︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠡ  ᠤᠯᠤᠰ ᠢᠶᠠᠨ ᠬᠦᠴᠦᠷᠭᠡᠭᠵᠢᠬᠦᠯᠵᠤ ᠰᠡᠷᠭᠦᠨ‌ᠮᠠᠨᠳᠤᠭᠤᠯᠬᠤ ᠳᠤ ᠪᠢᠳᠠ ᠪᠠᠶᠢᠨ᠎ᠠ︾ ᠵᠣᠨ ᠤ ᠤᠯᠠᠷᠢᠯ ᠤᠨ ᠤᠷᠠᠨ ᠰᠠᠶᠢᠬᠠᠨ ᠤ ᠲᠣᠭᠯᠠᠯᠲᠠ ᠶᠠᠪᠤᠬᠳᠠᠪᠠ
ᠨᠡᠶᠢᠲᠡᠯᠡᠭᠰᠡᠨ ᠴᠠᠭ᠄
2022/11/28
   8 ᠰᠠᠷ᠎ᠠ ᠶᠢᠨ 22᠎ ᠤᠨ ᠡᠳᠦᠷ᠂ ᠬᠥᠨᠳᠡᠯᠡᠨ ᠲᠣᠭᠤᠷᠢᠭ ᠤᠨ ᠰᠣᠶᠣᠯ ᠤᠨ ᠣᠷᠳᠣᠨ ᠤ ᠤᠷᠳᠤᠨ ᠠᠴᠠ ᠡᠷᠭᠢᠯᠡᠭᠰᠡᠨ ᠪᠦᠯᠬᠦᠮ ᠪᠤᠯᠬᠤ ᠮᠤᠨᠢ ᠠᠭᠤᠯᠠ ᠤᠷᠠᠯᠢᠭ ᠤᠨ ᠪᠦᠯᠬᠦᠮ ᠤᠨ ᠲᠤᠬᠯᠠᠬᠰᠠᠨ ︽ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ ᠭᠡᠬᠦ ᠤᠯᠤᠰ ᠢᠶᠠᠨ ᠬᠦᠴᠦᠷᠭᠡᠭᠵᠢᠬᠦᠯᠵᠤ ᠰᠡᠷᠭᠦᠨ ᠮᠠᠨᠳᠤᠭᠤᠯᠬᠤ ᠳᠤ ᠪᠢᠳᠠ ᠪᠠᠶᠢᠨ᠎ᠠ ᠲᠤᠰᠬᠠᠢ ᠲᠠᠯᠠᠪᠠᠢ ᠵᠣᠨ ᠤ ᠤᠯᠠᠷᠢᠯ ᠤᠨ ᠤᠷᠠᠨ ᠰᠠᠶᠢᠬᠠᠨ ᠤ ᠲᠣᠭᠯᠠᠯᠲᠠ ᠰᠠᠶᠢᠬᠠᠨᠲᠠᠯ᠎ᠠ ᠶᠢᠨ ᠵᠤᠰᠠᠯᠠᠩ ᠤᠨ ᠠᠭᠤᠳᠠᠮ ᠲᠠᠯᠠᠪᠠᠶ ᠳᠤ ᠡᠬᠢᠯᠡᠪᠡ᠃
    ᠪᠦᠬᠦ᠋ᠢᠯᠡ ᠲᠠᠯᠠᠪᠠᠶ ᠲᠣᠭᠯᠠᠯᠲᠠ ᠨᠢ ᠭᠤᠶᠢᠳᠠ ᠰᠠᠶᠢᠬᠠᠨ ᠶᠠᠪᠤᠭᠳᠠᠵᠤ᠂ ᠳᠠᠭᠤᠤ᠂ ᠪᠥᠵᠢᠭ᠂ ᠬᠥᠭᠵᠢᠮ ᠵᠡᠷᠭᠡ ᠤᠷᠠᠯᠢᠭ ᠤᠨ ᠬᠡᠯᠪᠡᠷᠢ ᠪᠠᠷ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠢᠷᠠᠭᠤ ᠠᠯᠳᠠᠷ ᠢ ᠬᠠᠮᠲᠤ ᠪᠠᠷ ᠡᠳ᠋ᠯᠡᠬᠦ ᠰᠢᠨ᠎ᠡ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠬᠦᠯᠪᠡ᠃
    ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠭᠡ ︽ᠮᠠᠯᠴᠢᠳ ᠤᠨ ᠰᠡᠳᠬᠢᠯ ᠡᠬᠦᠷᠢᠳᠡ ᠡᠪ ᠬᠠᠮᠲᠤ ᠨᠠᠮ ᠢᠶᠠᠨ ᠲᠠᠭᠠᠨ᠎ᠠ︾᠂ ᠪᠥᠵᠢᠭ ︽ᠮᠣᠩᠭᠤᠯ ᠮᠣᠷᠢ︾᠂ ᠠᠬᠤᠶ ᠦᠵᠡᠭᠳᠡᠯᠳᠤ ᠬᠤᠪᠴᠠᠰᠤ ᠵᠠᠰᠠᠯ ᠤᠨ ᠲᠣᠭᠯᠠᠯᠲᠠ ︽ᠲᠠᠯ᠎ᠠ ᠨᠤᠲᠤᠭ ᠤᠨ ᠡᠵᠢ ᠲᠦᠬᠦ᠋ᠢᠮ᠎ᠡ︾᠂ ᠨᠠᠶᠢᠷᠠᠯ ᠳᠠᠭᠤᠤ ︽ᠠᠷᠠᠳ ᠤᠨ ᠳᠠᠭᠤᠤ ᠶᠢᠨ ᠬᠠᠮᠲᠤᠷᠠᠭᠰᠠᠨ ᠳᠠᠭᠤᠤ︾᠎ ᠂ ᠸᠠ ᠦᠨᠳᠦᠰᠦᠲᠡᠨ ᠤ ᠪᠥᠵᠢᠭ ︽ᠭᠠᠯᠢᠨᠰᠠᠢ︾᠂ ᠰᠠᠺᠰᠤᠹᠤᠨ ᠬᠦᠭᠵᠢᠮ ᠤᠨ ᠬᠤᠪᠢᠰᠬᠠᠯᠳᠤ ᠳᠠᠭᠤᠤ ᠶᠢᠨ ᠬᠠᠮᠲᠤᠷᠠᠭᠰᠠᠨ ᠬᠦᠭᠵᠢᠮ ︽ᠡᠪ ᠬᠠᠮᠲᠤ ᠨᠠᠮ ᠪᠠᠶᠢᠬᠤ ᠥᠬᠡᠶ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠥᠬᠡᠶ︾ ᠵᠡᠷᠭᠡ ᠲᠤᠬᠯᠠᠯᠳᠠ ᠨᠢ ᠦᠨᠳᠦᠰᠦᠲᠡᠨ ᠤ ᠣᠨᠴᠠᠯᠢᠭ ᠢᠶᠠᠷ ᠢᠯᠡ ᠲᠣᠳᠣ᠂ ᠢᠯᠡᠷᠡᠭᠦᠯᠬᠦ ᠬᠡᠯᠪᠡᠷᠢ ᠣᠯᠠᠨ ᠶᠠᠩᠵᠤ ᠶᠢᠨ ᠪᠠᠶᠢᠵᠤ᠂ ᠴᠠᠭ ᠦᠶ᠎ᠡ ᠶᠢᠨ ᠠᠭᠤᠷ ᠠᠮᠢᠰᠬᠤᠯ ᠢᠶᠠᠷ ᠬᠦᠨ ᠵᠤᠵᠠᠭᠠᠨ ᠪᠠᠶᠢᠵᠤ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠬᠠᠮᠲᠤ ᠪᠠᠷ ᠪᠦᠯᠬᠦᠮᠳᠡᠨ ᠲᠡᠮᠡᠴᠡᠵᠤ ᠪᠠᠶᠢᠭ᠎ᠠ ᠰᠠᠶᠢᠨ ᠰᠠᠶᠢᠬᠠᠨ ᠦᠵᠡᠮᠵᠢᠳᠤ ᠵᠢᠷᠤᠭ ᠢ ᠠᠮᠢᠳᠤᠯᠢᠭ ᠢᠶᠠᠷ ᠢᠯᠡᠷᠡᠭᠦᠯᠪᠡ᠃ ᠲᠤᠬᠯᠠᠯᠳᠠ ᠨᠢ ︽ᠮᠢᠨᠦ ᠦᠨᠳᠦᠰᠦ ᠲᠠᠯ᠎ᠠ ᠨᠤᠲᠤᠭ ᠲᠤ ᠪᠤᠢ︾ ᠭᠡᠬᠦ ᠤᠶᠠᠩᠭᠠᠲᠤ ᠬᠥᠭᠵᠢᠮ ᠤᠨ ᠲᠤᠮᠳᠠ ᠥᠨᠳᠥᠷᠯᠡᠪᠡ᠃    ᠣᠶᠢᠷ᠎ᠠ ᠶᠢᠨ ᠵᠢᠯ ᠤᠨ ᠲᠤᠷᠰᠢ᠂ ᠬᠥᠨᠳᠡᠯᠡᠨ ᠲᠣᠭᠤᠷᠢᠭ ᠤᠨ ᠰᠣᠶᠣᠯ ᠤᠨ ᠣᠷᠳᠣᠨ ᠨᠢ ᠤᠷᠳᠤᠨ ᠠᠴᠠ ᠡᠷᠭᠢᠯᠡᠭᠰᠡᠨ ᠪᠦᠯᠬᠦᠮ ᠪᠤᠯᠬᠤ ᠮᠤᠨᠢ ᠠᠭᠤᠯᠠ‌ᠤᠷᠠᠯᠢᠭ ᠤᠨ ᠪᠦᠯᠬᠦᠮ ᠤᠨ ᠲᠥᠷᠥᠯ ᠲᠡᠮᠳᠡᠭ ᠤᠨ ᠪᠠᠶᠢᠭᠤᠯᠤᠯᠲᠠ ᠶᠢ ᠴᠢᠬᠤᠯᠠ ᠠᠵᠢᠯ ᠤᠨ ᠠᠭᠤᠯᠭ᠎ᠠ ᠶᠢᠨ ᠨᠢᠭᠡ ᠪᠣᠯᠭᠠᠵᠤ᠂ ᠤᠳᠬ᠎ᠠ ᠤᠷᠠᠯᠢᠭ ᠤᠨ ᠪᠦᠯᠬᠦᠮ ᠤᠨ ᠪᠠᠶᠢᠩᠭᠤᠵᠢᠬᠰᠠᠨ ᠠᠵᠢᠯᠯᠠᠭ᠎ᠠ ᠶᠢ ᠪᠠᠷᠢᠮᠲᠠᠯᠠᠬᠤ ᠶᠢᠨ ᠬᠠᠮᠲᠤ ᠣᠯᠠᠨ ᠲᠦᠮᠡᠨᠴᠢ ᠰᠣᠶᠣᠯ ᠤᠨ ᠳᠡᠯᠭᠡᠨ ᠦᠵᠡᠭᠦᠯᠭᠡ᠂ ᠰᠣᠯᠢᠯᠴᠠᠭᠠᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠣᠯᠠᠨ ᠲᠦᠮᠡᠨᠴᠢ ᠰᠣᠶᠣᠯ ᠤᠨ ᠭᠤᠤᠯᠯᠠᠭᠴᠢ ᠡᠩᠨᠡᠭᠡ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠡᠳᠡᠨ ᠤ ᠤᠳᠬ᠎ᠠ ᠤᠷᠠᠯᠢᠭ ᠤᠨ ᠬᠡᠪ ᠪᠣᠯᠪᠠᠰᠤᠷᠠᠯ ᠪᠠ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号