ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠦᠨ ᠪᠣᠯᠪᠠᠰᠣᠷᠠᠭᠤᠯᠬᠤ ᠠᠵᠤ ᠦᠶᠯᠡᠰ ᠤᠨ ᠬᠦᠷᠢᠶᠡᠯᠡᠩ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2022/11/17
    11 ᠰᠠᠷ᠎ᠠ ᠶᠢᠨ 13 ᠤ ᠡᠳᠦᠷ᠂ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠦᠨ ᠪᠣᠯᠪᠠᠰᠣᠷᠠᠭᠤᠯᠬᠤ ᠠᠵᠤ ᠦᠶᠯᠡᠰ ᠤᠨ ᠬᠦᠷᠢᠶᠡᠯᠡᠩ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠨᠡᠶᠢᠲᠡᠯᠡᠭᠰᠡᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠨᠠᠭᠰᠢᠳᠠ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠶ ᠪᠠᠷ ᠰᠠᠶᠢᠲᠤᠷ ᠬᠢᠬᠦ ᠲᠤᠬᠠᠶ ᠮᠡᠳᠡᠭᠳᠡᠯ︾ ᠳᠤ ᠭᠦᠨᠵᠡᠭᠡᠶ ᠲᠠᠶᠢᠯᠤᠮᠵᠢ ᠬᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠭᠯᠡᠯᠲᠡ ᠲᠦᠷᠦ ᠶᠢᠨ ᠪᠤᠳᠤᠯᠭ᠎ᠠ ᠶᠢ ᠭᠦᠨᠵᠡᠭᠡᠢ᠂ ᠪᠦᠷᠢᠨ ᠪᠦᠲᠦᠨ᠂ ᠪᠦᠬᠦ ᠲᠠᠯ᠎ᠠ ᠪᠠᠷ ᠲᠠᠨᠢᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠬᠠᠢ ᠬᠠᠮᠤᠭ ᠰᠢᠨ᠎ᠡ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠤᠷᠢᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠲᠡᠶᠢᠯᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠠᠮᠤᠷ ᠲᠦᠪᠰᠢᠨ ᠪᠠᠶᠢᠬᠤ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠰᠢᠶᠳᠪᠦᠷᠢᠯᠡᠬᠦ ᠲᠥᠰᠦᠯ ᠢ ᠲᠣᠭᠲᠠᠭᠠᠵᠤ᠂ ᠡᠯ᠎ᠡ ᠵᠦᠶᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠢᠮᠠᠭᠲᠠ ᠪᠣᠯᠭᠤᠮᠵᠢᠲᠠᠶ ᠠᠳᠬᠤᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠨᠵᠢᠯᠡᠬᠦ ᠤᠬᠠᠭᠠᠨᠴᠢ ᠨᠠᠷᠢᠯᠢᠭ ᠤᠨᠤᠴᠠᠳᠠᠢ ᠪᠠᠶᠢᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠦᠷᠢᠶᠡᠯᠡᠩ ᠲᠣᠭᠤᠷᠢᠭ ᠤᠨ ᠡᠯ᠎ᠡ ᠠᠵᠤ ᠠᠬᠤᠶᠢᠯᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠳᠠᠪᠬᠤᠷᠭ᠎ᠠ ᠠᠴᠠ ᠦᠢᠯᠡᠳᠪᠦᠷᠢ ᠶᠢᠨ ᠲᠠᠰᠤᠭ ᠤᠨ ᠵᠢᠵᠢᠬᠦᠷ ᠡᠭᠡᠯᠵᠢ ᠶᠢᠨ ᠳᠤᠭᠤᠶᠢᠯᠠᠩ ᠬᠦᠷᠲᠡᠯ᠎ᠡ᠂ ᠡᠮᠦᠨ᠎ᠡ ᠹᠷᠣᠨᠲ ᠤᠨ ᠠᠵᠢᠯᠳᠠᠨ ᠠᠵᠢᠯᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠠᠵᠢᠯᠳᠠᠨ ᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠠᠵᠢᠯ ᠤᠨ ᠪᠠᠶᠢᠷᠢ ᠳᠠᠭᠠᠨ ᠪᠤᠴᠠᠭᠰᠠᠨ ᠬᠥᠮᠦᠰ ᠤᠨ ᠬᠢᠵᠢᠭ ᠤᠨ ᠪᠠᠶᠢᠳᠠᠯ ᠳᠤ ᠬᠤᠯᠪᠣᠭᠳᠠᠬᠤ ᠲᠦᠭᠰᠢᠭᠦᠷᠢ ᠶᠢ ᠬᠠᠷᠭᠤᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠡᠷᠡᠰ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢᠨ ᠬᠤᠣᠰ ᠢᠯᠠᠯᠲᠠ ᠶᠢ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ︵ᠢᠷᠡᠯᠲᠡ᠄ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠦᠨ ᠪᠣᠯᠪᠠᠰᠣᠷᠠᠭᠤᠯᠬᠤ ᠠᠵᠤ ᠦᠶᠯᠡᠰ ᠤᠨ ᠬᠦᠷᠢᠶᠡᠯᠡᠩ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号