ᠬᠥᠨᠳᠡᠯᠡᠨ ᠲᠣᠭᠤᠷᠢᠭ ᠴᠡᠪᠡᠷ ᠨᠡᠭᠦᠷᠡᠰᠦ ᠬᠤᠳᠠᠯᠳᠤᠬᠤ ᠭᠤᠷᠪᠠᠨ ᠴᠡᠭ ᠢ ᠭᠠᠷᠭᠠᠵᠤ᠂ ᠬᠢᠵᠢᠭ ᠤᠨ ᠪᠠᠶᠢᠳᠠᠯ ᠳᠣᠣᠷ᠎ᠠ ᠬᠦᠮᠦᠰ ᠲᠤ ᠬᠠᠶᠢᠷ᠎ᠠ ᠬᠠᠯᠠᠮᠵᠢ ᠬᠦᠷᠭᠡᠪᠡ
ᠨᠡᠶᠢᠲᠡᠯᠡᠭᠰᠡᠨ ᠴᠠᠭ᠄
2022/11/4
      ᠭᠤᠷᠪᠠᠨ ᠬᠤᠳᠠᠯᠳᠤᠬᠤ ᠴᠡᠭ ᠨᠢ ᠲᠣᠰ ᠲᠣᠰ ᠾᠧ ᠫᠢᠩ ᠲᠣᠰᠬᠤᠨ ᠤ ᠨᠡᠭᠦᠷᠡᠰᠦᠨ ᠬᠥᠮᠥᠷᠭᠡ᠂ ᠬᠡᠷᠡᠮ ᠲᠣᠰᠬᠤᠨ ᠤ  ᠨᠡᠭᠦᠷᠡᠰᠦ ᠬᠤᠳᠠᠯᠳᠤᠬᠤ ᠴᠡᠭ ᠵᠢᠴᠢ ᠡᠮᠦᠨ᠎ᠡ ᠫᠠᠢ ᠲᠣᠰᠬᠤᠨ ᠤ ᠨᠡᠭᠦᠷᠡᠰᠦ ᠬᠤᠳᠠᠯᠳᠤᠬᠤ ᠴᠡᠭ ᠪᠣᠯᠤᠨ᠎ᠠ᠃ 10 ᠰᠠᠷ᠎ᠠ ᠶᠢᠨ 22 ᠤᠨ ᠡᠳᠦᠷ᠂ 80 ᠲᠣᠨ ᠴᠡᠪᠡᠷ ᠨᠡᠭᠦᠷᠡᠰᠦ ᠶᠢ ᠾᠧ ᠫᠢᠩ ᠲᠣᠰᠬᠤᠨ ᠤ ᠨᠡᠭᠦᠷᠡᠰᠦᠨ ᠬᠥᠮᠥᠷᠭᠡ ᠪᠠ ᠡᠮᠦᠨ᠎ᠡ ᠫᠠᠢ ᠲᠣᠰᠬᠤᠨ ᠤ ᠨᠡᠭᠦᠷᠡᠰᠦ ᠬᠤᠳᠠᠯᠳᠤᠬᠤ ᠴᠡᠭ ᠲᠤ ᠤᠷᠤᠭᠰᠢᠲᠠᠶ ᠬᠦᠷᠭᠡᠵᠦ᠂ ᠣᠶᠢᠷ᠎ᠠ ᠶᠢᠨ ᠬᠤᠭᠤᠴᠠᠭᠠᠨ ᠤ ᠰᠠᠭᠤᠭᠠᠯᠢ ᠡᠷᠦᠬᠡ ᠶᠢᠨ ᠳᠤᠯᠠᠭᠠᠯᠠᠭ᠎ᠠ ᠶᠢᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠴᠡᠪᠡᠷ ᠨᠡᠭᠦᠷᠡᠰᠦ ᠶᠢ ᠬᠠᠩᠭᠠᠬᠤ ᠳᠠᠭᠠᠨ ᠭᠤᠤᠯᠳᠠᠭᠤ᠂  ︽ᠬᠠᠷᠢᠶ᠎ᠠ ᠭᠠᠵᠠᠷ ᠣᠷᠣᠨ ᠳᠤᠨᠢ ᠬᠠᠮᠢᠶᠠᠷᠤᠭᠤᠯᠬᠤ᠂ ᠠᠵᠤ ᠠᠬᠤᠶᠢᠯᠠᠯ ᠬᠠᠮᠵᠢᠯᠴᠠᠬᠤ᠂ ᠵᠠᠰᠠᠭ ᠤᠨ ᠣᠷᠳᠣᠨ ᠨᠥᠬᠦᠪᠥᠷᠢ ᠥᠭᠬᠦ︾ ᠵᠠᠷᠴᠢᠮ ᠢ ᠬᠡᠷᠡᠭᠵᠢᠬᠦᠯᠵᠤ᠂ ᠬᠠᠷᠢᠶ᠎ᠠ ᠭᠠᠵᠠᠷ ᠤᠨ ᠬᠡᠷᠡᠭ ᠡᠷᠬᠢᠯᠡᠬᠦ ᠭᠠᠵᠠᠷ ᠠᠴᠠ ᠰᠠᠭᠤᠭᠠᠯᠢ ᠠᠷᠠᠳ ᠤᠨ ᠬᠡᠷᠡᠭᠰᠡᠬᠦ ᠲᠤᠭ᠎ᠠ ᠬᠡᠮᠵᠢᠶ᠎ᠡ ᠶᠢ ᠵᠢᠭᠰᠠᠭᠠᠨ ᠪᠠᠶᠢᠴᠠᠭᠠᠵᠤ᠂ ᠲᠤᠤᠷ᠎ᠠ ᠲᠦᠭᠰᠢᠭᠦᠷᠢ ᠲᠠᠢ ᠣᠷᠣᠨ ᠪᠦᠰᠡ ᠶᠢᠨ ᠠᠵᠤ ᠠᠬᠤᠶᠢᠯᠠᠯ ᠨᠢ ᠴᠡᠪᠡᠷ ᠨᠡᠭᠦᠷᠡᠰᠦ ᠶᠢ ᠰᠠᠭᠤᠭᠠᠯᠢ ᠡᠷᠦᠬᠡ ᠶᠢᠨ ᠡᠭᠦᠳᠡᠨ ᠳᠤ ᠲᠡᠭᠡᠭᠡᠪᠦᠷᠢᠯᠡᠨ ᠬᠦᠷᠭᠡᠨ᠎ᠡ︔ ᠳᠤᠮᠳᠠ᠂  ᠦᠨᠳᠦᠷ ᠲᠦᠭᠰᠢᠭᠦᠷᠢ ᠲᠠᠢ ᠣᠷᠣᠨ ᠪᠦᠰᠡ ᠶᠢᠨ ᠠᠵᠤ ᠠᠬᠤᠶᠢᠯᠠᠯ  ᠪᠤᠯ ᠬᠠᠷᠢᠶ᠎ᠠ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠲᠣᠭᠲᠠᠭᠠᠭᠰᠠᠨ ᠣᠷᠣᠨ ᠪᠠᠶᠢᠷᠢ ᠳᠤ ᠬᠦᠷᠬᠡᠨ ᠦᠭᠴᠦ᠂ ᠬᠡᠷᠡᠭ ᠡᠷᠬᠢᠯᠡᠬᠦ ᠭᠠᠵᠠᠷ ᠠᠴᠠ ᠲᠤᠰᠬᠠᠶ ᠬᠥᠮᠦᠨ ᠲᠣᠬᠢᠷᠠᠭᠤᠯᠤᠨ ᠬᠦᠷᠭᠡᠵᠦ᠂ ᠲᠣᠬᠢᠷᠠᠭᠤᠯᠤᠨ ᠬᠦᠷᠭᠡᠬᠦ ᠪᠦᠬᠦ ᠶᠠᠪᠤᠴᠠ ᠳᠤ ᠬᠦᠷᠦᠯᠴᠡᠬᠦ ᠦᠭᠡᠶ ᠪᠠᠶᠢᠬᠤ ᠶᠢ ᠦᠨᠡᠨᠬᠦ ᠪᠠᠲᠤᠯᠠᠨ᠂ ᠰᠣᠯᠪᠢᠴᠠᠨ ᠬᠠᠯᠳᠠᠪᠤᠷᠢᠯᠠᠬᠤ ᠠᠴᠠ ᠰᠡᠷᠭᠡᠶᠢᠯᠠᠪᠠ᠃ ᠨᠡᠬᠦᠷᠡᠰᠦ ᠰᠢᠳᠠᠭᠠᠬᠤ ᠶᠢ ᠴᠠᠭᠠᠵᠠᠯᠠᠬᠤ ᠣᠷᠣᠨ ᠤ ᠳᠣᠲᠣᠷᠠᠬᠢ ᠥᠭᠡᠷᠡᠴᠢᠯᠡᠨ ᠰᠠᠶᠢᠵᠢᠷᠠᠭᠤᠯᠬᠤ ᠳᠤ ᠬᠤᠯᠪᠣᠭᠳᠠᠬᠤ ᠡᠷᠦᠬᠡ ᠶᠢᠨ ᠬᠠᠯᠠᠭᠤᠨ ᠳᠤᠯᠠᠭᠠᠨ ᠢᠶᠠᠷ ᠬᠢᠵᠢᠭ ᠢ ᠡᠰᠡᠷᠭᠦᠴᠡᠬᠦ ᠶᠢ ᠪᠠᠲᠤᠯᠠᠵᠤ᠂ ᠰᠠᠭᠤᠭᠠᠯᠢ ᠡᠷᠦᠬᠡ ᠶᠢᠨ ᠨᠢᠳᠦᠨ ᠡᠮᠦᠨᠡᠬᠢ ᠪᠠᠴᠢᠮ ᠲᠤᠯᠭᠠᠮ ᠪᠠᠶᠢᠳᠠᠯ ᠢ ᠰᠢᠶᠳᠪᠦᠷᠢᠯᠡᠵᠦ᠂ ︽ᠠᠷᠠᠳ ᠲᠦᠮᠡᠨ ᠢᠶᠠᠨ ᠳᠡᠭᠡᠳᠦᠯᠡᠬᠦ︾᠂ ᠠᠷᠠᠳ ᠲᠦᠮᠡᠨ ᠳᠤ ᠦᠶᠯᠡᠴᠢᠯᠡᠬᠦ ᠣᠭ ᠰᠠᠨᠠᠭ᠎ᠠ ᠶᠢ ᠦᠶᠯᠡᠳᠦᠯᠭᠡᠵᠢᠭᠦᠯᠵᠦ᠂ ︽ᠠᠷᠠᠳ ᠲᠦᠮᠡᠨ ᠳᠤ ᠦᠶᠯᠡᠴᠢᠯᠡᠬᠦ︾ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠪᠡ᠃ ︵ ᠢᠷᠡᠯᠳᠡ᠄ ᠲᠤᠭᠤᠷᠢᠭ ᠤᠨ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠣᠪᠴᠢᠶ᠎ᠠ︶  
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号