ᠠᠪᠤᠭᠤᠯᠤᠬᠰᠠᠨ ᠪᠠᠶᠢᠪᠠᠯ ᠬᠤᠷᠳᠤᠬᠠᠨ ᠬᠡᠷ ᠲᠡᠭᠡᠨ ᠬᠠᠷᠢᠭᠠᠷᠠᠶ᠂ ᠪᠦᠬᠡᠮᠨᠡᠷᠡᠬᠦ ᠦᠬᠡᠢ ᠴᠤᠭᠯᠠᠷᠠᠬᠤ ᠥᠬᠡᠶ᠂ ᠬᠡᠷ ᠲᠡᠭᠡᠨ ᠬᠠᠷᠢᠵᠤ ᠬᠤᠸᠠᠷ ᠴᠡᠴᠡᠭ ᠢᠶᠠᠨ ᠤᠰᠤᠯᠠ᠂ ᠱᠠᠯᠠ ᠪᠠᠨ ᠵᠦᠯᠬᠦ᠂ ᠬᠤᠭᠤᠯᠠ ᠤᠮᠳᠠ ᠪᠠᠨ ᠪᠠᠵᠠᠭ᠎ᠠ᠂ ᠰᠡᠳᠬᠢᠯ ᠢ ᠮᠡᠳᠡᠭᠴᠢ ᠦᠬᠡᠢ ᠬᠡᠮᠡᠨ ᠪᠢᠳᠡᠬᠡᠢ ᠵᠤᠪᠠ᠂ ᠰᠡᠳᠬᠢᠯ ᠢ ᠮᠡᠳᠡᠭᠴᠢᠳ ᠴᠥᠮ ᠪᠥᠭᠡᠮ ᠬᠦᠴᠢᠯ ᠤᠨ ᠪᠠᠶᠢᠴᠠᠭᠠᠯᠳᠠ ᠬᠢᠵᠦ ᠪᠠᠶᠢᠨ᠎ᠠ᠂ ᠶᠠᠭᠤ ᠪᠠᠶᠢᠬᠰᠠᠨ ᠴᠤ ᠴᠦᠮ ᠪᠢᠳᠡᠨ ᠤ ᠨᠣᠭᠤᠭᠠᠨ ᠺᠣᠳ᠋ ᠢ ᠬᠦᠷᠬᠦ ᠦᠭᠡᠢ᠂ ᠪᠢᠳ᠋ᠨ ᠨᠣᠭᠤᠭᠠᠨ ᠺᠤᠳ᠋ ᠢᠶᠠᠨ ᠰᠠᠶᠢᠳᠤᠷ ᠰᠠᠬᠢᠨ ᠬᠠᠮᠠᠭᠠᠯᠠᠵᠤ᠂ ᠡᠭᠦᠷᠢᠳᠡ ᠡᠷᠡᠭᠦᠯ ᠮᠡᠨᠳᠤ ᠪᠠᠶᠠᠷ ᠬᠥᠷ ᠲᠠᠢ ᠪᠠᠶᠢᠶ᠎ᠡ︕︾  ᠁ ᠨᠠᠰᠤᠲᠠᠨ ᠤ ᠡᠳᠦᠷ ᠪᠦᠷᠢ ᠢᠩᠬᠢᠵᠤ ᠶᠦᠮᠦᠷᠯᠢᠭ ᠱᠣᠭᠲᠠᠶ ᠬᠠᠰᠬᠢᠷᠬᠤ ᠨᠢ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠣᠯᠵᠤ᠂ ᠣᠯᠠᠨ ᠢᠶᠠᠷ ᠢᠶᠠᠨ ᠣᠶᠢᠯᠠᠭᠠᠵᠤ ᠢᠳᠡᠪᠬᠢᠳᠡᠢ ᠬᠠᠮᠵᠢᠯᠴᠠᠬᠤ ᠪᠤᠯᠵᠠᠢ᠃     ᠡᠨᠡ ᠤᠳᠠᠭᠠᠨ ᠤ ᠲᠡᠷᠢ ᠶᠢᠨ ᠣᠲᠤᠭ᠎ᠠ ᠥᠬᠡᠶ ᠳᠠᠶᠢᠯᠠᠯᠳᠤᠭᠠᠨ ᠳᠤ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠶᠯᠡᠳᠦᠯᠭᠡᠵᠢᠭᠦᠯᠵᠦ᠂ ᠡᠪ ᠬᠠᠮᠲᠤ ᠨᠠᠮ ᠤᠨ ᠭᠡᠰᠢᠭᠦᠨ ᠤ  ᠤᠤᠷ ᠴᠢᠨᠠᠷ ᠢᠶᠠᠷ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠪᠠᠬᠢᠯᠡᠯᠲᠡ ᠶᠢ ᠪᠠᠲᠤ ᠰᠠᠬᠢᠵᠤ᠂ ᠨᠠᠮ ᠤᠨ ᠰᠦᠯᠳᠡ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠬᠡᠷᠡᠯ ᠭᠢᠯᠪᠠᠭ᠎ᠠ ᠰᠠᠴᠤᠷᠠᠭᠤᠯᠵᠠᠶ᠃     ᠰᠠᠶᠢᠨ ᠲᠤᠷ᠎ᠠ ᠶᠢᠨ ᠬᠡᠵᠤ ᠰᠡᠳᠬᠢᠯ ᠠᠴᠠ ᠪᠠᠨ ᠤᠷᠭᠤᠨ᠎ᠠ᠂ ᠬᠤᠪᠢ ᠨᠡᠮᠡᠷᠢ ᠦᠵᠡᠬᠦᠯᠬᠦ ᠬᠡᠵᠤ ᠠᠵᠢᠯᠯᠠᠭ᠎ᠠ ᠲᠡᠭᠡᠷ᠎ᠡ  ᠢᠯᠡᠷᠡᠨ᠎ᠡ᠃ ᠬᠦᠴᠢᠷ ᠪᠡᠷᠬᠡᠰᠢᠶᠡᠯ ᠲᠠᠢ ᠴᠠᠭ ᠮᠥᠴᠡ ᠳᠤ᠂ ᠰᠠᠭᠤᠭᠠᠯᠢ ᠠᠷᠠᠳ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠲᠤᠰᠠᠯᠠᠯᠴᠠᠬᠰᠠᠨ ᠡᠳᠡᠬᠡᠷ ᠰᠠᠶᠢᠬᠠᠨ ᠦᠯᠢᠬᠡᠷ ᠤᠳ ᠨᠢ ᠬᠤᠳᠠ ᠶᠢᠨ ᠲᠠᠨᠢᠯ ᠳᠠᠰᠤᠯ ᠪᠤᠰᠤ ᠬᠥᠮᠦᠰ ᠤᠨ ᠬᠤᠭᠤᠷᠣᠨᠳᠤ ᠨᠢ ᠤᠶᠢᠷᠠᠳᠤᠭᠤᠯᠵᠤ᠂ ᠰᠢᠷᠭᠠᠯ ᠨᠠᠮᠤᠷ ᠤᠨ ᠪᠤᠭᠤᠳᠤ ᠬᠤᠳᠠ ᠶᠢ ᠳᠤᠯᠠᠭᠠᠴᠠᠭᠤᠯᠪᠠ᠃ ᠰᠠᠶᠢᠨ ᠳᠤᠷᠠᠴᠤᠳ ᠬᠠᠷᠢᠭᠤᠴᠠᠯᠭ᠎ᠠ ᠪᠠ ᠡᠭᠦᠷᠭᠡᠯᠡᠯ ᠢᠶᠠᠷ ᠢᠶᠠᠨ ︽ᠬᠢᠵᠢᠭ ᠥᠬᠡᠶ ᠬᠤᠷᠢᠶᠠᠯᠠᠯ︾ ᠤᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ᠃ ︵ᠢᠷᠡᠯᠲᠡ᠄ ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ ᠠᠴᠠ ᠶᠡᠷᠦᠩᠬᠡᠶᠢᠯᠡᠨ ᠡᠮᠬᠢᠳᠬᠡᠪᠡ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号