︽ᠭᠤᠷᠪᠠᠨ ᠭᠤᠤᠯ ᠱᠤᠭᠤᠮ ᠤᠨ ᠲᠤᠭᠤᠷᠢᠨ ᠳᠤ ᠭᠤᠷᠪᠠ ᠶᠢ ᠪᠠᠲᠤᠯᠠᠵᠤ︾ ᠬᠥᠨᠳᠡᠯᠡᠨ ᠲᠣᠭᠤᠷᠢᠭ ᠤᠨ ᠨᠥᠬᠦᠷᠯᠡᠯ ᠵᠡᠭᠡᠯᠢ ᠭᠤᠳᠤᠮᠵᠢ ᠶᠢᠨ ᠪᠤᠯᠤᠳ 36 ᠳ᠋ᠤᠭᠠᠷ ᠨᠡᠶᠢᠭᠡᠮ ᠲᠣᠭᠤᠷᠢᠭ ᠬᠡᠰᠡᠭ ᠵᠤᠷᠪᠤᠰ ᠲᠣᠳᠣᠷᠬᠠᠶ ᠬᠢᠵᠢᠭ ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠪᠠ
ᠨᠡᠶᠢᠲᠡᠯᠡᠭᠰᠡᠨ ᠴᠠᠭ᠄
2022/11/4
     ᠨᠥᠬᠦᠷᠯᠡᠯ ᠵᠡᠭᠡᠯᠢ ᠭᠤᠳᠤᠮᠵᠢ ᠶᠢᠨ ᠪᠤᠯᠤᠳ 36 ᠳ᠋ᠤᠭᠠᠷ ᠨᠡᠶᠢᠭᠡᠮ ᠲᠣᠭᠤᠷᠢᠭ ᠤᠨ ᠬᠠᠷᠢᠶᠠᠨ ᠳᠠᠬᠢ 8 ᠬᠤᠷᠢᠶᠠᠯᠠᠯ ᠤᠨ ᠣᠯᠠᠩᠬᠢ ᠨᠢ ᠬᠠᠭᠤᠴᠢᠨ ᠬᠤᠷᠢᠶᠠᠯᠠᠯ ᠪᠠᠶᠢᠵᠤ᠂ ᠠᠳᠡ ᠰᠠᠭᠤᠵᠤ ᠪᠠᠶᠢᠭ᠎ᠠ ᠬᠥᠮᠦᠰ ᠤᠨ ᠳᠣᠲᠣᠷ᠎ᠠ ᠦᠳᠡᠯᠦᠭᠰᠡᠨ᠂ ᠡᠪᠡᠳᠴᠢᠨ ᠲᠠᠢ᠂ ᠵᠡᠮᠳᠡᠭ ᠵᠡᠷᠭᠡ ᠪᠠᠭᠤᠷᠠᠶᠢᠴᠤᠤᠯ ᠨᠡᠯᠢᠶᠡᠳ ᠤᠯᠠᠨ ᠲᠤᠭ᠎ᠠ ᠶᠢ ᠡᠵᠡᠯᠡᠨ᠎ᠠ᠃ ᠲᠤᠰ ᠡᠭᠡᠯᠵᠢ ᠶᠢᠨ ᠬᠢᠵᠢᠭ ᠤᠨ ᠪᠠᠶᠢᠳᠠᠯ  ᠡᠬᠦᠰᠦᠭᠰᠡᠨ ᠠᠴᠠ ᠨᠠᠭᠠᠰᠢ᠂ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ᠂ ᠨᠡᠶᠢᠭᠡᠮ ᠲᠣᠭᠤᠷᠢᠭ ᠠᠴᠠ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠦᠳᠳᠡᠷ ᠲᠦᠷᠭᠡᠨ ᠡᠬᠢᠯᠡᠭᠦᠯᠵᠦ᠂ ᠴᠠᠭ ᠮᠥᠴᠡ ᠲᠠᠢ ᠤᠷᠤᠯᠳᠤᠨ᠂ ᠲᠦᠷᠭᠡᠨ ᠬᠦᠳᠡᠯᠦᠯᠴᠡᠬᠦ ᠪᠠᠷ ᠳᠠᠮᠵᠢᠨ ᠲᠦᠷᠭᠡᠨ ᠲᠠᠷᠬᠠᠨ ᠲᠡᠯᠬᠡᠷᠡᠬᠦ ᠶᠢ ᠬᠤᠷᠢᠬᠯᠠᠪᠠ᠃      ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠᠬᠢ ᠭᠤᠤᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠪᠠ ᠬᠤᠷᠢᠶᠠᠯᠠᠯ ᠤᠨ ᠳᠣᠲᠣᠨ᠎ᠠ ᠭᠠᠳᠠᠨᠠᠬᠢ ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠷᠪᠠᠨ ᠠᠵᠢᠯ ᠤᠨ ᠭᠤᠤᠯ ᠱᠤᠭᠤᠮ ᠤᠨ ᠲᠤᠭᠤᠷᠢᠨ ᠳᠤ᠂ ︽ᠠᠯᠢᠪᠠ ᠪᠦᠬᠦᠨ ᠲᠤᠳᠤᠷᠬᠠᠢ᠂ ᠬᠤᠶᠠᠷ ᠱᠤᠭᠤᠮ᠂ ᠭᠤᠷᠪᠠ ᠬᠠᠮᠲᠤᠷᠠᠨ ᠬᠥᠳᠡᠯᠦᠯᠴᠡᠬᠦ᠂ ᠲᠦᠷᠪᠡ ᠡᠮᠬᠢ ᠵᠢᠷᠤᠮ ᠲᠠᠢ ᠪᠠᠶᠢᠬᠤ︾᠎ ᠪᠠᠷ ᠳᠠᠮᠵᠢᠭᠤᠯᠤᠨ ᠰᠠᠭᠤᠭᠠᠯᠢ ᠠᠷᠠᠳ ︽ᠬᠡᠷ ᠠᠴᠠ ᠪᠠᠨ ᠭᠠᠷᠬᠤ ᠦᠬᠡᠢ︾᠂ ᠠᠵᠢᠯ ᠢᠶᠠᠨ ︽ᠶᠠᠪᠤᠬᠳᠠᠭᠤᠯᠵᠤ︾᠂ ᠠᠷᠠᠳ ᠤᠨ ᠰᠡᠳᠬᠢᠯ ᠢ ︽ᠳᠤᠯᠠᠭᠠᠴᠠᠭᠤᠯᠬᠤ︾᠎ ᠶᠢ ᠪᠠᠲᠤᠯᠠᠵᠠᠢ᠃      ᠬᠤᠷᠢᠶᠠᠯᠠᠯ ᠤᠨ ᠬᠠᠮᠢᠶᠠᠷᠤᠯᠲᠠ ᠡᠵᠡᠮᠳᠡᠯ ᠨᠢ ᠰᠠᠭᠤᠭᠠᠯᠢ ᠠᠷᠠᠳ ᠤᠨ ︽ᠬᠡᠷ ᠠᠴᠠ ᠪᠠᠨ ᠭᠠᠷᠬᠤ ᠦᠬᠡᠢ︾ ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠲᠤᠳᠤᠨ᠎ᠠ ᠪᠠᠨ ᠳᠠᠬᠢᠨ ᠬᠠᠯᠳᠠᠪᠤᠷᠢᠯᠠᠨ ᠲᠡᠯᠬᠡᠷᠡᠬᠦ ᠶᠢ  ᠬᠤᠷᠢᠭᠯᠠᠬᠤ︾᠎ ᠶᠢ ᠦᠨᠡᠨ ᠬᠦ ᠪᠠᠲᠤᠯᠠᠪᠠ᠃ ᠨᠢᠭᠡ ᠳᠤ᠂ ᠬᠤᠷᠢᠶᠠᠯᠠᠯ ᠤᠨ ᠪᠣᠶ ᠪᠥᠬᠦᠶ ᠣᠷᠣᠵᠤ ᠭᠠᠷᠬᠤ ᠬᠤᠷᠢᠭ᠎ᠠ ᠴᠡᠭ ᠲᠤ ︽ᠠᠯᠢᠪᠠ ᠪᠦᠬᠦᠨ ᠲᠣᠳᠣᠷᠬᠠᠶ ᠪᠠᠶᠢᠬᠤ︾᠎ ᠶᠢ ᠬᠡᠷᠡᠭᠵᠢᠭᠦᠯᠪᠠ᠃ ᠲᠠᠷᠤᠢ᠂ ᠬᠤᠷᠢᠶᠠᠯᠠᠯ ᠢ ᠬᠠᠮᠢᠶᠠᠷᠤᠨ ᠡᠵᠡᠮᠳᠡᠬᠦ ᠵᠡᠷᠭᠡ ᠳᠡᠰ ᠢ ᠲᠣᠳᠣᠷᠬᠠᠶᠢᠯᠠᠵᠤ᠂ ᠲᠣᠪᠴᠢᠯᠠᠨ ᠡᠮᠬᠢᠳᠬᠡᠵᠦ ᠬᠤᠷᠢᠶᠠᠯᠠᠯ ᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢᠨ ᠨᠠᠷᠢᠨ ᠲᠠᠩᠰᠠ ᠶᠢ ᠪᠦᠷᠢᠯᠳᠦᠭᠦᠯᠵᠠᠢ︔ ᠪᠥᠬᠦ ᠬᠤᠲᠠ ᠶᠢᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠨᠡᠪᠲᠡᠷᠡᠬᠦ ᠦᠨᠡᠮᠯᠡᠯ ᠤᠨ ᠨᠠᠷᠢᠨ ᠬᠦᠰᠦᠨᠦᠭᠲᠦ ᠶᠢ ᠵᠣᠬᠢᠶᠠᠵᠤ᠂ ᠬᠤᠷᠢᠶᠠᠯᠠᠯ ᠤᠨ ᠡᠭᠦᠳᠡᠨ ᠬᠠᠷᠠᠭᠤᠯ ᠤᠨ ᠭᠠᠵᠠᠷ ᠪᠠ ᠬᠤᠷᠢᠶᠠᠯᠠᠯ ᠤᠨ ᠲᠤᠳᠤᠷ᠎ᠠ ᠪᠦᠷᠢᠨ ᠠᠭᠤᠯᠭ᠎ᠠ ᠶᠢ ᠨᠠᠭᠠᠵᠤ᠂ ᠵᠢᠵᠢᠭᠦᠷᠯᠡᠵᠦ ᠪᠠᠶᠢᠭ᠎ᠠ ᠬᠥᠮᠦᠰ ᠤᠨ ᠬᠠᠷᠭᠤᠭᠤᠯᠤᠨ ᠬᠡᠷᠡᠭᠵᠢᠭᠦᠯᠬᠦ ᠳᠤ ᠲᠥᠬᠦᠮ ᠦᠵᠡᠭᠦᠯᠬᠦ ᠶᠢᠨ ᠬᠠᠮᠲᠤ᠂ ᠰᠠᠭᠤᠭᠠᠯᠢ ᠠᠷᠠᠳ ᠤᠨ ᠨᠠᠭᠠᠰᠢ ᠴᠠᠭᠠᠰᠢ ᠶᠠᠪᠤᠬᠤ ᠦᠬᠡᠢ ᠪᠠᠶᠢᠬᠤ ᠤᠬᠠᠮᠰᠠᠷᠲᠤ ᠴᠢᠨᠠᠷ ᠢ ᠴᠢᠩᠭᠠᠷᠠᠭᠤᠯᠵᠤ᠂ ᠰᠠᠭᠤᠭᠠᠯᠢ ᠠᠷᠠᠳ ᠤᠨ ᠲᠥᠷᠥ ᠶᠢᠨ ᠪᠣᠳᠣᠯᠭ᠎ᠠ ᠶᠢ ᠲᠣᠳᠣᠷᠬᠠᠶ ᠮᠡᠳᠡᠬᠦ ᠥᠬᠡᠶ ᠠᠴᠠ ᠪᠣᠯᠵᠣ ᠵᠢᠭᠤᠷᠠᠯᠳᠤᠭᠠᠨ ᠡᠭᠦᠰᠬᠦ ᠠᠴᠠ ᠵᠠᠶᠢᠯᠠᠰᠬᠢᠪᠡ᠃ ᠬᠤᠶᠠᠷ ᠲᠤ᠂ ᠠᠳᠠᠯᠢᠬᠠᠨ ᠨᠢᠬᠡ ᠬᠤᠷᠢᠶᠠᠯᠠᠯ ᠳᠤ ︽ᠨᠢᠭᠡ ᠳᠠᠭᠤᠨ︾᠎ ᠢ ᠬᠡᠷᠡᠭᠵᠢᠭᠦᠯᠪᠠ᠃ ᠲᠠᠷᠤᠢ ᠂ ᠬᠠᠮᠢᠶᠠᠷᠤᠨ ᠡᠵᠡᠮᠳᠡᠬᠦ ᠠᠵᠢᠯᠲᠠᠨ ᠨᠢ ᠨᠢᠭᠡ ᠭᠤᠤᠯ ᠴᠣᠭᠴᠠ ᠪᠠᠶᠢᠵᠤ᠂ ᠬᠠᠷᠢᠭᠤᠴᠠᠯᠭ᠎ᠠ ᠶᠢ ᠬᠥᠮᠦᠨ ᠨᠢᠬᠡᠪᠦᠷᠢ ᠳᠤ ᠬᠦᠷᠳᠡᠯ᠎ᠡ ᠨᠠᠶᠢᠳᠠᠪᠤᠷᠢᠵᠢᠭᠤᠯᠵᠤ᠂ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠨᠢ ᠨᠢᠬᠡᠯᠡ ᠪᠠᠷᠢᠮᠵᠢᠶ᠎ᠠ ᠪᠠᠶᠢᠵᠤ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ︽ᠬᠡᠷ ᠠᠴᠠ ᠪᠠᠨ ᠭᠠᠷᠬᠤ ᠥᠬᠡᠶ᠂ ᠡᠬᠦᠳᠡᠨ ᠳᠤᠨᠢ ᠬᠦᠷᠴᠦ ᠦᠶᠯᠡᠴᠢᠯᠡᠬᠦ᠂ ᠬᠥᠮᠦᠨ ᠨᠢ ᠬᠤᠷᠢᠶᠠᠯᠠᠯ ᠠᠴᠠ ᠪᠠᠨ ᠭᠠᠷᠬᠤ ᠥᠬᠡᠶ᠂  ᠬᠦᠮᠦᠨ ᠴᠦᠬᠡᠨ ᠦᠶ᠎ᠠ ᠳᠤ ᠪᠠᠷᠠᠭ᠎ᠠ ᠪᠠᠨ ᠠᠪᠬᠤ︾ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠰᠠᠭᠤᠭᠠᠯᠢ ᠠᠷᠠᠳ ᠎ ᠤᠨ ᠦᠨᠡᠨ ᠬᠦ ︽ ᠬᠡᠷ ᠠᠴᠠ ᠪᠠᠨ ᠭᠠᠷᠬᠤ ᠦᠬᠡᠢ︾  ᠪᠠᠶᠢᠬᠤ ᠶᠢ ᠪᠡᠶᠡᠯᠡᠬᠦᠯᠪᠡ᠃     ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ︽ᠶᠠᠪᠤᠬᠳᠠᠭᠤᠯᠵᠤ︾᠂ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠵᠤ᠂ ᠡᠮᠬᠢ ᠵᠢᠷᠤᠮ ᠲᠠᠢ ᠥᠷᠨᠢᠭᠦᠯᠬᠦ︾᠎ ᠶᠢ ᠦᠨᠡᠨ ᠬᠦ ᠪᠠᠲᠤᠯᠠᠪᠠ᠃ ᠨᠢᠭᠡ ᠳᠤ᠂ ︽ᠭᠤᠷᠪᠠ ᠬᠠᠮᠲᠤᠷᠠᠨ ᠬᠥᠳᠡᠯᠦᠯᠴᠡᠬᠦ︾ ᠰᠠᠶᠢᠨ ᠳᠤᠷ᠎ᠠ ᠶᠢᠨ ᠦᠶᠯᠡᠴᠢᠯᠡᠭᠡ ᠪᠠᠷ ᠠᠵᠢᠯᠲᠠᠨ ᠬᠦᠷᠦᠯᠴᠡᠬᠦ ᠥᠬᠡᠶ ᠠᠰᠠᠭᠤᠳᠠᠯ ᠢ ᠰᠢᠶᠳᠪᠦᠷᠢᠯᠡᠪᠡ᠃ ᠨᠡᠶᠢᠭᠡᠮ ᠲᠣᠭᠤᠷᠢᠭ ᠠᠴᠠ ᠰᠠᠨᠠᠭᠠᠴᠢᠯᠠᠭ᠎ᠠ ᠶᠢᠨ ᠪᠢᠴᠢᠭ ᠨᠡᠶᠢᠳᠡᠯᠡᠵᠤ᠂ ᠰᠠᠭᠤᠭᠠᠯᠢ ᠠᠷᠠᠳ ᠪᠤᠯᠤᠨ ᠠᠰᠠᠷ ᠤᠨ ᠤᠷᠤᠴᠠ ᠶᠢᠨ ᠳᠠᠷᠤᠭ᠎ᠠ  ᠵᠢᠴᠢ ᠲᠣᠭᠤᠷᠢᠭ ᠲᠤ ᠰᠠᠭᠤᠭ᠎ᠠ ᠨᠢᠭᠡᠴᠢ ᠶᠢ ᠭᠦᠢᠴᠡᠳ ᠳᠠᠶᠢᠴᠢᠯᠠᠨ ᠬᠢᠵᠢᠭ ᠢ ᠡᠰᠡᠷᠭᠦᠴᠡᠬᠦ ᠠᠵᠢᠯ ᠳᠤ ᠣᠷᠣᠯᠴᠠᠭᠤᠯᠪᠠ᠂ ᠲᠤᠰ ᠡᠭᠡᠯᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠨᠡᠶᠢᠳᠡ 63 ᠠᠬᠠᠮᠠᠳ ᠨᠠᠮ ᠤᠨ ᠭᠡᠰᠢᠭᠦᠨ᠂  ᠬᠠᠯᠠᠭᠤᠨ ᠰᠡᠳᠬᠢᠯᠳᠤ ᠰᠠᠭᠤᠭᠠᠯᠢ ᠠᠷᠠᠳ᠂ 50 ᠠᠰᠠᠷ ᠤᠨ ᠤᠷᠤᠴᠠ ᠶᠢᠨ ᠳᠠᠷᠤᠭ᠎ᠠ᠂ 8 ᠨᠢᠭᠡᠴᠢ ᠶᠢᠨ ᠬᠠᠷᠢᠶ᠎ᠠ‌‍ᠲ᠋ᠣᠭᠤᠷᠢᠭ ᠶᠢᠨ 60 ᠰᠠᠶᠢᠨ ᠲᠤᠷᠠᠴᠤᠳ ᠬᠢᠵᠢᠭ ᠎ ᠢ ᠡᠰᠡᠷᠭᠦᠴᠡᠬᠦ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠭᠤᠭᠴᠣᠭᠠᠨ ᠤ ᠠᠵᠢᠯ ᠳᠤ ᠲᠦᠢᠯ ᠤᠨ ᠶᠡᠭᠡ ᠬᠤᠪᠢ ᠨᠡᠮᠡᠷᠢ ᠦᠵᠡᠭᠦᠯᠵᠡᠢ᠃ ᠬᠤᠶᠠᠷ ᠲᠤ᠂ ︽ᠲᠦᠷᠪᠡ ᠡᠮᠬᠢ ᠵᠢᠷᠤᠮ ᠲᠠᠢ ᠪᠠᠶᠢᠬᠤ︾᠎ ᠪᠠᠷ ᠪᠦᠬᠡᠮ ᠬᠦᠴᠢᠯ ᠤᠨ ᠪᠠᠶᠢᠴᠠᠭᠠᠯᠳᠠ ᠶᠢᠨ ᠠᠵᠢᠯ ᠤᠨ ᠵᠢᠷᠤᠮᠵᠢᠩᠭᠤᠢ ᠶᠠᠪᠤᠭᠳᠠᠬᠤ ᠶᠢ ᠪᠠᠲᠤᠯᠠᠪᠠ᠃ ᠵᠣᠬᠢᠶᠠᠨ ᠪᠠᠶᠢᠭᠤᠯᠤᠯᠲᠠ ᠡᠮᠬᠢ ᠵᠢᠷᠤᠮ ᠲᠠᠢ ᠪᠠᠶᠢᠵᠤ᠂ ᠲᠣᠣᠷᠵᠢᠭᠤᠯᠤᠯᠳᠠ ᠶᠢᠨ ᠸᠢᠴᠠᠲ ᠤᠨ ᠪᠦᠯᠦᠭᠯᠡᠯ ᠢᠶᠠᠷ ᠲᠣᠭᠤᠷᠢᠭ ᠤᠨ ᠵᠢᠯᠣᠭᠤᠳᠬᠤ ᠭᠠᠵᠠᠷ ᠤᠨ ᠪᠦᠬᠡᠮ ᠬᠦᠴᠢᠯ ᠤᠨ ᠪᠠᠶᠢᠴᠠᠭᠠᠯᠳᠠ ᠶᠢᠨ ᠠᠯᠪᠠᠨ ᠵᠠᠷᠯᠠᠯ ᠢ ᠳᠠᠮᠵᠢᠭᠤᠯᠤᠨ ᠲᠠᠷᠬᠠᠭᠠᠬᠤ — ᠪᠦᠬᠡᠮ ᠬᠦᠴᠢᠯ ᠤᠨ ᠪᠠᠶᠢᠴᠠᠭᠠᠯᠳᠠ ᠶᠢᠨ ᠴᠡᠭ ᠤᠨ ᠠᠵᠢᠯᠳᠠᠨ ᠢ ᠲᠤᠬᠢᠷᠠᠭᠤᠯᠬᠤ — ᠡᠳ᠋ ᠪᠣᠳᠠᠰ ᠲᠠᠷᠬᠠᠭᠠᠬᠤ —  ᠡᠯ᠎ᠡ ᠬᠤᠷᠢᠶᠠᠯᠠᠯ ᠤᠨ ᠠᠰᠠᠷ ᠤᠨ ᠪᠦᠬᠡᠮ ᠬᠦᠴᠢᠯ ᠤᠨ ᠪᠠᠶᠢᠴᠠᠭᠠᠯᠳᠠ ᠬᠢᠬᠦ ᠲᠡᠰ ᠳᠠᠷᠠᠭᠠᠯᠠᠯ ᠢ ᠲᠣᠭᠲᠠᠭᠠᠬᠤ — ᠬᠤᠷᠢᠶᠠᠯᠠᠯ ᠤᠨ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ ᠵᠡᠷᠭᠡ ᠨᠡᠭᠦᠳᠡᠯ ᠬᠥᠮᠦᠰ ᠢ ᠬᠤᠪᠢᠶᠠᠷᠢᠯᠠᠬᠤ — ᠲᠣᠭᠤᠷᠢᠭ ᠤᠨ ᠪᠦᠬᠡᠮ ᠬᠦᠴᠢᠯ ᠤᠨ ᠪᠠᠶᠢᠴᠠᠭᠠᠯᠳᠠ ᠬᠢᠬᠦ ᠱᠠᠭᠠᠷᠳᠠᠯᠭ᠎ᠠ ᠶᠢ ᠲᠣᠳᠣᠷᠬᠠᠶᠢᠯᠠᠬᠤ — ᠪᠠᠶᠢᠴᠠᠭᠠᠯᠲᠠ ᠬᠢᠬᠦ —  ᠪᠠᠶᠢᠴᠠᠭᠠᠬᠤ ᠵᠤᠬᠢᠰᠳᠠᠢ ᠲᠤᠭ᠎ᠠ ᠪᠠᠷᠢᠮᠲᠠ ᠶᠢ ᠬᠠᠷᠭᠤᠭᠤᠯᠬᠤ — ᠡᠬᠦᠳᠡᠨ ᠳᠤᠨᠢ ᠬᠦᠷᠴᠦ ᠨᠦᠬᠦᠵᠤ ᠪᠠᠶᠢᠴᠠᠭᠠᠬᠤ — ᠲᠡᠬᠦᠰᠬᠦ ᠵᠡᠷᠬᠡ ᠲᠣᠭᠲᠠᠮᠠᠯ ᠲᠡᠰ ᠲᠠᠷᠠᠭᠠᠯᠠᠯ ᠢ ᠪᠦᠷᠢᠯᠳᠦᠬᠦᠯᠵᠡᠢ︔ ᠬᠠᠮᠢᠶᠠᠷᠤᠯᠲᠠ ᠨᠢ ᠡᠮᠬᠢ ᠵᠢᠷᠤᠮ ᠲᠠᠢ ᠪᠠᠶᠢᠵᠤ᠂ ᠤᠷᠢᠳᠴᠢᠯᠠᠨ ᠲᠣᠭᠲᠠᠭᠠᠭᠰᠠᠨ ᠳᠠᠷᠠᠭᠠᠯᠠᠯ ᠶᠣᠰᠣᠭᠠᠷ ᠠᠰᠠᠷ ᠳᠤᠤᠷ᠎ᠠ ᠨᠢ ᠬᠦᠷᠴᠦ ᠵᠢᠵᠢᠭ ᠯᠠᠪᠠᠷ ᠢᠶᠠᠷ ᠬᠠᠰᠬᠢᠷᠴᠤ ᠲᠠᠭᠤᠳᠠᠬᠤ — ᠲᠤᠬᠠᠶ ᠶᠢᠨ ᠲᠠᠯᠠᠪᠠᠢ ᠎ ᠶᠢᠨ ᠡᠮᠬᠢ ᠵᠢᠷᠤᠮ ᠢ ᠬᠠᠮᠠᠭᠠᠯᠠᠬᠤ ᠪᠠ ᠬᠠᠮᠢᠶᠠᠷᠬᠤ ᠬᠥᠮᠦᠨ ᠲᠠᠢ —  ᠪᠦᠬᠡᠮ ᠬᠦᠴᠢᠯ ᠤᠨ ᠪᠠᠶᠢᠴᠠᠭᠠᠯᠳᠠ ᠬᠢᠭᠰᠡᠨ ᠲᠡᠮᠳᠡᠭ ᠢᠯᠡᠷᠬᠡᠶᠢᠯᠡᠯ ᠢ ᠲᠤᠰᠬᠠᠶ ᠬᠥᠮᠦᠨ ᠲᠠᠷᠬᠠᠭᠠᠬᠤ —  ᠲᠤᠰᠬᠠᠢ ᠬᠦᠮᠦᠨ ᠲᠤᠬᠢᠷᠠᠭᠤᠯᠵᠤ ᠪᠦᠬᠡᠮ ᠬᠦᠴᠢᠯ ᠤᠨ ᠪᠠᠶᠢᠴᠠᠭᠠᠯᠳᠠ ᠪᠠᠨ ᠬᠢᠵᠤ ᠪᠠᠷᠠᠮᠠᠬᠴᠠ ᠪᠤᠴᠠᠬᠤ ᠶᠢ ᠢᠳᠬᠠᠬᠤ ᠵᠡᠷᠬᠡ ᠪᠥᠬᠦ ᠶᠠᠪᠤᠴᠠ ᠶᠢᠨ ᠬᠠᠮᠢᠶᠠᠷᠤᠨ ᠡᠵᠡᠮᠳᠡᠬᠦ ᠲᠠᠰ ᠳᠠᠷᠠᠭᠠᠯᠠᠯ ᠢ ᠪᠦᠷᠢᠯᠳᠦᠭᠦᠯᠪᠠ︔ ᠳᠠᠮᠵᠢᠭᠤᠯᠤᠨ ᠲᠡᠭᠡᠭᠡᠪᠦᠷᠢᠯᠡᠬᠦ ᠨᠢ ᠡᠮᠬᠢ ᠵᠢᠷᠤᠮ ᠲᠠᠢ ᠪᠠᠶᠢᠵᠤ᠂ ᠲᠤᠤᠷᠵᠢᠭᠤᠯᠤᠯᠳᠠ ᠶᠢᠨ ᠠᠵᠢᠯᠲᠠᠨ ᠬᠢᠭᠡᠳ ᠳᠠᠮᠵᠢᠭᠤᠯᠤᠨ ᠵᠥᠭᠡᠭᠡᠪᠦᠷᠢᠯᠡᠭᠴᠢ ᠶᠢᠨ ᠬᠤᠭᠤᠷᠤᠨᠳᠤ ᠴᠡᠭ ᠎ ᠨᠢ ᠴᠡᠭ ᠲᠠᠢ ᠬᠠᠷᠢᠯᠴᠠᠬᠤ᠂ ᠴᠡᠭ ᠤᠨ ᠲᠠᠷᠤᠭ᠎ᠠ ᠶᠢᠨ ᠭᠠᠷ ᠠᠴᠠ ᠰᠢᠭᠤᠳ ᠳᠠᠮᠵᠢᠭᠤᠯᠤᠨ ᠵᠥᠭᠡᠭᠡᠪᠦᠷᠢᠯᠡᠭᠴᠢ ᠶᠢᠨ ᠭᠠᠷ ᠲᠤ ᠳᠠᠮᠵᠢᠭᠤᠯᠬᠤ᠂ ᠡᠮᠴᠢ ᠰᠤᠪᠢᠯᠠᠭᠴᠢ᠂ ᠮᠡᠳᠡᠭᠡ ᠵᠠᠩᠭᠢᠴᠢᠨ᠂ ᠴᠡᠭ ᠤᠨ ᠲᠠᠷᠤᠭ᠎ᠠ᠂ ᠳᠠᠮᠵᠢᠭᠤᠯᠤᠨ ᠵᠥᠭᠡᠭᠡᠪᠦᠷᠢᠯᠡᠭᠴᠢ ᠳᠥᠷᠪᠡᠨ ᠲᠠᠯ᠎ᠠ ᠪᠠᠷ ᠢᠶᠠᠨ ᠬᠠᠮᠲᠤ ᠪᠠᠷ ᠲᠤᠰᠢᠶᠠᠵᠤ ᠭᠥᠯᠢᠶᠡᠨ ᠠᠪᠬᠤ ᠠᠵᠢᠯ ᠤᠨ ᠲᠣᠭᠲᠠᠴᠠ ᠶᠢ ᠪᠣᠶ ᠪᠣᠯᠭᠠᠵᠤ᠂ ᠳᠠᠮᠵᠢᠭᠤᠯᠤᠨ ᠲᠡᠭᠡᠭᠡᠪᠦᠷᠢᠯᠡᠬᠦ ᠶᠢ ᠴᠠᠭ ᠲᠤᠬᠠᠶ ᠳᠤᠨᠢ ᠬᠦᠢᠴᠡᠳᠬᠡᠬᠦ᠂ ᠲᠤᠭ᠎ᠠ ᠬᠡᠮᠵᠢᠶ᠎ᠡ ᠨᠢ ᠠᠯᠳᠠᠭ᠎ᠠ ᠪᠤᠷᠤᠭᠤ ᠥᠬᠡᠶ ᠪᠠᠶᠢᠬᠤ ᠶᠢ ᠦᠨᠡᠨᠬᠦ ᠪᠠᠲᠤᠯᠠᠪᠠ︔ ᠪᠠᠴᠢᠮ ᠪᠠᠶᠢᠳᠠᠯ ᠢ ᠠᠷᠭᠠᠴᠠᠭᠠᠬᠤ ᠨᠢ ᠡᠮᠬᠢ ᠵᠢᠷᠤᠮ ᠲᠠᠢ ᠪᠠᠶᠢᠵᠤ᠂ ᠡᠯ᠎ᠡ ᠬᠤᠷᠢᠶᠠᠯᠠᠯ ᠳᠤ ᠠᠷᠭ᠎ᠠ ᠴᠢᠨᠠᠷᠲᠠᠶ ᠬᠦᠮᠦᠨ ᠢᠯᠡᠷᠡᠭᠰᠡᠨ ᠲᠠᠷᠤᠢ ᠬᠡᠷᠬᠢᠨ ᠠᠷᠭᠠᠴᠠᠭᠠᠬᠤ ᠲᠤᠬᠠᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠪᠠ᠃ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ᠤᠨ ᠲᠠᠶᠢᠯᠤᠮᠵᠢ︾᠎ ᠶᠢᠨ ᠶᠢᠰᠦᠳᠦᠭᠡᠷ ᠬᠡᠪᠯᠡᠯ ᠤᠨ ᠱᠠᠭᠠᠷᠳᠠᠯᠭ᠎ᠠ ᠶᠣᠰᠣᠭᠠᠷ᠂ ᠨᠡᠶᠢᠭᠡᠮ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠪᠡᠯᠡᠳᠬᠡᠯ ᠲᠥᠰᠦᠯ ᠳᠤ ᠵᠡᠭᠡᠯᠢ ᠭᠤᠳᠤᠮᠵᠢ ᠶᠢᠨ ᠣᠷᠣᠨ ᠪᠦᠰᠡ ᠶᠢᠨ ᠬᠠᠷᠢᠭᠤᠴᠠᠯᠭᠠᠲᠠᠨ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ᠂ ᠡᠬᠦᠳᠡᠨ ᠳᠤᠨᠢ ᠬᠦᠷᠴᠦ ᠦᠶᠯᠡᠴᠢᠯᠡᠬᠦ ᠳᠤᠭᠤᠶᠢᠯᠠᠩ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠤᠭᠤᠶᠢᠯᠠᠩ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠳᠤᠭᠤᠶᠢᠯᠠᠩ ᠭᠡᠵᠦ ᠬᠤᠪᠢᠶᠠᠨ᠂ ᠠᠵᠢᠯᠲᠠᠨ ᠨᠢᠭᠡᠪᠦᠷᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠴᠢᠮ ᠪᠠᠶᠢᠳᠠᠯ ᠭᠠᠷᠪᠠᠯ᠂ ᠴᠠᠭ ᠲᠤᠬᠠᠶ ᠳᠤᠨᠢ ᠴᠤᠤᠷᠢᠶᠠᠲᠤᠨ ᠳᠠᠭᠠᠵᠤ᠂ ᠨᠡᠶᠢᠭᠡᠮ ᠲᠣᠭᠤᠷᠢᠭ ᠤᠨ ᠡᠯ᠎ᠡ ᠵᠦᠶᠯ ᠤᠨ ᠠᠵᠢᠯ ᠢ ᠡᠮᠬᠢ ᠵᠢᠷᠤᠮ ᠲᠠᠢ ︽ ᠶᠠᠪᠤᠬᠳᠠᠭᠤᠯᠬᠤ︾᠎ ᠶᠢ ᠪᠠᠲᠤᠯᠠᠵᠠᠢ᠃      ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠨᠢ ᠠᠷᠠᠳ ᠤᠨ ᠰᠡᠳᠬᠢᠯ ᠢ ︽ᠳᠤᠯᠠᠭᠠᠴᠠᠭᠤᠯᠵᠤ︾᠂ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠠᠷᠠᠳ ᠤᠨ ᠪᠠᠶᠢᠳᠠᠯ ᠢ ᠲᠣᠭᠲᠠᠭᠤᠨ ᠪᠠᠶᠢᠯᠭᠠᠬᠤ︾᠎ ᠶᠢ ᠦᠨᠡᠨ ᠬᠦ ᠪᠠᠲᠤᠯᠠᠪᠠ᠃ ᠰᠠᠭᠤᠭᠠᠯᠢ ᠠᠷᠠᠳ ᠤᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠶᠢᠨ ︽ᠬᠤᠶᠠᠷ ᠱᠤᠭᠤᠮ︾᠎ ᠤᠨ ᠠᠵᠢᠯᠯᠠᠬᠤ ᠠᠷᠭ᠎ᠠ ᠶᠢ ᠠᠪᠴᠤ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠵᠠᠢ᠃ ᠰᠦᠯᠵᠢᠶᠡᠨ ᠳᠡᠭᠡᠷ᠎ᠡ᠂ ᠬᠤᠲᠠ᠂ ᠲᠣᠭᠤᠷᠢᠭ ᠠᠴᠠ ᠲᠤᠬᠳᠠᠭᠠᠬᠰᠠᠨ ᠰᠦᠯᠵᠢᠶᠡᠨ ᠳᠡᠭᠡᠷ᠎ᠡ ᠬᠤᠳᠠᠯᠳᠤᠨ ᠠᠪᠬᠤ ᠵᠢᠵᠢᠭ ᠫᠷᠤᠭ᠍ᠷᠠᠮ ᠢᠶᠠᠷ ᠭᠤᠤᠯ ᠪᠣᠯᠭᠠᠵᠤ᠂ ᠲᠤᠤᠷᠵᠢᠭᠤᠯᠤᠯᠳᠠ ᠶᠢᠨ ᠸᠢᠴᠠᠲ ᠤᠨ ᠪᠦᠯᠦᠭᠯᠡᠯ ᠲᠡᠭᠡᠷ᠎ᠡ ᠬᠤᠳᠠᠯᠳᠤᠨ ᠠᠪᠬᠤ ᠪᠠ ᠤᠲᠠᠰᠤ ᠪᠠᠷ ᠵᠠᠬᠢᠶᠠᠯᠠᠬᠤ ᠪᠠᠷ ᠬᠠᠪᠰᠤᠷᠤᠮᠵᠢ ᠪᠣᠯᠭᠠᠵᠤ᠂ ᠵᠠᠯᠠᠭᠤᠴᠤᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠶᠢᠨ ᠬᠠᠮᠲᠤ᠂ ᠨᠡᠶᠢᠭᠡᠮ ᠲᠣᠭᠤᠷᠢᠭ ᠨᠢ ᠬᠤᠷᠢᠶᠠᠯᠠᠯ ᠨᠢᠬᠡᠪᠦᠷᠢ ᠶᠢᠨ ᠡᠭᠦᠳᠡᠨ ᠳᠤ ︽ᠬᠠᠮᠢᠶᠠᠷᠤᠨ ᠡᠵᠡᠮᠳᠡᠬᠦ ᠡᠳ᠋ ᠪᠣᠳᠠᠰ ᠢ ᠲᠤᠰᠴᠤ ᠠᠪᠬᠤ ᠴᠡᠭ︾ ᠭᠠᠷᠭᠠᠵᠤ᠂ ᠪᠣᠶ ᠪᠥᠬᠦᠶ ᠬᠦᠷᠭᠡᠬᠦ ᠡᠳ᠋ ᠪᠣᠳᠠᠰ ᠢ ᠲᠤᠰᠴᠤ ᠠᠪᠬᠤ ᠴᠡᠭ ᠲᠤ ᠬᠦᠷᠭᠡᠭᠰᠡᠨ ᠤ ᠰᠡᠬᠦᠯᠡᠷ᠂ ᠬᠤᠷᠢᠶᠠᠯᠠᠯ ᠤᠨ ᠵᠢᠵᠢᠭᠦᠷᠯᠡᠨ ᠰᠠᠬᠢᠵᠤ ᠪᠠᠶᠢᠭ᠎ᠠ ᠠᠵᠢᠯᠳᠠᠨ ᠠᠴᠠ ᠠᠷᠢᠭᠤᠳᠬᠠᠭᠰᠠᠨ ᠤ ᠳᠠᠷᠠᠭ᠎ᠠ᠂ ᠬᠤᠷᠢᠶᠠᠯᠠᠯ ᠤᠨ ᠰᠠᠭᠤᠭᠠᠯᠢ ᠠᠷᠠᠳ ᠡᠮᠬᠢ ᠵᠢᠷᠤᠮ ᠲᠠᠢ ᠪᠠᠷ ᠦᠪᠡᠷ ᠦᠪᠡᠷ ᠤᠨ ᠪᠤᠳᠠᠰ ᠢᠶᠠᠨ ᠠᠪᠴᠤ ᠶᠠᠪᠤᠨ᠎ᠠ︔ ᠪᠤᠳᠠᠳᠤ ᠴᠤᠬᠴᠠ ᠶᠢᠨ ᠬᠤᠪᠢ ᠳᠤ᠂ ᠦᠳᠡᠯᠦᠭᠰᠡᠨ᠂  ᠡᠪᠡᠳᠴᠢᠨ ᠲᠠᠢ᠂ ᠵᠡᠮᠳᠡᠭ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠬᠥᠮᠦᠰ ᠲᠤ ᠬᠠᠨᠳᠤᠭᠤᠯᠤᠨ᠂ ︽ᠰᠠᠭᠤᠭᠠᠯᠢ ᠠᠷᠠᠳ ᠵᠠᠬᠢᠶᠠᠯᠠᠭ᠎ᠠ ᠲᠤᠰᠢᠶᠠᠬᠤ᠂ ᠲᠤᠤᠷᠵᠢᠭᠤᠯᠤᠯᠳᠠ ᠎ ᠶᠢᠨ ᠠᠵᠢᠯᠲᠠᠨ ᠵᠠᠬᠢᠶᠠᠯᠠᠭ᠎ᠠ ᠶᠢ ᠬᠦᠯᠢᠶᠡᠨ ᠠᠪᠬᠤ᠂ ᠨᠡᠶᠢᠭᠡᠮ ᠲᠣᠭᠤᠷᠢᠭ ᠤᠨ ᠬᠠᠮ ᠳᠡᠯᠭᠡᠭᠦᠷ ᠠᠴᠠ ᠵᠠᠬᠢᠶᠠᠯᠠᠭ᠎ᠠ ᠎ ᠶᠢ ᠪᠠᠳᠤᠯᠠᠬᠤ︾ ᠲᠤᠤᠷᠵᠢᠭᠤᠯᠤᠯᠳᠠ ᠶᠢᠨ ᠬᠠᠩᠭᠠᠯᠭ᠎ᠠ ᠶᠢ ᠪᠠᠲᠤᠯᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠪᠡ᠃ ᠨᠡᠶᠢᠭᠡᠮ ᠲᠣᠭᠤᠷᠢᠭ ᠤᠨ ︽ᠲᠤᠤᠷᠵᠢᠭᠤᠯᠤᠯᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠪᠠᠲᠤᠯᠠᠬᠤ ᠬᠦᠮᠦᠰ︾ ᠪᠠ ᠪᠠᠭᠤᠷᠠᠶᠢᠴᠤᠤᠯ ᠤᠨ ︽ᠬᠠᠶᠢᠷ᠎ᠠ ᠬᠠᠯᠠᠮᠵᠢ ᠶᠢᠨ ᠡᠬᠡ ᠲᠠᠩᠰᠠ︾  ᠎ ᠶᠢ ᠪᠠᠶᠢᠭᠤᠯᠬᠤ — ᠬᠠᠷᠢᠶ᠎ᠠ ᠣᠷᠣᠨ ᠤ ᠬᠤᠳᠠᠯᠳᠤᠭ᠎ᠠ ᠬᠠᠮ ᠲᠡᠯᠬᠡᠬᠦᠷ ᠤᠨ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠬᠤ —᠎  ᠶᠡᠷᠦᠩᠬᠡᠶᠢᠯᠡᠨ ᠵᠠᠳᠠᠯᠵᠤ ᠪᠤᠳᠤᠬᠤ — ᠬᠠᠩᠭᠠᠯᠭ᠎ᠠ ᠶᠢ ᠪᠠᠲᠤᠯᠠᠬᠤ ᠬᠤᠳᠠᠯᠳᠤᠭ᠎ᠠ ᠲᠡᠯᠬᠡᠬᠦᠷ ᠢ ᠲᠣᠭᠲᠠᠭᠠᠬᠤ — ᠲᠣᠬᠢᠷᠠᠭᠤᠯᠤᠨ ᠬᠦᠷᠭᠡᠬᠦ ᠴᠤᠪᠤᠷᠠᠯ ᠵᠢᠷᠤᠭ ᠪᠠ ᠲᠣᠬᠢᠷᠠᠭᠤᠯᠤᠨ ᠬᠦᠷᠭᠡᠬᠦ ᠠᠵᠢᠯᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢᠨ ᠨᠠᠷᠢᠨ ᠵᠦᠶᠯᠡᠰ ᠢ ᠲᠣᠭᠲᠠᠭᠠᠬᠤ — ᠲᠤᠤᠷᠵᠢᠭᠤᠯᠤᠯᠳᠠ ᠎ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠪᠠᠲᠤᠯᠠᠬᠤ ᠬᠦᠮᠦᠰ ᠲᠤ ᠬᠤᠳᠠᠯᠳᠤᠨ ᠠᠪᠬᠤ ᠬᠡᠷᠡᠭᠴᠡᠭᠡ ᠎ ᠶᠢ ᠳᠠᠮᠵᠢᠭᠤᠯᠤᠨ ᠥᠭᠬᠦ ᠪᠤᠶᠤ ︽ᠬᠠᠶᠢᠷ᠎ᠠ ᠬᠠᠯᠠᠮᠵᠢ ᠶᠢᠨ ᠡᠬᠡ ᠲᠠᠩᠰᠠ︾᠎ ᠶᠢᠨ ᠠᠵᠢᠯᠲᠠᠨ ᠳᠤ ᠤᠲᠠᠰᠤᠳᠠᠵᠤ ᠬᠠᠯᠠᠮᠵᠢᠯᠠᠬᠤ᠂ ᠡᠬᠦᠳᠡᠨ ᠳᠤᠨᠢ ᠬᠦᠷᠴᠦ ᠦᠶᠯᠡᠴᠢᠯᠡᠬᠦ ᠱᠠᠭᠠᠷᠳᠠᠯᠭ᠎ᠠ ᠶᠢ ᠲᠣᠭᠲᠠᠭᠠᠬᠤ — ᠲᠤᠤᠷᠵᠢᠭᠤᠯᠤᠯᠳᠠ ᠎ ᠶᠢᠨ ᠠᠵᠢᠯᠲᠠᠨ ᠤ ᠬᠦᠯᠢᠶᠡᠨ ᠠᠪᠤᠬᠰᠠᠨ ᠵᠠᠬᠢᠶᠠᠯᠠᠭ᠎ᠠ ᠶᠢᠨ ᠬᠠᠭᠤᠳᠠᠰᠤ ᠶᠢ ᠪᠦᠷᠢᠳᠬᠡᠬᠦ — ᠬᠠᠩᠭᠠᠯᠭ᠎ᠠ ᠶᠢ ᠪᠠᠲᠤᠯᠠᠬᠤ ᠬᠠᠮ ᠳᠡᠯᠭᠡᠭᠦᠷ ᠲᠤ ᠲᠣᠬᠢᠷᠠᠭᠤᠯᠤᠨ ᠬᠦᠷᠭᠡᠬᠦ ᠶᠢ ᠮᠡᠳᠡᠭᠳᠡᠬᠦ — ᠲᠤᠤᠷᠵᠢᠭᠤᠯᠤᠯᠳᠠ ᠶᠢᠨ ᠠᠵᠢᠯᠲᠠᠨ ᠬᠠᠷᠢᠭᠤ ᠰᠤᠷᠪᠤᠯᠵᠢᠯᠠᠬᠤ ᠵᠡᠷᠬᠡ ᠲᠡᠰ ᠲᠠᠷᠠᠭᠠᠯᠠᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠲᠣᠭᠲᠠᠴᠠ ᠎ ᠶᠢ ᠪᠦᠷᠢᠯᠳᠦᠬᠦᠯᠵᠡᠢ᠃ ᠡᠭᠦᠨ ᠤ ᠬᠠᠮᠲᠤ᠂ ᠨᠡᠶᠢᠭᠡᠮ ᠲᠣᠭᠤᠷᠢᠭ ᠠᠴᠠ ᠬᠠᠷᠢᠶ᠎ᠠ ᠤᠷᠤᠨ ᠤ ᠲᠤᠳᠤᠷᠠᠬᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ ᠳᠤ ᠦᠨ᠎ᠡ ᠲᠥᠯᠥᠪᠦᠷᠢ ᠥᠬᠡᠶ ᠪᠠᠷ ᠢᠳᠡᠰᠢᠨ ᠨᠣᠭᠤᠭ᠎ᠠ ᠬᠦᠷᠭᠡᠨ ᠥᠭᠴᠦ᠂ ᠲᠡᠳᠡᠨ ᠤ ᠬᠡᠪ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠨ᠂ ᠰᠠᠭᠤᠭᠠᠯᠢ ᠠᠷᠠᠳ ᠤᠨ ᠰᠡᠳᠬᠢᠯ ᠢ ᠦᠨᠡᠨ ᠬᠦ ᠳᠤᠯᠠᠭᠠᠴᠠᠭᠤᠯᠵᠠᠶ᠃  ︵ᠢᠷᠡᠯᠳᠡ᠄ ᠨᠥᠬᠦᠷᠯᠡᠯ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号