【ᠪᠣᠯᠪᠠᠰᠤᠨ ᠤ ᠦᠶᠯᠡᠳᠦᠯᠭᠡ ᠶᠢᠨ ᠠᠵᠢᠯᠯᠠᠭ᠎ᠠ ᠶᠢ ᠦᠷᠨᠢᠬᠦᠯᠦᠶ᠎ᠡ】ᠬᠠᠮᠤᠭ ᠤᠨ ᠭᠤᠶᠤ ︽ᠰᠠᠶᠢᠨ ᠲᠤᠷᠠᠴᠤᠳ ᠤᠨ ᠤᠯᠠᠭᠠᠨ︾ ᠨᠢᠬᠡ ᠬᠤᠲᠠ ᠶᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/11/18
     ︽ᠯᠢᠩ ᠯᠢᠩ ᠯᠢᠩ ᠁︾  ᠬᠠᠷ᠎ᠠ ᠦᠷᠯᠦᠭᠡ ᠨᠠᠷᠠ ᠮᠠᠨᠳᠤᠬᠤ ᠠᠴᠠ ᠡᠮᠦᠨ᠎ᠡ ᠬᠤ᠋ ᠯᠢ ᠸᠧᠢ ᠭᠠᠷ ᠤᠲᠠᠰᠤᠨ ᠤ ᠪᠠᠨ ᠬᠤᠨᠭ᠍ᠬᠤ ᠶᠢᠨ ᠲᠠᠭᠤᠨ ᠳᠤ ᠰᠤᠴᠢᠰᠬᠢᠨ ᠰᠡᠷᠢᠯ᠎ᠡ᠃ ᠰᠠᠶᠢᠨ ᠳᠤᠷ᠎ᠠ ᠶᠢᠨ ᠠᠵᠢᠯᠯᠠᠭᠴᠢ ᠶᠢᠨ ᠬᠦᠮᠦᠨ ᠤ ᠲᠤᠭ᠎ᠠ ᠶᠢ ᠪᠦᠷᠢᠳᠬᠡᠨ᠎ᠡ᠂ ᠡᠯ᠎ᠡ ᠨᠡᠶᠢᠭᠡᠮ ᠲᠣᠭᠤᠷᠢᠭ ᠲᠠᠢ ᠰᠠᠶᠢᠨ ᠳᠤᠷ᠎ᠠ ᠶᠢᠨ ᠦᠶᠯᠡᠴᠢᠯᠡᠭᠡᠨ ᠤ ᠪᠣᠳᠠᠲᠠᠶ ᠱᠠᠭᠠᠷᠳᠠᠯᠭ᠎ᠠ ᠶᠢᠨ ᠲᠤᠬᠠᠢ ᠶᠠᠷᠢᠯᠴᠠᠵᠤ ᠨᠡᠪᠲᠡᠷᠡᠯᠴᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠢ ᠨᠢ ᠦᠨᠳᠦᠰᠦᠯᠠᠨ ᠰᠠᠶᠢᠨ ᠳᠤᠷ᠎ᠠ ᠶᠢᠨ ᠠᠵᠢᠯᠯᠠᠭᠴᠢ ᠶᠢᠨ ᠤᠴᠢᠬᠤ ᠤᠷᠤᠨ ᠪᠠᠶᠢᠷᠢ ᠶᠢ ᠨᠢ ᠲᠤᠬᠢᠷᠠᠭᠤᠯᠤᠨ᠎ᠠ ᠁  ᠬᠤ᠋ ᠯᠢ ᠸᠧᠢ ᠢᠩᠬᠢᠵᠤ ᠦᠳᠠ ᠪᠤᠯᠳᠠᠯ᠎ᠠ ᠶᠠᠭᠠᠷᠠᠭᠠᠳ ᠨᠢᠬᠡ ᠠᠮᠠ ᠪᠦᠯᠢᠶᠠᠨ ᠬᠤᠭᠤᠯᠠ ᠴᠤ ᠢᠳᠡᠬᠦ ᠵᠠᠪ ᠥᠬᠡᠶ ᠪᠠᠶᠢᠯ᠎ᠠ᠃     ᠡᠪᠦᠯ ᠤᠨ ᠡᠬᠢᠨ ᠤ ᠰᠥᠨᠢ ᠪᠤᠯᠤᠬᠰᠠᠨ ᠲᠤᠯᠠ ᠬᠦᠢᠳᠡᠨ ᠰᠠᠯᠬᠢ ᠬᠠᠴᠠᠷ ᠢ ᠦᠯᠢᠶᠡᠬᠦ ᠳᠤ ᠲᠣᠶᠢᠯ ᠤᠨ ᠵᠢᠬᠡᠬᠦᠨ ᠰᠠᠨᠠᠬᠳᠠᠨ᠎ᠠ᠃ ᠠᠳᠠᠯ ᠠᠬᠤᠶ ᠶᠢᠨ ᠬᠠᠮᠢᠶᠠᠷᠤᠯᠳᠠ ᠶᠢᠨ ᠠᠵᠢᠯᠳᠠᠨ ᠢ ᠬᠠᠪᠰᠤᠷᠤᠨ ᠤᠷᠴᠢᠨ ᠲᠤᠭᠤᠷᠢᠨ ᠢ ᠠᠷᠢᠭᠤᠳᠬᠠᠵᠤ᠂ ᠰᠠᠭᠤᠭᠠᠯᠢ ᠠᠷᠠᠳ ᠲᠤ ᠠᠮᠢᠳᠤᠷᠠᠯ ᠤᠨ ᠡᠳ᠋ ᠪᠣᠳᠠᠰ ᠲᠣᠬᠢᠷᠠᠭᠤᠯᠤᠨ ᠬᠦᠷᠬᠡᠨ ᠥᠭᠬᠦᠨ᠎ᠡ᠂ ᠨᠡᠶᠢᠭᠡᠮ ᠲᠣᠭᠤᠷᠢᠭ ᠤᠨ ᠠᠵᠢᠯᠲᠠᠨ ᠢ ᠬᠠᠪᠰᠤᠷᠤᠨ ᠳᠠᠷᠠᠭ᠎ᠠ ᠡᠳᠦᠷ ᠤᠨ ᠬᠢᠬᠦ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠲᠣᠬᠢᠷᠠᠭᠤᠯᠤᠨ᠎ᠠ ᠁ ᠦᠵᠡᠬᠦ ᠳᠤ ᠡᠮᠬᠢ ᠲᠢᠭᠯᠢᠮ ᠲᠠᠢ ᠪᠠᠶᠢᠬᠤ ᠰᠠᠭᠤᠭᠠᠯᠢ ᠠᠷᠠᠳ ᠤᠨ ᠠᠮᠢᠳᠦᠷᠠᠯ ᠤᠨ ᠠᠷᠤ ᠳᠤ ᠬᠤ᠋ ᠯᠢ ᠸᠧᠶ ᠮᠡᠳᠤ ᠶᠢᠨ ᠦᠷᠬᠡᠨ ᠣᠯᠠᠨ ᠰᠠᠶᠢᠨ ᠳᠤᠷᠠᠴᠤᠳ ᠤᠨ ᠰᠢᠷᠭᠠᠭᠤ ᠬᠠᠲᠠᠭᠤᠵᠢᠯᠲᠠᠶ ᠬᠦᠳᠡᠯᠮᠦᠷᠢ᠂ ᠬᠠᠷᠠᠮ ᠦᠬᠡᠢ ᠵᠢᠳᠬᠦᠯ ᠴᠢᠷᠮᠠᠶᠢᠯᠭ᠎ᠠ ᠪᠤᠢ᠃      ᠬᠢᠵᠢᠭ ᠤᠨ ᠪᠠᠶᠢᠳᠠᠯ ᠠᠬᠢᠨ ᠲᠠᠬᠢᠨ ᠡᠭᠦᠰᠴᠦ ᠪᠤᠢ᠂ ᠤᠬᠳᠤᠬᠠᠨ ᠴᠤ ᠰᠤᠯᠠᠷᠠᠵᠤ ᠪᠤᠯᠬᠤ ᠦᠭᠡᠢ
    ᠲᠤᠰ ᠤᠳᠠᠭᠠᠨ ᠤ ᠬᠢᠵᠢᠭ ᠤᠨ ᠪᠠᠶᠢᠳᠠᠯ ᠨᠢ ᠶᠠᠭ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠲᠠᠢ ᠬᠠᠷᠭᠤᠵᠦ᠂ ᠬᠥᠮᠦᠰ ᠤᠨ ᠨᠠᠭᠠᠰᠢ ᠴᠠᠭᠠᠰᠢ ᠶᠠᠪᠤᠬᠤ ᠬᠡᠮᠵᠢᠶ᠎ᠠ ᠶᠡᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠤᠯᠤᠬᠰᠠᠨ ᠪᠠᠶᠢᠨ᠎ᠠ᠃ ᠬᠤ᠋ ᠯᠢ ᠸᠧᠢ ᠡᠳᠦᠷ ᠪᠦᠷᠢ ᠡᠯ᠎ᠡ ᠵᠡᠭᠡᠯᠢ ᠭᠤᠳᠤᠮᠵᠢ ᠪᠠᠯᠭᠠᠰᠤ᠂ ᠨᠡᠶᠢᠭᠡᠮ ᠲᠣᠭᠤᠷᠢᠭ ᠤᠨ ᠲᠤᠰᠠᠯᠠᠮᠵᠢ ᠬᠦᠰᠡᠭᠰᠡᠨ ᠤᠲᠠᠰᠤ ᠶᠢ ᠲᠤᠰᠳᠠᠭ᠂ ᠬᠠᠷ᠎ᠠ ᠡᠷᠳᠡ ᠶᠢᠨ ᠨᠢᠭᠡ ᠴᠠᠭ᠂ ᠬᠤᠶᠠᠷ ᠴᠠᠭ᠂ ᠭᠤᠷᠪᠠᠨ ᠴᠠᠭ ᠁ ᠲᠤᠰᠠᠯᠠᠮᠵᠢ ᠬᠦᠰᠡᠭᠰᠡᠨ ᠪᠦᠬᠦᠨ ᠢ ᠲᠡᠷᠡ ᠪᠦᠬᠦ ᠬᠦᠴᠦ ᠪᠠᠷ ᠢᠶᠠᠨ ᠲᠡᠮᠵᠢᠵᠤ ᠬᠠᠪᠰᠤᠷᠳᠠᠭ᠃ ᠬᠤ᠋ ᠯᠢ ᠸᠧᠶ ᠳᠤ ᠠᠪᠴᠤ ᠬᠡᠯᠡᠪᠡᠯ᠂ ᠬᠠᠮᠤᠭ ᠤᠨ ᠶᠠᠭᠠᠷᠠᠦ ᠡᠳᠦᠷ ᠲᠤ ᠵᠤᠬᠰᠤᠯ ᠦᠬᠡᠢ ᠠᠵᠢᠯᠯᠠᠵᠤ ᠦᠦᠷ ᠤᠨ ᠭᠡᠭᠡ ᠶᠢ ᠤᠬᠳᠤᠳᠠᠭ᠃
    ᠠᠵᠢᠯᠳᠠᠨ ᠳᠤ ᠨᠢᠬᠡᠨ ᠴᠠᠭ ᠤᠨ ᠠᠮᠲᠠᠲᠤ ᠬᠤᠭᠤᠯᠠ ᠢᠳᠡᠭᠦᠯᠬᠦ ᠶᠢᠨ ᠲᠥᠯᠥᠭᠡ᠂ ᠬᠤ᠋ ᠯᠢ ᠸᠧᠢ ᠬᠠᠶᠢᠷ᠎ᠠ ᠬᠠᠯᠠᠮᠵᠢ ᠬᠦᠷᠭᠡᠬᠦ ᠢᠳᠡᠭᠡᠨ ᠤᠮᠳᠠᠭᠠᠨ ᠤ ᠠᠵᠤ ᠠᠬᠤᠶᠢᠯᠠᠯ ᠲᠠᠢ ᠬᠠᠷᠢᠯᠴᠠᠵᠤ᠂ ᠦᠨᠳᠦᠷ ᠲᠦᠭᠰᠢᠭᠦᠷᠢ ᠲᠠᠢ ᠬᠤᠷᠢᠶᠠᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠳᠠᠨ ᠳᠤ ᠰᠦᠢᠳᠬᠡᠯ ᠬᠤᠷᠢᠶᠠᠬᠤ ᠦᠭᠡᠢ ᠪᠠᠷ 18500 ᠲᠥᠭᠦᠷᠢᠭ ᠤᠨ ᠬᠤᠭᠤᠯᠠ ᠬᠠᠩᠭᠠᠪᠠ︔  ᠡᠪ ᠬᠠᠮᠳᠤ ᠵᠠᠯᠠᠭᠤᠴᠤᠳ ᠤᠨ ᠡᠪᠯᠡᠯ ᠤᠨ ᠬᠤᠳᠠ ᠶᠢᠨ ᠬᠤᠷᠢᠶ᠎ᠠ᠂ 13 ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠪᠠ 2 ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠯᠤᠭ᠎ᠠ ᠬᠠᠷᠢᠯᠴᠠᠵᠤ ᠬᠢᠵᠢᠭ ᠢ ᠡᠰᠡᠷᠭᠦᠴᠡᠬᠦ ᠸᠢᠳᠢᠣ᠋ ᠦᠢᠯᠡᠳᠴᠤ᠂ ᠥᠷᠭᠡᠨ ᠣᠯᠠᠨ ᠬᠤᠲᠠ ᠶᠢᠨ ᠠᠷᠠᠳ ᠲᠤ ᠰᠠᠶᠢᠨ ᠳᠤᠷᠠᠴᠤᠳ ᠤᠨ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠠᠬᠢ ᠠᠵᠢᠯ ᠤᠨ ᠬᠦᠴᠢᠷ ᠪᠡᠷᠬᠡᠰᠢᠶᠡᠯ ᠪᠠ ᠬᠢᠯᠪᠠᠷ ᠪᠤᠰᠤ ᠶᠢ ᠣᠶᠢᠯᠠᠭᠠᠭᠤᠯᠪᠠ︔ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠲᠠᠢ ᠬᠠᠷᠢᠯᠴᠠᠵᠤ ᠂ ᠲᠤᠰᠠᠭᠠᠷᠯᠠᠬᠤ ᠪᠠᠭᠤᠳᠠᠯ ᠳᠤ ᠪᠠᠭᠤᠬᠰᠠᠨ ᠬᠥᠬᠡᠬᠤᠲᠠ ᠠᠴᠠ ᠪᠤᠭᠤᠳᠤ ᠳᠤ ᠬᠠᠷᠢᠵᠤ ᠢᠷᠡᠭᠰᠡᠨ ᠤᠶᠤᠲᠠᠳ ᠪᠣᠯᠤᠨ ᠰᠡᠷᠭᠡᠶᠢᠯᠡᠨ ᠡᠵᠡᠮᠳᠡᠬᠦ ᠠᠵᠢᠯᠲᠠᠳ ᠲᠤ 4800 ᠲᠥᠭᠦᠷᠢᠭ ᠤᠨ ᠥᠷᠲᠡᠭ ᠪᠥᠬᠦᠶ ᠵᠢᠮᠢᠰ ᠪᠠ ᠤᠮᠳᠠᠭᠠᠨ ᠵᠡᠷᠭᠡ ᠶᠢ ᠬᠦᠷᠭᠡᠪᠡ᠃      ᠡᠬᠦᠷᠬᠡᠯᠡᠯ ᠬᠠᠷᠢᠭᠤᠴᠠᠯᠭ᠎ᠠ ᠪᠠᠷ ᠬᠤᠳᠠ ᠶᠢ ᠲᠤᠯᠠᠭᠠᠴᠠᠭᠤᠯᠪᠠ
    ︽ᠪᠤᠭᠤᠳᠤ ᠬᠤᠳᠠ 365︾ ᠵᠢᠵᠢᠭ ᠫᠷᠤᠭ᠍ᠷᠠᠮ ᠢ ᠪᠤᠭᠤᠲᠤ ᠶᠢᠨ ᠬᠤᠲᠠ ᠶᠢᠨ ᠠᠷᠠᠳ ᠪᠠᠷᠤᠭ ᠬᠥᠮᠦᠨ ᠪᠦᠬᠦᠨ ᠬᠡᠷᠡᠭᠯᠡᠵᠦ  ᠪᠤᠢ᠂ ᠭᠡᠪᠡᠴᠦ ︽ᠪᠤᠭᠤᠳᠤ ᠬᠤᠳᠠ 365︾ ᠵᠢᠵᠢᠭ ᠫᠷᠤᠭ᠍ᠷᠠᠮ ᠢ ᠠᠩᠬ᠎ᠠ ᠲᠦᠰᠦᠪᠯᠡᠵᠤ ᠵᠤᠬᠢᠶᠠᠬᠰᠠᠨ ᠨᠢ ᠬᠤ᠋ ᠯᠢ ᠸᠧᠶ  ᠪᠤᠯᠤᠨ᠎ᠠ ᠬᠡᠳᠡᠭ ᠢ ᠬᠠᠷᠢᠨ ᠮᠡᠳᠡᠬᠦ ᠬᠥᠮᠦᠨ ᠮᠠᠰᠢ ᠴᠥᠭᠡᠨ ᠶᠤᠮ᠃     2020 ᠣᠨ ᠳᠤ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠥᠮᠦᠰ ᠤᠨ ᠡᠳᠦᠷ ᠲᠤᠲᠤᠮ ᠤᠨ ᠬᠡᠪ ᠤᠨ ᠠᠮᠢᠳᠤᠷᠠᠯ ᠤᠨ ᠡᠮᠬᠢ ᠲᠢᠭᠯᠢᠮ ᠢ ᠰᠠᠮᠠᠭᠤᠷᠠᠭᠤᠯᠪᠠ᠃  ᠬᠤ᠋ ᠯᠢ ᠸᠧᠶ ᠰᠦᠯᠵᠢᠶ᠎ᠡ ᠪᠠᠷ ᠳᠠᠮᠵᠢᠨ ᠬᠦᠮᠦᠨ ᠡᠯᠰᠡᠵᠦ᠂ 460 ᠬᠥᠮᠦᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠯᠵᠢᠶᠡᠨ ᠤ ᠤᠬᠠᠭᠤᠯᠭ᠎ᠠ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠠᠵᠢᠯ ᠢ ᠡᠭᠦᠷᠭᠡᠯᠡᠪᠡ᠃ ᠨᠡᠶᠢᠭᠡᠮ ᠲᠣᠭᠤᠷᠢᠭ ᠢ ᠬᠠᠮᠵᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠬᠦ ᠦᠶ᠎ᠡ ᠳᠤ᠂ ᠲᠡᠷᠡ ᠰᠠᠭᠤᠭᠠᠯᠢ ᠠᠷᠠᠳ ᠨᠡᠶᠢᠭᠡᠮ ᠲᠣᠭᠤᠷᠢᠭ ᠢᠶᠠᠷ ᠣᠷᠣᠵᠤ ᠭᠠᠷᠬᠤ ᠳᠡᠩᠰᠡᠯᠡᠯᠲᠡ ᠬᠢᠬᠦ ᠳᠤ᠂ ᠰᠡᠷᠭᠡᠶᠢᠯᠡᠨ ᠡᠵᠡᠮᠳᠡᠬᠦ ᠠᠵᠢᠯᠲᠠᠨ ᠪᠠ ᠰᠠᠭᠤᠭᠠᠯᠢ ᠠᠷᠠᠳ ᠬᠤᠭᠤᠷᠤᠨᠳᠤ ᠪᠠᠨ ᠬᠠᠷᠢᠯᠴᠠᠳᠠᠭ ᠲᠤᠯᠠ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠬᠦ ᠪᠦᠬᠡᠳ ᠪᠠᠰᠠ ᠠᠮᠠᠷᠬᠠᠨ  ᠨᠢᠬᠡ ᠯᠡ ᠲᠤᠤᠷ᠎ᠠ ᠴᠤᠬᠯᠠᠷᠠᠬᠤ ᠦᠵᠡᠭᠳᠡᠯ ᠢ ᠪᠣᠶ ᠪᠤᠯᠭᠠᠳᠠᠭ ᠢ ᠣᠯᠵᠤ ᠮᠡᠳᠡᠵᠡᠶ᠃ ᠡᠨᠡ ᠪᠠᠶᠢᠳᠠᠯ ᠳᠤ ᠬᠠᠨᠳᠤᠭᠤᠯᠤᠨ᠂ ᠬᠤ᠋ ᠯᠢ ᠸᠧᠶ ᠦᠪᠡᠷ ᠤᠨ ᠳᠡᠷᠭᠡᠳᠡᠬᠢ ᠬᠤᠯᠪᠣᠭᠳᠠᠯ ᠪᠥᠬᠦᠶ ᠡᠬᠢ ᠪᠠᠶᠠᠯᠢᠭ ᠢᠶᠠᠨ ᠨᠡᠶᠢᠳᠬᠡᠵᠦ᠂ ᠡᠷᠡᠬᠦᠯ ᠮᠡᠨᠳᠤ ᠶᠢᠨ ᠺᠣᠳ᠋ ᠰᠢᠷᠪᠢᠵᠤ ᠨᠡᠶᠢᠭᠡᠮ ᠲᠣᠭᠤᠷᠢᠭ ᠲᠤ ᠤᠷᠤᠵᠤ ᠭᠠᠷᠬᠤ ᠶᠢ ᠳᠠᠩᠰᠠᠯᠠᠬᠤ ᠰᠢᠰᠲ᠋ᠧᠮ ᠢ ᠲᠥᠯᠥᠪᠯᠡᠨ ᠵᠤᠬᠢᠶᠠᠵᠤ᠂ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠤᠭᠰᠠᠨ ᠮᠥᠷᠲᠡᠭᠡᠨ ᠰᠠᠭᠤᠭᠠᠯᠢ ᠠᠷᠠᠳ ᠤᠨ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠨᠡᠶᠢᠭᠡᠮ ᠲᠣᠭᠤᠷᠢᠭ ᠢᠶᠠᠷ ᠣᠷᠣᠵᠤ ᠭᠠᠷᠬᠤ ᠳᠤ ᠲᠥᠬᠦᠮ ᠦᠵᠡᠭᠦᠯᠵᠦ᠂ ᠠᠵᠢᠯ ᠤᠨ ᠦᠷ᠎ᠡ ᠪᠦᠲᠦᠮᠵᠢ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ ᠬᠡᠷᠡᠭᠯᠡᠯᠲᠡ ᠶᠢᠨ ᠦᠷ᠎ᠡ ᠪᠦᠲᠦᠮᠵᠢ ᠨᠢ ᠥᠷᠭᠡᠨ ᠣᠯᠠᠨ ᠨᠡᠶᠢᠭᠡᠮ ᠲᠣᠭᠤᠷᠢᠭ ᠤᠨ ᠠᠵᠢᠯᠲᠠᠨ ᠤ ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠬᠤ᠋ ᠯᠢ ᠸᠧᠶ ᠲᠣᠰ ᠰᠢᠰᠲ᠋ᠧᠮ ᠢ ᠪᠤᠭᠤᠲᠤ ᠬᠤᠲᠠ ᠶᠢᠨ 14 ᠨᠡᠶᠢᠭᠡᠮ ᠲᠣᠭᠤᠷᠢᠭ ᠪᠠ 1 ᠠᠵᠤ ᠠᠬᠤᠶᠢᠯᠠᠯ ᠳᠤ ᠦᠨ᠎ᠡ ᠲᠥᠯᠥᠪᠦᠷᠢ ᠥᠬᠡᠶ ᠪᠠᠷ ᠬᠠᠩᠭᠠᠨ ᠥᠭᠴᠦ ᠬᠡᠷᠡᠭᠯᠡᠭᠦᠯᠪᠡ᠃ ᠶᠠᠭ ᠡᠶᠢᠮᠦ ᠤᠴᠢᠷ ᠠᠴᠠ᠂ ᠲᠣᠰ ᠳᠡᠩᠰᠡᠯᠡᠯᠲᠡ ᠶᠢᠨ ᠰᠢᠰᠲ᠋ᠧᠮ ᠨᠢ ︽ᠪᠤᠭᠤᠳᠤ ᠬᠤᠲᠠ 365︾ ᠶᠢᠨ ᠠᠩᠬᠠᠨ ᠤ ᠵᠠᠭᠪᠤᠷ ᠪᠣᠯᠵᠣ᠂ ᠪᠤᠭᠤᠲᠤ ᠶᠢᠨ ︽ᠲᠣᠭᠠᠴᠢᠯᠠᠭᠰᠠᠨ︾ ᠰᠡᠷᠭᠡᠶᠢᠯᠡᠨ ᠡᠵᠡᠮᠳᠡᠬᠦ ᠠᠵᠢᠯ ᠳᠤ ᠬᠠᠮᠤᠭ ᠤᠨ ᠠᠩᠬᠠᠨ ᠤ ᠯᠠᠪᠯᠠᠯᠲᠠ ᠶᠢᠨ ᠵᠠᠭᠪᠤᠷ ᠢ ᠬᠠᠩᠭᠠᠭᠰᠠᠨ ᠪᠠᠶᠢᠨ᠎ᠠ᠃
    ︽24 ᠴᠠᠭ ᠤᠨ ᠦᠢᠯᠡᠴᠢᠯᠡᠭᠡ ᠶᠢᠨ ᠣᠨᠴᠠᠭᠠᠶ ᠠᠵᠢᠯᠯᠠᠭ᠎ᠠ︾ ᠶᠢ ᠡᠬᠢᠯᠡᠭᠦᠯᠵᠦ᠂ ᠦᠨᠳᠡᠷ ᠬᠤᠷᠳᠣᠴᠠᠲᠣ ᠵᠠᠰᠠᠮᠠᠯ ᠵᠠᠮ ᠤᠨ ᠬᠤᠷᠢᠭ᠎ᠠ ᠴᠡᠭ ᠲᠤ ᠰᠠᠬᠢᠵᠤ ᠪᠠᠶᠢᠭ᠎ᠠ ᠠᠵᠢᠯᠲᠠᠳ ᠲᠤ ᠰᠥᠨᠢ ᠶᠢᠨ ᠬᠤᠭᠤᠯᠠ ᠬᠦᠷᠭᠡᠵᠦ᠂ ᠨᠢᠭᠡᠨ ᠰᠠᠯᠠᠭ᠎ᠠ ᠠᠷᠢᠭᠤᠳᠬᠠᠬᠤ ᠡᠩᠨᠡᠭᠡ ᠶᠢ ᠵᠣᠬᠢᠶᠠᠨ ᠪᠠᠶᠢᠭᠤᠯᠵᠤ ᠪᠤᠭᠤᠲᠤ ᠬᠤᠲᠠ ᠶᠢᠨ ᠠᠯᠪᠠᠨ ᠠᠴᠠ ᠡᠷᠭᠢᠯᠡᠭᠰᠡᠨ 42 ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ 10 ᠡᠳᠦᠷ ᠳᠠᠷᠠᠭᠠᠯᠠᠨ ᠠᠷᠢᠭᠤᠳᠬᠠᠬᠤ ᠠᠵᠢᠯ ᠢ ᠥᠷᠨᠢᠭᠦᠯᠪᠡ  ᠁  ᠣᠳᠣ ᠪᠤᠯᠳᠠᠯ᠎ᠠ ᠬᠤ᠋ ᠯᠢ ᠸᠧᠢ 2097 ︵ᠬᠦᠮᠦᠨ ᠤᠳᠠᠭ᠎ᠠ︶ ᠰᠠᠶᠢᠨ ᠲᠤᠷᠠᠴᠤᠳ ᠢ ᠵᠤᠬᠢᠶᠠᠨ ᠪᠠᠶᠢᠭᠤᠯᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ  ᠳᠤ  ᠤᠷᠤᠯᠴᠠᠵᠤ᠂  ᠨᠠᠶᠢᠳᠠ 17692  ᠴᠠᠭ ᠤᠨ ᠰᠠᠶᠢᠨ ᠲᠤᠷ᠎ᠠ ᠶᠢᠨ ᠦᠢᠯᠡᠴᠢᠯᠡᠭᠡ ᠬᠠᠩᠭᠠᠵᠤ᠂  25 ᠨᠡᠶᠢᠬᠡᠮ ᠲᠤᠭᠤᠷᠢᠭ ᠲᠤ ᠰᠠᠶᠢᠨ ᠲᠤᠷ᠎ᠠ ᠶᠢᠨ ᠦᠢᠯᠡᠴᠢᠯᠡᠭᠡ ᠬᠦᠷᠳᠡᠬᠡᠪᠡ᠃
   2013 ᠣᠨ ᠠᠴᠠ ᠡᠬᠢᠯᠡᠨ ᠰᠠᠶᠢᠨ ᠳᠤᠷ᠎ᠠ ᠶᠢᠨ ᠦᠶᠯᠡᠴᠢᠯᠡᠭᠡ ᠶᠢᠨ ᠠᠵᠢᠯᠯᠠᠭ᠎ᠠ ᠳᠤ ᠣᠷᠣᠯᠴᠠᠭᠰᠠᠨ ᠬᠤ᠋ ᠯᠢ ᠸᠧᠶ ᠨᠡᠶᠢᠲᠡ ᠶᠢᠨ ᠠᠰᠠᠷᠠᠮᠵᠢ ᠶᠢᠨ ᠦᠢᠡᠯᠰ ᠲᠤ ᠦᠪᠡᠷ ᠤᠨ ᠬᠤᠪᠢ ᠨᠡᠮᠡᠷᠢ ᠪᠠᠨ ᠦᠵᠡᠬᠦᠯᠵᠤ ᠠᠷᠪᠠᠨ ᠵᠢᠯ ᠰᠢᠬᠠᠮ ᠪᠠᠷᠢᠮᠲᠠᠯᠠᠵᠠᠶ᠃ ᠲᠡᠷᠡ ᠢᠮᠠᠭᠲᠠ ︽ᠬᠠᠷᠠᠮ ᠦᠭᠡᠢ ᠵᠣᠷᠢᠭᠤᠯᠬᠤ᠂ ᠨᠥᠬᠦᠷᠰᠡᠭ ᠳᠣᠲᠣᠨᠣ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠤᠷᠤᠬᠰᠢᠯᠠᠨ ᠲᠠᠪᠰᠢᠬᠤ︾ ᠰᠠᠶᠢᠨ ᠳᠤᠷ᠎ᠠ ᠶᠢᠨ ᠨᠡᠶᠢᠲᠡ ᠶᠢᠨ ᠠᠰᠠᠷᠠᠮᠵᠢ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠤᠳᠠᠭ᠎ᠠ ᠪᠦᠷᠢ ᠶᠢᠨ ᠪᠠᠴᠢᠮ ᠲᠦᠪᠡᠭᠳᠡᠢ ᠠᠶᠤᠯᠲᠠᠢ ᠬᠦᠨᠳᠦ ᠡᠭᠦᠷᠭᠡ ᠶᠢᠨ ᠡᠮᠦᠨ᠎ᠡ ᠪᠣᠳᠠᠲᠤ ᠠᠵᠢᠯᠯᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠵᠦ᠂ ᠵᠢᠩᠬᠢᠨᠢ ᠦᠨᠡᠨ ᠪᠤᠳᠠᠳᠠᠢ ᠰᠠᠶᠢᠨ ᠳᠤᠷ᠎ᠠ ᠶᠢᠨ ᠦᠢᠯᠡᠴᠢᠯᠡᠭᠡ ᠪᠠᠷ ᠨᠢᠭᠡ ᠬᠤᠲᠠ ᠶᠢ ᠳᠤᠯᠠᠭᠠᠴᠠᠭᠤᠯᠪᠠ᠃  ᠬᠤ᠋ ᠯᠢ ᠸᠧᠶ ᠪᠣᠯ ᠳᠠᠷᠤᠶ ᠪᠤᠭᠤᠳᠤ ᠬᠤᠲᠠ ᠶᠢᠨ ᠬᠠᠮᠤᠭ ᠤᠨ ᠭᠤᠶᠤ ︽ᠰᠠᠶᠢᠨ ᠲᠤᠷᠠᠴᠤᠳ ᠤᠨ ᠤᠯᠠᠭᠠᠨ︾ ᠮᠥᠨ᠃  ︵ᠢᠷᠡᠯᠲᠡ᠄ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号