| | ᠶᠠᠩᠭᠠᠷ ᠬᠡᠵᠤ ᠮᠠᠨ ᠤ ᠤᠯᠤᠰ ᠤᠨ ᠤᠮᠠᠷᠠᠲᠤ ᠣᠷᠣᠨ ᠤ ᠥᠷᠭᠡᠨ ᠠᠭᠤᠳᠠᠮ ᠬᠥᠳᠡᠭᠡ ᠲᠣᠰᠬᠤᠨ ᠳᠤ ᠮᠠᠰᠢ | ᠦᠷᠬᠡᠨ ᠢᠶᠠᠷ ᠳᠡᠯᠭᠡᠷᠡᠭᠰᠡᠨ᠂ ᠭᠤᠣᠯᠳᠠᠭᠤ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠲᠤ | ᠲᠤᠬᠢᠶᠠᠯᠳᠤᠭᠤᠯᠤᠨ ᠲᠣᠭᠯᠠᠳᠠᠭ᠂ ᠥᠨᠢ ᠤᠳᠠᠭᠠᠨ ᠲᠡᠦᠬᠡ ᠲᠠᠢ ᠠᠷᠠᠳ ᠤᠨ ᠳᠠᠭᠤᠤ ᠪᠥᠵᠢᠭ ᠤᠨ ᠤᠷᠠᠯᠢᠭ ᠶᠤᠮ᠃ | ᠶᠠᠩᠭᠠᠷ ᠢ ᠲᠠᠭᠤᠯᠠᠬᠤ ᠶᠠᠩᠭᠠᠷ ᠠᠶᠠᠯᠭᠤ ︵ᠲᠠᠷᠤᠢ ᠮᠤᠳᠤᠨ ᠬᠦᠯᠳᠤ ᠠᠶᠠᠯᠭᠤ᠂ ᠪᠦᠰ ᠣᠩᠭᠤᠴᠠ ᠶᠢᠨ ᠠᠶᠠᠯᠭᠤ | ︶ ᠪᠣᠯᠤᠨ ᠶᠠᠩᠭᠠᠷ ᠲᠤᠬᠯᠠᠬᠤ ᠭᠡᠵᠤ ᠬᠤᠪᠢᠶᠠᠨ᠎ᠠ᠂ ᠠᠳᠡ ᠭᠤᠣᠯᠳᠠᠭᠤ ᠲᠠᠭᠤᠯᠠᠬᠤ ᠶᠠᠩᠭᠠᠷ ᠠᠶᠠᠯᠭᠤ ᠶᠢ ᠬᠡᠯᠡᠵᠤ | ᠪᠤᠢ᠂ ᠤᠳᠤ ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ ᠪᠤᠷᠬᠠᠨᠲᠤ ᠪᠠᠯᠭᠠᠰᠤᠨ ᠤ ᠲᠠᠷᠬᠠᠨ ᠲᠣᠰᠬᠤᠨ ᠳᠤ | ᠤᠯᠠᠮᠵᠢᠯᠠᠬᠳᠠᠨ ᠳᠡᠯᠭᠡᠷᠡᠵᠦ ᠪᠤᠢ᠂ ᠤᠳᠤ ᠨᠢᠭᠡᠨᠲᠡ 100 ᠭᠠᠷᠤᠢ ᠵᠢᠯ ᠤᠨ ᠲᠡᠦᠬᠡ ᠲᠠᠢ ᠪᠣᠯᠵᠠᠢ᠂ ᠲᠤᠰ ᠤᠷᠠᠯᠢᠭ | ᠢ ᠡᠬᠦᠰᠬᠡᠨ ᠪᠠᠶᠢᠭᠤᠯᠤᠬᠰᠠᠨ ᠬᠦᠮᠦᠨ ᠪᠤᠯ ᠭᠧᠨ ᠫᠠᠩ ᠲᠸᠦ᠂ ᠸᠠᠩ ᠰᠾᠢ ᠵᠤᠤ ︵ᠪᠦᠷ ᠲᠠᠷᠬᠠᠨ ᠲᠤᠰᠬᠤᠨ ᠳᠤ | ᠲᠦᠷᠦᠵᠤ ᠦᠰᠦᠭᠰᠡᠨ ᠨᠤᠲᠤᠭ ᠤᠨ ᠬᠥᠮᠦᠨ︶ ᠬᠡᠳᠡᠭ᠃ ᠲᠤᠬᠠᠶ ᠶᠢᠨ ᠦᠶ᠎ᠡ ᠳᠤ᠂ ᠡᠨᠡ ᠬᠤᠶᠠᠷ ᠠᠷᠠᠳ ᠤᠨ | ᠤᠷᠠᠯᠢᠭᠴᠢᠨ ᠲᠠᠷᠬᠠᠨ ᠲᠣᠰᠬᠤᠨ ᠤ ᠰᠣᠶᠣᠯ ᠤᠨ ᠠᠮᠢᠳᠤᠷᠠᠯ ᠢ ᠬᠥᠭᠵᠢᠶᠡᠨᠲᠡᠶ ᠪᠣᠯᠭᠠᠬᠤ ᠶᠢᠨ ᠲᠥᠯᠥᠭᠡ᠂ ᠦᠪᠡᠷ | ᠲᠡᠭᠡᠨ ᠶᠠᠩᠭᠠᠷ ᠤᠨ ᠠᠩᠭᠢ ︵ᠮᠣᠳᠣᠨ ᠬᠥᠯᠲᠦ᠂ ᠪᠦᠰ ᠣᠩᠭᠤᠴᠠᠨ ᠲᠡᠷᠭᠡ︶ ᠶᠢ ᠵᠣᠬᠢᠶᠠᠨ ᠪᠠᠶᠢᠭᠤᠯᠵᠤ᠂ | ᠡᠷᠲᠡᠨ ᠤ ᠶᠠᠩᠭᠠᠷ ᠠᠶᠠᠯᠭᠤ ᠶᠢ ᠳᠠᠭᠤᠯᠠᠪᠠ᠃ ᠣᠳᠣ ᠪᠣᠯᠲᠠᠯ᠎ᠠ ᠨᠢᠭᠡᠨᠲᠡ 6 ᠦᠶ᠎ᠡ ᠶᠢᠨ ᠵᠠᠯᠭᠠᠮᠵᠢᠯᠠᠭᠴᠢ ᠲᠠᠢ᠃ | ᠰᠡᠭᠦᠯᠴᠢ ᠶᠢᠨ ᠦᠶ᠎ᠡ ᠶᠢᠨ ᠵᠠᠯᠭᠠᠮᠵᠢᠯᠠᠭᠴᠢ ᠨᠢ ᠠᠬᠠᠮᠠᠳ ᠦᠶ᠎ᠡ ᠶᠢᠨ ᠢᠶᠠᠨ ᠤᠷ᠎ᠠ ᠮᠡᠷᠭᠡᠵᠢᠯ ᠢ ᠵᠠᠯᠭᠠᠮᠵᠢᠯᠠᠭᠰᠠᠨ | ᠰᠠᠭᠤᠷᠢᠨ ᠳᠡᠭᠡᠷ᠎ᠡ᠂ ᠬᠠᠭᠤᠴᠢᠨ ᠢ ᠣᠷᠬᠢᠵᠤ ᠰᠢᠨ᠎ᠡ ᠶᠢ ᠡᠭᠦᠳᠦᠨ᠂ ᠤᠷᠢᠳ ᠬᠤᠵᠢᠳ ᠮᠣᠳᠣᠨ ᠬᠥᠯᠲᠦ᠂ ᠪᠦᠰ | ᠣᠩᠭᠤᠴᠠᠨ ᠲᠡᠷᠭᠡ᠂ ᠴᠡᠴᠡᠭᠲᠦ ᠰᠠᠭᠰᠤ ᠲᠠᠮᠨᠠᠬᠤ᠂ ᠠᠷᠰᠯᠠᠨ ᠪᠦᠵᠢᠭᠯᠡᠬᠦ᠂ ᠡᠯᠵᠢᠭᠡ ᠤᠨᠤᠬᠤ ᠵᠢᠴᠢ ᠡᠯ ᠷᠧᠨ ᠲᠠᠢ | ᠵᠦᠴᠦᠭᠡ ᠶᠢ ᠵᠣᠬᠢᠶᠠᠨ ᠪᠠᠶᠢᠭᠤᠯᠵᠤ᠂ ᠲᠠᠷᠬᠠᠨ ᠲᠤᠰᠬᠤᠨ ᠤ ᠶᠠᠩᠭᠠᠷ ᠤᠨ ᠲᠣᠭᠯᠠᠯᠲᠠ ᠶᠢ ᠪᠠᠳᠠᠷᠠᠭᠤᠯᠤᠨ | ᠳᠡᠯᠭᠡᠷᠡᠭᠦᠯᠦᠭᠰᠡᠨ ᠪᠠᠶᠢᠨ᠎ᠠ᠃ | | | 21 ᠳ᠋ᠤᠭᠡᠷ ᠵᠠᠭᠤᠨ ᠳᠤ ᠤᠷᠤᠭᠰᠠᠨ ᠤ ᠳᠠᠷᠠᠭ᠎ᠠ᠂ ᠵᠢᠷᠭᠤᠳᠤᠭᠠᠷ ᠦᠶ᠎ᠡ ᠶᠢᠨ ᠤᠯᠠᠮᠵᠢᠯᠠᠭᠴᠢ ᠨᠢ ᠭᠤᠷᠪᠠᠨ ᠵᠢᠯ | ᠤᠨ ᠬᠤᠭᠤᠴᠠᠭ᠎ᠠ ᠶᠢ ᠬᠡᠷᠡᠭᠰᠡᠵᠤ᠂ ᠬᠤᠯᠪᠣᠭᠳᠠᠯ ᠪᠦᠬᠦᠢ ᠲᠡᠦᠬᠡᠨ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ | 2003 ᠣᠨ ᠳᠤ ᠥᠪᠡᠷ ᠤᠨ ᠵᠠᠷᠤᠳᠠᠯ ᠢᠶᠠᠷ ᠢᠶᠠᠨ ︽ᠶᠠᠩᠭᠠᠷ ᠤᠨ ᠠᠶᠠᠯᠭᠤ︾ ᠭᠡᠬᠦ ᠨᠣᠮ ᠢ ᠬᠡᠪᠯᠡᠭᠦᠯᠪᠡ᠃ ᠲᠤᠰ | ᠨᠣᠮ ᠳᠤ ᠶᠠᠩᠭᠠᠷ ᠤᠨ ᠠᠶᠠᠯᠭᠤ ᠶᠢᠨ ᠳᠠᠭᠤᠯᠠᠬᠤ ᠬᠡᠯᠪᠡᠷᠢ ᠵᠢᠴᠢ ᠠᠶᠠᠯᠭᠤ ᠶᠢᠨ ᠲᠤᠬᠠᠢ ᠵᠠᠳᠠᠯᠤᠯᠲᠠ ᠶᠢ | ᠲᠠᠨᠢᠯᠴᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠶᠠᠩᠭᠠᠷ ᠤᠨ ᠲᠣᠭᠯᠠᠯᠲᠠ ᠶᠢᠨ ᠡᠩᠨᠡᠭᠡ ᠵᠢᠬᠰᠠᠭᠠᠯ ᠤᠨ ᠬᠡᠯᠪᠡᠷᠢ | ᠵᠢᠴᠢ ᠶᠠᠩᠭᠠᠷ ᠤᠨ ᠲᠤᠬᠯᠠᠯᠳᠠ ᠡᠷᠬᠢᠯᠡᠬᠦ ᠦᠶ᠎ᠡ ᠶᠢᠨ ᠲᠠᠭᠢᠯᠭ᠎ᠠ᠂ ᠵᠠᠩ ᠥᠢᠯᠨ᠂ ᠶᠤᠰᠤᠯᠠᠯ ᠵᠡᠷᠬᠡ ᠶᠢ | ᠲᠠᠨᠢᠯᠴᠠᠭᠤᠯᠪᠠ᠃ | |