ᠶᠢᠨ ᠶᠦᠩ ᠯᠢ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠰᠡᠷᠭᠦᠭᠡᠬᠦ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/11/1
   10 ᠰᠠᠷ᠎ᠠ ᠶᠢᠨ 27 ᠤ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠡᠰᠡᠭ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠪᠦᠬᠦ ᠲᠤᠭᠤᠷᠢᠭ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠰᠡᠷᠭᠦᠭᠡᠬᠦ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃     ᠶᠢᠨ ᠶᠦᠩ ᠯᠢ ᠤᠷᠢᠳ ᠬᠤᠵᠢᠳ ᠬᠤᠸᠠ ᠹᠠ ᠰᠢᠨ ᠴᠧᠩ᠂ ᠬᠠᠲᠤᠨ ᠭᠤᠣᠯ ᠬᠤᠷᠢᠶᠠᠯᠠᠯ᠂ ᠵᠡᠬᠦᠨ ᠨᠦᠬᠦᠷᠯᠡᠯ 22  ᠳ᠋ᠤᠭᠠᠷ ᠨᠡᠶᠢᠭᠡᠮ ᠲᠣᠭᠤᠷᠢᠭ᠂ ᠪᠠᠭᠠᠴᠤᠤᠯ 31 ᠳ᠋ᠤᠭᠡᠷ ᠨᠡᠶᠢᠭᠡᠮ ᠲᠣᠭᠤᠷᠢᠭ ᠤᠨ 79 ᠳ᠋ᠤᠭᠡᠷ ᠬᠤᠷᠢᠶᠠᠯᠠᠯ᠂ ᠪᠠᠭᠠᠴᠤᠤᠯ 29  ᠳ᠋ᠤᠭᠡᠷ ᠵᠡᠭᠡᠯᠢ ᠭᠤᠳᠤᠮᠵᠢ᠂ ᠪᠤᠯᠤᠳ 32 ᠳ᠋ᠤᠭᠠᠷ ᠬᠤᠷᠢᠶᠠᠯᠠᠯ᠂ ᠮᠢᠩ ᠿᠢ ᠰᠢᠩ ᠴᠧᠩ ᠨᠡᠶᠢᠭᠡᠮ ᠲᠣᠭᠤᠷᠢᠭ ᠤᠨ ᡁᠢ ᠴᠢᠩ ᠶᠤᠸᠠᠨ᠂ ᠴᠢᠩ ᠰᠦᠩ ᠬᠤᠷᠢᠶᠠᠯᠠᠯ᠂ ᠵᠢᠤᠢ ᠷᠠᠨ ᠰᠢᠨ ᠴᠧᠩ᠂ ᠶᠢᠨ ᠱᠠᠩ ᠭᠦᠸᠧ ᠵᠢᠢ ᠵᠡᠷᠭᠡ ᠭᠠᠵᠠᠷ ᠢᠶᠠᠷ ᠬᠦᠷᠴᠦ᠂ ᠦᠨᠡᠮᠯᠡᠯ ᠠᠪᠴᠤ ᠣᠷᠣᠵᠤ ᠭᠠᠷᠴᠤ ᠪᠠᠶᠢᠬᠤ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ ᠬᠢᠵᠢᠭ ᠦᠭᠡᠢ ᠬᠤᠷᠢᠶᠠᠯᠠᠯ ᠤᠨ ᠤᠯᠠᠨ ᠲᠦᠮᠡᠨ ᠢ ᠬᠦᠳᠦᠯᠥᠨ ᠵᠢᠯᠣᠭᠤᠳᠴᠤ ᠡᠮᠬᠢ ᠵᠢᠷᠤᠮ ᠲᠠᠢ ᠪᠠᠷ ᠲᠠᠯᠪᠢᠵᠤ ᠠᠵᠢᠯ ᠤᠨ ᠪᠠᠶᠢᠳᠠᠯ ᠢ ᠨᠢ ᠴᠢᠯᠥᠭᠡᠲᠡᠢ ᠪᠣᠯᠭᠠᠵᠤ ᠪᠠᠶᠢᠬᠤ ᠪᠠᠶᠢᠳᠠᠯ ᠢ ᠨᠠᠷᠢᠨ ᠤᠶᠢᠯᠠᠭᠠᠵᠤ᠂ ︽ᠨᠢᠬᠡ ᠨᠢᠬᠡ ᠶᠠᠪᠤᠳᠠᠯ ᠢᠶᠠᠷ ᠲᠤᠳᠤᠷᠬᠠᠶᠢᠯᠠᠬᠤ︾ ᠬᠡᠯᠪᠡᠷᠢ ᠪᠠᠷ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ ᠵᠢᠯᠣᠭᠤᠳᠴᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃      ᠶᠢᠨ ᠶᠦᠩ ᠯᠢ᠂ ᠬᠢᠵᠢᠭ ᠦᠭᠡᠢ ᠬᠤᠷᠢᠶᠠᠯᠠᠯ ᠢ ᠡᠮᠬᠢ ᠵᠢᠷᠤᠮ ᠲᠠᠢ ᠪᠠᠷ ᠲᠠᠯᠪᠢᠵᠤ ᠴᠢᠯᠥᠭᠡᠲᠡᠢ ᠪᠣᠯᠭᠠᠬᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠨᠦᠬᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠦᠲᠦᠮᠵᠢᠲᠡᠢ ᠠᠷᠭ᠎ᠠ ᠵᠠᠮ ᠮᠥᠨ᠃ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠬᠢᠵᠢᠭ ᠥᠬᠡᠶ ᠬᠤᠷᠢᠶᠠᠯᠠᠯ ᠢ ᠡᠮᠬᠢ ᠵᠢᠷᠤᠮ ᠲᠠᠢ ᠪᠠᠷ ᠲᠠᠯᠪᠢᠵᠤ ᠴᠢᠯᠥᠭᠡᠲᠡᠶ ᠪᠤᠯᠭᠠᠬᠤ ᠠᠵᠢᠯ ᠢ ᠠᠷᠠᠳ ᠤᠨ ᠰᠡᠳᠬᠢᠯ ᠢ ᠬᠦᠴᠦᠷᠬᠡᠭᠵᠢᠭᠦᠯᠬᠦ᠂ ᠬᠥᠮᠦᠰ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠰᠠᠶᠢᠨ ᠶᠠᠪᠤᠳᠠᠯ ᠪᠣᠯᠭᠠᠨ ᠬᠢᠵᠦ᠂ ᠣᠯᠠᠨ ᠲᠦᠮᠡᠨ ᠢ ᠬᠢᠵᠢᠭ ᠥᠬᠡᠶ ᠬᠤᠷᠢᠶᠠᠯᠠᠯ ᠢ ᠡᠭᠦᠳᠦᠨ ᠪᠠᠶᠢᠭᠤᠯᠬᠤ ᠳᠤ ᠢᠳᠡᠪᠬᠢᠲᠡᠶ ᠣᠷᠣᠯᠴᠠᠬᠤ ᠶᠢ ᠵᠤᠷᠢᠬᠵᠢᠭᠤᠯᠵᠤ᠂ ᠰᠡᠳᠬᠢᠯ ᠨᠢᠬᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠬᠢᠵᠢᠭ ᠢ ᠡᠰᠡᠷᠭᠦᠴᠡᠬᠦ ᠪᠥᠬᠦ ᠲᠠᠯ᠎ᠠ ᠶᠢᠨ ᠢᠯᠠᠯᠲᠠ ᠶᠢ ᠡᠷᠡᠰ ᠭᠤᠶᠢᠪᠢᠰᠢ ᠥᠬᠡᠶ ᠲᠡᠮᠡᠴᠡᠨ ᠤᠯᠬᠤ ᠬᠡᠷᠡᠭᠲᠡᠶ᠃ ᠬᠢᠵᠢᠭ ᠥᠬᠡᠶ ᠬᠤᠷᠢᠶᠠᠯᠠᠯ ᠤᠨ ᠪᠥᠲᠥᠭᠡᠨ ᠪᠠᠶᠢᠭᠤᠯᠤᠯᠲᠠ ᠶᠢᠨ ᠤᠬᠠᠭᠤᠯᠭ᠎ᠠ ᠶᠢᠨ ᠡᠷᠴᠢᠮ ᠪᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠬᠤᠲᠠ ᠶᠢᠨ ᠠᠷᠠᠳ ᠤᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠦᠶᠯᠡᠳᠦᠯ ᠢ ᠭᠦᠶᠴᠡᠳ ᠪᠠᠳᠠᠷᠠᠭᠤᠯᠬᠤ ᠬᠡᠷᠡᠭᠲᠡᠶ᠃ ᠰᠢᠪᠲᠤᠯᠤᠯᠲᠠ ᠶᠢ ᠤᠯᠠᠮ ᠨᠢᠭᠡ ᠠᠯᠬᠤᠮ ᠰᠦᠪᠡᠭᠴᠢᠯᠡᠵᠦ᠂ ᠳ᠋ᠦᠩᠨᠡᠬᠦ ᠳᠡᠭᠡᠨ ᠴᠢᠳᠠᠮᠠᠭᠠᠶ ᠪᠠᠶᠢᠵᠤ᠂ ᠪᠠᠭᠤᠷᠠᠶ ᠲᠠᠯ᠎ᠠ ᠶᠢ ᠠᠳᠬᠤᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠠᠷᠭ᠎ᠠ ᠬᠡᠮᠵᠢᠶ᠎ᠡ ᠪᠠᠨ ᠨᠠᠩ ᠨᠠᠷᠢᠨ ᠨᠢᠭᠲᠠ ᠲᠣᠬᠢᠷᠠᠭᠤᠯᠵᠤ᠂ ᠠᠵᠢᠯ ᠢᠶᠠᠨ ᠨᠠᠩ ᠨᠠᠷᠢᠯᠢᠭ ᠨᠠᠶᠢᠳᠠᠪᠤᠷᠢᠵᠢᠭᠤᠯᠤᠨ᠂ ᠲᠤᠷᠰᠢᠯᠭ᠎ᠠ ᠠᠷᠭ᠎ᠠ ᠬᠢᠳᠡᠯ ᠢᠶᠠᠨ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠬᠢᠵᠢᠭ ᠥᠬᠡᠶ ᠬᠤᠷᠢᠶᠠᠯᠠᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃      ᠶᠢᠨ ᠶᠦᠩ ᠯᠢ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠡᠪ ᠤᠨ ᠪᠠᠶᠢᠳᠠᠯ ᠳᠤᠨᠢ ᠤᠷᠤᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ ᠤᠷᠢᠳ ᠢᠶᠠᠷ ᠪᠠᠲᠤᠯᠠᠵᠤ᠂ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠤᠳᠠᠯᠳᠤᠭ᠎ᠠ ᠳᠡᠯᠭᠡᠭᠦᠷ᠂ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠡᠮ ᠤᠨ ᠳᠡᠯᠭᠡᠭᠦᠷ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯᠠᠪᠤᠷ ᠭᠠᠵᠠᠷ ᠤᠨ ᠬᠡᠪ ᠤᠨ ᠡᠵᠡᠩᠨᠡᠯᠲᠡ ᠶᠢ ᠶᠡᠭᠡ ᠪᠠᠷ ᠳᠡᠮᠵᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠳᠬᠠᠬᠤ᠂ ᠺᠣᠳ᠋ ᠰᠢᠷᠪᠢᠬᠦ᠂ ᠪᠡᠶ᠎ᠡ ᠶᠢᠨ ᠲᠤᠯᠠᠭᠠᠨ ᠢ ᠬᠡᠮᠵᠢᠬᠦ ᠵᠡᠷᠭᠡ ᠠᠵᠢᠯ ᠢ ᠰᠠᠶᠢᠲᠤᠷ ᠬᠢᠵᠦ᠂ ᠡᠮᠬᠢ ᠵᠢᠷᠤᠮ ᠲᠠᠢ ᠪᠠᠷ ᠲᠠᠯᠪᠢᠵᠤ ᠴᠢᠯᠥᠭᠡᠲᠡᠶ ᠪᠤᠯᠭᠠᠬᠤ᠂ ᠨᠡᠭᠡᠭᠡᠵᠦ ᠪᠣᠯᠬᠤ ᠶᠢ ᠨᠢ ᠪᠦᠬᠦᠨ ᠢ ᠨᠡᠭᠡᠭᠡᠬᠦ ᠶᠢ ᠪᠠᠳᠤᠯᠠᠵᠤ᠂ ᠱᠠᠲᠤ ᠱᠠᠲᠤ ᠪᠠᠷ ᠲᠠᠷᠤᠯᠳᠠ ᠦᠭᠴᠦ ᠪᠤᠯᠬᠤ ᠦᠬᠡᠢ᠃ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠲᠦᠷᠭᠡᠨ ᠰᠡᠷᠭᠦᠭᠡᠵᠦ᠂ ᠴᠡᠴᠡᠷᠯᠢᠭ ᠠᠭᠤᠳᠠᠮ ᠲᠠᠯᠠᠪᠠᠢ ᠵᠡᠷᠭᠡ ᠨᠡᠭᠡᠭᠡᠯᠲᠡᠲᠦ ᠮᠠᠶ᠋ᠢᠭ ᠤᠨ ᠤᠯᠠᠨ ᠨᠡᠶᠢᠲᠡ ᠶᠢᠨ ᠬᠦᠳᠡᠯᠬᠡᠬᠡᠨ ᠬᠢᠬᠦ ᠣᠷᠣᠨ ᠪᠦᠰᠡ ᠶᠢ ᠪᠦᠬᠦ ᠲᠠᠯ᠎ᠠ ᠪᠠᠷ ᠨᠡᠬᠡᠬᠡᠵᠤ᠂ ᠬᠤᠳᠠ ᠶᠢ ᠳᠠᠷᠤᠢ ᠲᠦᠷᠭᠡᠨ ᠬᠡᠪ ᠤᠨ ᠠᠵᠢᠯᠯᠠᠵᠤ ᠠᠮᠢᠳᠤᠷᠠᠬᠤ ᠪᠠᠶᠢᠳᠠᠯ ᠳᠤ ᠤᠷᠤᠭᠤᠯᠵᠤ᠂ ᠬᠦᠷ ᠬᠥᠭᠵᠢᠶᠡᠨ ᠲᠠᠢ ᠪᠣᠯᠭᠠᠬᠤ ᠬᠡᠷᠡᠭᠲᠡᠢ ᠬᠡᠵᠤ ᠱᠠᠭᠠᠷᠳᠠᠪᠠ᠃     ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠢ ᠯᠢ ᠰᠢᠨ ᠪᠠᠷ᠎ᠠ ᠪᠣᠯᠵᠣ ᠪᠠᠶᠢᠴᠠᠭᠠᠪᠠ᠃ ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号