ᠬᠠᠪᠤᠲᠤ ᠬᠠᠰᠠᠷ ᠤᠨ ᠲᠠᠬᠢᠯᠭ᠎ᠠ
ᠨᠡᠶᠢᠲᠡᠯᠡᠭᠰᠡᠨ ᠴᠠᠭ᠄
2022/11/27
   ᠬᠠᠪᠤᠲᠤ ᠬᠠᠰᠠᠷ ᠤᠨ ᠲᠠᠭᠢᠯᠭ᠎ᠠ ᠪᠣᠯ ᠨᠢᠬᠡᠳᠦᠬᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠢᠶᠠᠷ ᠪᠦᠷᠢᠳᠭᠡᠯᠭᠡᠭᠰᠡᠨ ᠵᠠᠩ ᠥᠢᠯᠨ ᠶᠢᠨ ᠲᠦᠷᠤᠯ ᠵᠦᠢᠯ ᠪᠣᠯᠤᠨ᠎ᠠ᠃ ᠬᠠᠪᠤᠲᠤ ᠬᠠᠰᠠᠷ ︵ᠨᠠᠶᠢᠳᠠ ᠶᠢᠨ ᠤᠨ ᠲᠤᠭᠠᠯᠠᠯ ᠤᠨ 1164 ᠣᠨ — 1226 ᠣᠨ︶ ᠪᠣᠯ ᠨᠢᠷᠤᠭᠤᠨ ᠮᠤᠩᠭᠤᠯ ᠤᠨ ᠬᠢᠶᠠᠨ ᠠᠶᠢᠮᠠᠭ ᠤᠨ ᠠᠬᠠᠯᠠᠬᠴᠢ ᠪᠣᠷᠵᠢᠭᠢᠨ ᠤᠪᠤᠭᠳᠠᠨ ᠤ ᠶᠢᠰᠦᠭᠡᠢ ᠪᠠᠭᠠᠲᠤᠷ ᠤᠨ ᠬᠤᠶᠠᠳᠤᠭᠠᠷ ᠬᠥᠪᠡᠭᠦᠨ᠂ ᠨᠢᠭᠡᠨ ᠦᠶ᠎ᠡ ᠶᠢᠨ ᠲᠩᠷᠢᠯᠢᠭ ᠬᠥᠪᠡᠭᠦᠨ ᠴᠢᠩᠭᠢᠰ ᠬᠠᠭᠠᠨ ᠤ ᠲᠦᠷᠦᠭᠰᠡᠨ ᠳᠡᠭᠦᠦ ᠪᠣᠯᠤᠨ᠎ᠠ᠃ ᠲᠡᠷᠡ ᠴᠢᠩᠭᠢᠰ ᠬᠠᠭᠠᠨ ᠮᠣᠩᠭᠤᠯ ᠤᠨ ᠥᠨᠳᠦᠷᠯᠢᠭ ᠤᠨ ᠡᠯ᠎ᠡ ᠠᠶᠢᠮᠠᠭ ᠢ ᠨᠢᠭᠡᠳᠬᠡᠵᠦ᠂ ᠤᠮᠠᠷᠠᠲᠤ ᠣᠷᠣᠨ ᠢ ᠨᠢᠭᠡᠳᠬᠡᠬᠦ ᠳᠠᠶᠢᠨ ᠪᠠᠶᠢᠯᠳᠤᠭᠠᠨ ᠳᠤ ᠡᠷ᠎ᠡ ᠪᠠᠭᠠᠳᠤᠷ ᠤᠷᠠᠨ ᠤᠬᠠᠭᠠᠨ ᠢᠶᠠᠷ ᠢᠶᠠᠨ ᠭᠠᠷᠮᠠᠭᠠᠶ ᠭᠠᠪᠢᠶ᠎ᠠ ᠵᠢᠳᠬᠦᠯ ᠦᠵᠡᠬᠦᠯᠵᠤ᠂ ᠴᠢᠩᠭᠢᠰ ᠬᠠᠭᠠᠨ ᠤ ᠮᠣᠩᠭᠤᠯ ᠤᠨ ᠡᠯ᠎ᠡ ᠠᠶᠢᠮᠠᠭ ᠤᠨ ᠦᠵᠡᠯ ᠰᠠᠨᠠᠭ᠎ᠠ ᠶᠢ ᠨᠢᠭᠡᠳᠬᠡᠭᠰᠡᠨ ᠠᠭᠤᠤ ᠶᠡᠭᠡ ᠦᠢᠯᠡᠳᠦᠯᠭᠡᠵᠢᠭᠦᠯᠦᠭᠴᠢ ᠪᠣᠯᠤᠭᠰᠠᠨ ᠪᠠᠶᠢᠨ᠎ᠠ᠃ ᠥᠨᠥ ᠶᠢᠨ ᠪᠤᠭᠤᠳᠤ ᠬᠤᠲᠠ ᠶᠢᠨ ᠮᠤᠤᠮᠢᠩᠭᠠᠨ ᠠᠶᠢᠮᠠᠭ᠂ ᠤᠷᠠᠳ ᠠᠶᠢᠮᠠᠭ ᠪᠤᠯ ᠴᠥᠮ ᠬᠠᠰᠠᠷ ᠤᠨ ᠬᠤᠶᠢᠴᠢᠰ ᠪᠣᠯᠤᠨ᠎ᠠ᠃   ᠬᠠᠪᠤᠲᠤ ᠬᠠᠰᠠᠷ ᠤᠨ ᠲᠠᠬᠢᠯᠭ᠎ᠠ ᠨᠢ ᠶᠤᠸᠠᠨ ᠤᠯᠤᠰ ᠤᠨ ᠬᠤᠪᠢᠯᠠᠶ ᠶᠢᠨ ᠦᠶ᠎ᠡ ᠠᠴᠠ ᠡᠬᠢᠯᠡᠵᠡᠶ᠃ ᠠᠩᠬ᠎ᠠ ᠡᠬᠢᠨ ᠳᠡᠭᠡᠨ ᠬᠠᠪᠤᠲᠤ ᠬᠠᠰᠠᠷ ᠤᠨ ᠲᠠᠬᠢᠯᠭ᠎ᠠ ᠶᠢᠨ ᠠᠵᠢᠯᠯᠠᠭ᠎ᠠ ᠨᠢ ᠴᠢᠩᠭᠢᠰ ᠤᠨ ᠲᠠᠬᠢᠯᠭ᠎ᠠ ᠶᠢᠨ ᠠᠵᠢᠯᠯᠠᠭ᠎ᠠ ᠲᠠᠢ ᠬᠠᠮᠲᠤ ᠶᠤᠸᠠᠨ ᠤᠯᠤᠰ ᠤᠨ ᠶᠡᠭᠡ ᠨᠠᠶᠢᠰᠯᠠᠯ ᠳᠤ ᠶᠠᠪᠤᠭᠳᠠᠵᠤ ᠪᠠᠶᠢᠵᠠᠶ᠃ ᠮᠤᠤᠮᠢᠩᠭᠠᠨ ᠠᠶᠢᠮᠠᠭ ᠪᠣᠯ ᠶᠠᠭ ᠬᠠᠪᠤᠲᠤ ᠬᠠᠰᠠᠷ ᠤᠨ ᠬᠤᠶᠢᠴᠢᠰ ᠪᠣᠯᠤᠨ᠎ᠠ᠂ ᠲᠡᠶᠢᠨᠬᠦ ᠡᠨᠡᠬᠦ ᠲᠠᠬᠢᠯᠭ᠎ᠠ ᠶᠢᠨ ᠠᠵᠢᠯᠯᠠᠭ᠎ᠠ ᠶᠢ ᠮᠤᠤᠮᠢᠩᠭᠠᠨ ᠠᠶᠢᠮᠠᠭ ᠡᠷᠬᠢᠯᠡᠭᠰᠡᠭᠡᠷ ᠢᠷᠡᠵᠡᠶ᠃ ᠪᠤᠭᠤᠲᠤ ᠬᠤᠲᠠ ᠶᠢᠨ ᠬᠠᠪᠤᠲᠤ ᠬᠠᠰᠠᠷ ᠤᠨ ᠲᠠᠬᠢᠯᠭ᠎ᠠ ᠶᠢ ᠶᠠᠪᠤᠬᠳᠠᠭᠤᠯᠬᠤ ᠭᠠᠵᠠᠷ ᠪᠤᠯ ᠳᠠᠷᠬᠠᠨ ᠮᠤᠤᠮᠢᠩᠭᠠᠨ ᠤ ᠬᠠᠰᠠᠷ ᠤᠨ ᠲᠠᠬᠢᠯᠭ᠎ᠠ ᠶᠢᠨ ᠲᠠᠩᠬᠢᠮ ᠪᠣᠯᠤᠨ ᠬᠥᠨᠳᠡᠯᠡᠨ ᠲᠣᠭᠤᠷᠢᠭ ᠤᠨ ᠬᠥᠨᠳᠡᠯᠡᠨ ᠰᠦᠮ᠎ᠡ ᠵᠡᠷᠬᠡ ᠬᠤᠶᠠᠷ ᠭᠠᠵᠠᠷ ᠪᠠᠶᠢᠳᠠᠭ᠃  
   ᠬᠠᠪᠤᠲᠤ ᠬᠠᠰᠠᠷ ᠤᠨ ᠲᠠᠭᠢᠯᠭ᠎ᠠ ᠶᠢᠨ ᠠᠭᠤᠯᠭ᠎ᠠ ᠨᠢ ᠪᠠᠶᠠᠯᠢᠭ᠂ ᠬᠡᠪᠴᠢᠶ᠎ᠡ ᠪᠠᠷ ᠶᠡᠭᠡ᠂ ᠵᠠᠩ ᠥᠢᠯᠨ ᠨᠢ ᠪᠣᠷᠣᠭᠵᠢᠭᠤᠨ᠂ ᠶᠣᠰᠣᠯᠠᠯ ᠥᠢᠯᠨ ᠨᠢ ᠡᠷᠬᠢᠮᠰᠦᠭ ᠳᠡᠭᠡᠳᠦ ᠪᠠᠶᠢᠵᠤ᠂ ᠮᠣᠩᠭᠤᠯ ᠤᠯᠠᠮᠵᠢᠯᠠᠯᠲᠤ ᠰᠣᠶᠣᠯ᠂ ᠰᠢᠲᠦᠯᠭᠡ ᠪᠢᠰᠢᠷᠡᠯ᠂ ᠵᠠᠩ ᠥᠢᠯᠨ᠂ ᠪᠠᠶᠢᠭᠠᠯᠢ ᠶᠢᠨ ᠰᠢᠲᠦᠯᠭᠡ ᠵᠡᠷᠭᠡ ᠤᠯᠠᠨ ᠲᠠᠯ᠎ᠠ ᠶᠢ ᠬᠠᠮᠤᠷᠴᠤ᠂ ᠲᠠᠬᠢᠯᠭ᠎ᠠ  ᠶᠢᠨ ᠪᠦᠬᠦ ᠶᠠᠪᠤᠴᠠ ᠳᠤ ᠮᠣᠩᠭᠤᠯ ᠨᠡᠭᠦᠳᠡᠯ ᠰᠣᠶᠣᠯ ᠤᠨ ᠣᠨᠴᠠᠯᠢᠭ ᠢ ᠲᠤᠪᠤᠶᠢᠮ᠎ᠠ ᠢᠯᠡᠷᠡᠭᠦᠯᠵᠦ᠂ ᠲᠤᠶᠢᠯ ᠤᠨ ᠶᠡᠭᠡ ᠲᠡᠦᠬᠡ᠂ ᠰᠣᠶᠣᠯ᠂ ᠡᠷᠳᠡᠮ ᠰᠢᠨᠵᠢᠯᠡᠭᠡᠨ ᠤ ᠦᠨ᠎ᠡ ᠴᠠᠨ᠎ᠠ ᠲᠠᠢ ᠶᠤᠮ᠃ ᠡᠭᠦᠨ ᠳᠤ ᠭᠤᠣᠯᠳᠠᠭᠤ ᠢᠷᠦᠭᠡᠯ᠂ ᠮᠠᠭᠲᠠᠭᠠᠯ᠂ ᠲᠠᠬᠢᠯᠭ᠎ᠠ ᠶᠢᠨ ᠪᠢᠴᠢᠭ᠂ ᠲᠠᠬᠢᠯᠭ᠎ᠠ ᠶᠢᠨ ᠳᠠᠭᠤᠤ᠂ ᠮᠣᠷᠢ ᠰᠡᠳᠡᠷᠯᠡᠬᠦ᠂ ᠲᠦᠷᠦᠬᠡ ᠬᠦᠨᠳᠡᠬᠦ᠂ ᠬᠠᠷ᠎ᠠ ᠰᠢᠮᠨᠤᠰ ᠢ ᠨᠠᠮᠨᠠᠬᠤ᠂ ᠤᠯᠠᠭᠠᠨ ᠪᠦᠷᠢᠶᠠᠨ ᠤ ᠲᠠᠬᠢᠯᠭ᠎ᠠ᠂ ᠠᠷᠢᠶᠠᠳᠠᠨ ᠢ ᠨᠠᠮᠨᠠᠬᠤ᠂ ᠵᠦᠯᠳᠤ ᠶᠢᠨ ᠲᠠᠬᠢᠯᠭ᠎ᠠ ᠵᠡᠷᠭᠡ ᠪᠠᠶᠢᠳᠠᠭ᠂ ᠲᠠᠬᠢᠯᠭ᠎ᠠ ᠳᠤ ᠬᠡᠷᠡᠭᠯᠡᠬᠦ ᠡᠳ᠋ᠯᠡᠯ ᠬᠡᠷᠡᠭᠰᠡᠯ ᠨᠢ ᠴᠦ ᠬᠡᠳᠦᠨ ᠵᠠᠭᠤᠨ ᠵᠢᠯ ᠤᠨ ᠤᠯᠠᠮᠵᠢᠯᠠᠬᠳᠠᠵᠤ ᠬᠠᠳᠠᠭᠠᠯᠠᠬᠳᠠᠵᠤ ᠢᠷᠡᠭᠰᠡᠨ ᠬᠤᠪᠣᠷ ᠨᠠᠨᠳᠢᠨ ᠳᠤᠷᠠᠰᠬᠠᠯᠲᠤ ᠵᠦᠢᠯ ᠪᠣᠯᠬᠤ ᠶᠤᠮ᠃ ᠬᠠᠪᠤᠲᠤ ᠬᠠᠰᠠᠷ ᠤᠨ ᠲᠠᠭᠢᠯᠭ᠎ᠠ ᠨᠢ ᠲᠠᠯ᠎ᠠ ᠨᠤᠲᠤᠭ ᠤᠨ ᠰᠢᠯᠢᠳᠡᠭ ᠰᠣᠶᠣᠯ ᠤᠨ ᠥᠪ ᠢ ᠤᠯᠠᠮᠵᠢᠯᠠᠬᠤ᠂ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠤᠯᠠᠮᠵᠢᠯᠠᠯᠲᠤ ᠰᠢᠯᠢᠳᠡᠭ ᠰᠣᠶᠣᠯ ᠤᠨ ᠡᠷᠳᠡᠨᠢᠰ ᠤᠨ ᠰᠠᠩ ᠢ ᠪᠠᠶᠠᠯᠢᠭᠵᠢᠭᠤᠯᠬᠤ ᠳᠤ ᠴᠢᠬᠤᠯᠠ ᠦᠢᠯᠡᠳᠦᠯ ᠲᠠᠢ᠃
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号