ᠨᠥᠬᠦᠷᠯᠡᠯ ᠵᠡᠭᠡᠯᠢ ᠭᠤᠳᠤᠮᠵᠢ ᠶᠢᠨ ᠪᠤᠯᠤᠳ 36 ᠳ᠋ᠤᠭᠠᠷ ᠨᠡᠶᠢᠭᠡᠮ ᠲᠣᠭᠤᠷᠢᠭ ᠤᠨ ᠬᠠᠷᠢᠶᠠᠨ ᠳᠠᠬᠢ 8 | ᠬᠤᠷᠢᠶᠠᠯᠠᠯ ᠤᠨ ᠣᠯᠠᠩᠬᠢ ᠨᠢ ᠬᠠᠭᠤᠴᠢᠨ ᠬᠤᠷᠢᠶᠠᠯᠠᠯ ᠪᠠᠶᠢᠵᠤ᠂ ᠠᠳᠡ ᠰᠠᠭᠤᠵᠤ ᠪᠠᠶᠢᠭ᠎ᠠ ᠬᠥᠮᠦᠰ ᠤᠨ ᠳᠣᠲᠣᠷ᠎ᠠ | ᠦᠳᠡᠯᠦᠭᠰᠡᠨ᠂ ᠡᠪᠡᠳᠴᠢᠨ ᠲᠠᠢ᠂ ᠵᠡᠮᠳᠡᠭ ᠵᠡᠷᠭᠡ ᠪᠠᠭᠤᠷᠠᠶᠢᠴᠤᠤᠯ ᠨᠡᠯᠢᠶᠡᠳ ᠤᠯᠠᠨ ᠲᠤᠭ᠎ᠠ ᠶᠢ ᠡᠵᠡᠯᠡᠨ᠎ᠠ᠃ ᠲᠤᠰ | ᠡᠭᠡᠯᠵᠢ ᠶᠢᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ | ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ᠂ ᠨᠡᠶᠢᠭᠡᠮ | ᠲᠣᠭᠤᠷᠢᠭ ᠠᠴᠠ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠦᠳᠳᠡᠷ ᠲᠦᠷᠭᠡᠨ ᠡᠬᠢᠯᠡᠭᠦᠯᠵᠦ᠂ ᠴᠠᠭ | ᠮᠥᠴᠡ ᠲᠠᠢ ᠤᠷᠤᠯᠳᠤᠨ᠂ ᠲᠦᠷᠭᠡᠨ ᠬᠦᠳᠡᠯᠦᠯᠴᠡᠬᠦ ᠪᠠᠷ ᠳᠠᠮᠵᠢᠨ ᠲᠦᠷᠭᠡᠨ ᠲᠠᠷᠬᠠᠨ ᠲᠡᠯᠬᠡᠷᠡᠬᠦ ᠶᠢ ᠬᠤᠷᠢᠬᠯᠠᠪᠠ᠃ | | ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠᠬᠢ | ᠭᠤᠤᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠪᠠ ᠬᠤᠷᠢᠶᠠᠯᠠᠯ ᠤᠨ | ᠳᠣᠲᠣᠨ᠎ᠠ ᠭᠠᠳᠠᠨᠠᠬᠢ ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠷᠪᠠᠨ ᠠᠵᠢᠯ ᠤᠨ ᠭᠤᠤᠯ | ᠱᠤᠭᠤᠮ ᠤᠨ ᠲᠤᠭᠤᠷᠢᠨ ᠳᠤ᠂ ︽ᠠᠯᠢᠪᠠ ᠪᠦᠬᠦᠨ ᠲᠤᠳᠤᠷᠬᠠᠢ᠂ ᠬᠤᠶᠠᠷ ᠱᠤᠭᠤᠮ᠂ ᠭᠤᠷᠪᠠ ᠬᠠᠮᠲᠤᠷᠠᠨ | ᠬᠥᠳᠡᠯᠦᠯᠴᠡᠬᠦ᠂ ᠲᠦᠷᠪᠡ ᠡᠮᠬᠢ ᠵᠢᠷᠤᠮ ᠲᠠᠢ ᠪᠠᠶᠢᠬᠤ︾ ᠪᠠᠷ ᠳᠠᠮᠵᠢᠭᠤᠯᠤᠨ ᠰᠠᠭᠤᠭᠠᠯᠢ ᠠᠷᠠᠳ ︽ᠬᠡᠷ ᠠᠴᠠ ᠪᠠᠨ | ᠭᠠᠷᠬᠤ ᠦᠬᠡᠢ︾᠂ ᠠᠵᠢᠯ ᠢᠶᠠᠨ ︽ᠶᠠᠪᠤᠬᠳᠠᠭᠤᠯᠵᠤ︾᠂ ᠠᠷᠠᠳ ᠤᠨ ᠰᠡᠳᠬᠢᠯ ᠢ ︽ᠳᠤᠯᠠᠭᠠᠴᠠᠭᠤᠯᠬᠤ︾ ᠶᠢ | ᠪᠠᠲᠤᠯᠠᠵᠠᠢ᠃ | ᠬᠤᠷᠢᠶᠠᠯᠠᠯ ᠤᠨ ᠬᠠᠮᠢᠶᠠᠷᠤᠯᠲᠠ ᠡᠵᠡᠮᠳᠡᠯ ᠨᠢ ᠰᠠᠭᠤᠭᠠᠯᠢ ᠠᠷᠠᠳ ᠤᠨ ︽ᠬᠡᠷ ᠠᠴᠠ ᠪᠠᠨ ᠭᠠᠷᠬᠤ ᠦᠬᠡᠢ︾ | ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠲᠤᠳᠤᠨ᠎ᠠ ᠪᠠᠨ ᠳᠠᠬᠢᠨ ᠬᠠᠯᠳᠠᠪᠤᠷᠢᠯᠠᠨ | ᠲᠡᠯᠬᠡᠷᠡᠬᠦ ᠶᠢ ᠬᠤᠷᠢᠭᠯᠠᠬᠤ︾ ᠶᠢ ᠦᠨᠡᠨ ᠬᠦ ᠪᠠᠲᠤᠯᠠᠪᠠ᠃ ᠨᠢᠭᠡ ᠳᠤ᠂ ᠬᠤᠷᠢᠶᠠᠯᠠᠯ ᠤᠨ ᠪᠣᠶ ᠪᠥᠬᠦᠶ ᠣᠷᠣᠵᠤ | ᠭᠠᠷᠬᠤ ᠬᠤᠷᠢᠭ᠎ᠠ ᠴᠡᠭ ᠲᠤ ︽ᠠᠯᠢᠪᠠ ᠪᠦᠬᠦᠨ ᠲᠣᠳᠣᠷᠬᠠᠶ ᠪᠠᠶᠢᠬᠤ︾ ᠶᠢ ᠬᠡᠷᠡᠭᠵᠢᠭᠦᠯᠪᠠ᠃ ᠲᠠᠷᠤᠢ᠂ | ᠬᠤᠷᠢᠶᠠᠯᠠᠯ ᠢ ᠬᠠᠮᠢᠶᠠᠷᠤᠨ ᠡᠵᠡᠮᠳᠡᠬᠦ ᠵᠡᠷᠭᠡ ᠳᠡᠰ ᠢ ᠲᠣᠳᠣᠷᠬᠠᠶᠢᠯᠠᠵᠤ᠂ ᠲᠣᠪᠴᠢᠯᠠᠨ ᠡᠮᠬᠢᠳᠬᠡᠵᠦ ᠬᠤᠷᠢᠶᠠᠯᠠᠯ ᠢ | ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢᠨ ᠨᠠᠷᠢᠨ ᠲᠠᠩᠰᠠ ᠶᠢ ᠪᠦᠷᠢᠯᠳᠦᠭᠦᠯᠵᠠᠢ︔ ᠪᠥᠬᠦ ᠬᠤᠲᠠ ᠶᠢᠨ ᠬᠠᠷᠢᠯᠴᠠᠨ | ᠨᠡᠪᠲᠡᠷᠡᠯᠴᠡᠵᠦ ᠬᠠᠷᠢᠯᠴᠠᠨ ᠮᠡᠳᠡᠷᠡᠬᠦ ᠨᠡᠪᠲᠡᠷᠡᠬᠦ ᠦᠨᠡᠮᠯᠡᠯ ᠤᠨ ᠨᠠᠷᠢᠨ ᠬᠦᠰᠦᠨᠦᠭᠲᠦ ᠶᠢ ᠵᠣᠬᠢᠶᠠᠵᠤ᠂ ᠬᠤᠷᠢᠶᠠᠯᠠᠯ ᠤᠨ | ᠡᠭᠦᠳᠡᠨ ᠬᠠᠷᠠᠭᠤᠯ ᠤᠨ ᠭᠠᠵᠠᠷ ᠪᠠ ᠬᠤᠷᠢᠶᠠᠯᠠᠯ ᠤᠨ ᠲᠤᠳᠤᠷ᠎ᠠ ᠪᠦᠷᠢᠨ ᠠᠭᠤᠯᠭ᠎ᠠ ᠶᠢ ᠨᠠᠭᠠᠵᠤ᠂ ᠵᠢᠵᠢᠭᠦᠷᠯᠡᠵᠦ | ᠪᠠᠶᠢᠭ᠎ᠠ ᠬᠥᠮᠦᠰ ᠤᠨ ᠬᠠᠷᠭᠤᠭᠤᠯᠤᠨ ᠬᠡᠷᠡᠭᠵᠢᠭᠦᠯᠬᠦ ᠳᠤ ᠲᠥᠬᠦᠮ ᠦᠵᠡᠭᠦᠯᠬᠦ ᠶᠢᠨ ᠬᠠᠮᠲᠤ᠂ ᠰᠠᠭᠤᠭᠠᠯᠢ | ᠠᠷᠠᠳ ᠤᠨ ᠨᠠᠭᠠᠰᠢ ᠴᠠᠭᠠᠰᠢ ᠶᠠᠪᠤᠬᠤ ᠦᠬᠡᠢ ᠪᠠᠶᠢᠬᠤ ᠤᠬᠠᠮᠰᠠᠷᠲᠤ ᠴᠢᠨᠠᠷ ᠢ ᠴᠢᠩᠭᠠᠷᠠᠭᠤᠯᠵᠤ᠂ ᠰᠠᠭᠤᠭᠠᠯᠢ | ᠠᠷᠠᠳ ᠤᠨ ᠲᠥᠷᠥ ᠶᠢᠨ ᠪᠣᠳᠣᠯᠭ᠎ᠠ ᠶᠢ ᠲᠣᠳᠣᠷᠬᠠᠶ ᠮᠡᠳᠡᠬᠦ ᠥᠬᠡᠶ ᠠᠴᠠ ᠪᠣᠯᠵᠣ ᠵᠢᠭᠤᠷᠠᠯᠳᠤᠭᠠᠨ ᠡᠭᠦᠰᠬᠦ ᠠᠴᠠ | ᠵᠠᠶᠢᠯᠠᠰᠬᠢᠪᠡ᠃ ᠬᠤᠶᠠᠷ ᠲᠤ᠂ ᠠᠳᠠᠯᠢᠬᠠᠨ ᠨᠢᠬᠡ ᠬᠤᠷᠢᠶᠠᠯᠠᠯ ᠳᠤ ︽ᠨᠢᠭᠡ ᠳᠠᠭᠤᠨ︾ ᠢ ᠬᠡᠷᠡᠭᠵᠢᠭᠦᠯᠪᠠ᠃ ᠲᠠᠷᠤᠢ | ᠂ ᠬᠠᠮᠢᠶᠠᠷᠤᠨ ᠡᠵᠡᠮᠳᠡᠬᠦ ᠠᠵᠢᠯᠲᠠᠨ ᠨᠢ ᠨᠢᠭᠡ ᠭᠤᠤᠯ ᠴᠣᠭᠴᠠ ᠪᠠᠶᠢᠵᠤ᠂ ᠬᠠᠷᠢᠭᠤᠴᠠᠯᠭ᠎ᠠ ᠶᠢ ᠬᠥᠮᠦᠨ | ᠨᠢᠬᠡᠪᠦᠷᠢ ᠳᠤ ᠬᠦᠷᠳᠡᠯ᠎ᠡ ᠨᠠᠶᠢᠳᠠᠪᠤᠷᠢᠵᠢᠭᠤᠯᠵᠤ᠂ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠨᠢ ᠨᠢᠬᠡᠯᠡ ᠪᠠᠷᠢᠮᠵᠢᠶ᠎ᠠ | ᠪᠠᠶᠢᠵᠤ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ︽ᠬᠡᠷ ᠠᠴᠠ ᠪᠠᠨ ᠭᠠᠷᠬᠤ ᠥᠬᠡᠶ᠂ ᠡᠬᠦᠳᠡᠨ ᠳᠤᠨᠢ | ᠬᠦᠷᠴᠦ ᠦᠶᠯᠡᠴᠢᠯᠡᠬᠦ᠂ ᠬᠥᠮᠦᠨ ᠨᠢ ᠬᠤᠷᠢᠶᠠᠯᠠᠯ ᠠᠴᠠ ᠪᠠᠨ ᠭᠠᠷᠬᠤ ᠥᠬᠡᠶ᠂ ᠬᠦᠮᠦᠨ ᠴᠦᠬᠡᠨ ᠦᠶ᠎ᠠ ᠳᠤ | ᠪᠠᠷᠠᠭ᠎ᠠ ᠪᠠᠨ ᠠᠪᠬᠤ︾ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠰᠠᠭᠤᠭᠠᠯᠢ ᠠᠷᠠᠳ | ᠤᠨ ᠦᠨᠡᠨ ᠬᠦ ︽ ᠬᠡᠷ ᠠᠴᠠ ᠪᠠᠨ ᠭᠠᠷᠬᠤ ᠦᠬᠡᠢ︾ ᠪᠠᠶᠢᠬᠤ ᠶᠢ ᠪᠡᠶᠡᠯᠡᠬᠦᠯᠪᠡ᠃ | ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ︽ᠶᠠᠪᠤᠬᠳᠠᠭᠤᠯᠵᠤ︾᠂ ︽ᠪᠠᠶᠢᠴᠠᠭᠠᠬᠤ | ᠶᠣᠰᠣᠲᠠᠶ ᠶᠢ ᠨᠢ ᠪᠦᠬᠦᠨ ᠢ ᠪᠠᠶᠢᠴᠠᠭᠠᠵᠤ᠂ ᠡᠮᠬᠢ ᠵᠢᠷᠤᠮ ᠲᠠᠢ ᠥᠷᠨᠢᠭᠦᠯᠬᠦ︾ ᠶᠢ ᠦᠨᠡᠨ ᠬᠦ ᠪᠠᠲᠤᠯᠠᠪᠠ᠃ | ᠨᠢᠭᠡ ᠳᠤ᠂ ︽ᠭᠤᠷᠪᠠ ᠬᠠᠮᠲᠤᠷᠠᠨ ᠬᠥᠳᠡᠯᠦᠯᠴᠡᠬᠦ︾ ᠰᠠᠶᠢᠨ ᠳᠤᠷ᠎ᠠ ᠶᠢᠨ ᠦᠶᠯᠡᠴᠢᠯᠡᠭᠡ ᠪᠠᠷ ᠠᠵᠢᠯᠲᠠᠨ | ᠬᠦᠷᠦᠯᠴᠡᠬᠦ ᠥᠬᠡᠶ ᠠᠰᠠᠭᠤᠳᠠᠯ ᠢ ᠰᠢᠶᠳᠪᠦᠷᠢᠯᠡᠪᠡ᠃ ᠨᠡᠶᠢᠭᠡᠮ ᠲᠣᠭᠤᠷᠢᠭ ᠠᠴᠠ ᠰᠠᠨᠠᠭᠠᠴᠢᠯᠠᠭ᠎ᠠ ᠶᠢᠨ ᠪᠢᠴᠢᠭ | ᠨᠡᠶᠢᠳᠡᠯᠡᠵᠤ᠂ ᠰᠠᠭᠤᠭᠠᠯᠢ ᠠᠷᠠᠳ ᠪᠤᠯᠤᠨ ᠠᠰᠠᠷ ᠤᠨ ᠤᠷᠤᠴᠠ ᠶᠢᠨ ᠳᠠᠷᠤᠭ᠎ᠠ ᠵᠢᠴᠢ ᠲᠣᠭᠤᠷᠢᠭ ᠲᠤ ᠰᠠᠭᠤᠭ᠎ᠠ | ᠨᠢᠭᠡᠴᠢ ᠶᠢ ᠭᠦᠢᠴᠡᠳ ᠳᠠᠶᠢᠴᠢᠯᠠᠨ ᠬᠢᠵᠢᠭ ᠢ ᠡᠰᠡᠷᠭᠦᠴᠡᠬᠦ ᠠᠵᠢᠯ ᠳᠤ ᠣᠷᠣᠯᠴᠠᠭᠤᠯᠪᠠ᠂ ᠲᠤᠰ ᠡᠭᠡᠯᠵᠢ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠨᠡᠶᠢᠳᠡ 63 ᠠᠬᠠᠮᠠᠳ ᠨᠠᠮ ᠤᠨ ᠭᠡᠰᠢᠭᠦᠨ᠂ ᠬᠠᠯᠠᠭᠤᠨ | ᠰᠡᠳᠬᠢᠯᠳᠤ ᠰᠠᠭᠤᠭᠠᠯᠢ ᠠᠷᠠᠳ᠂ 50 ᠠᠰᠠᠷ ᠤᠨ ᠤᠷᠤᠴᠠ ᠶᠢᠨ ᠳᠠᠷᠤᠭ᠎ᠠ᠂ 8 ᠨᠢᠭᠡᠴᠢ ᠶᠢᠨ | ᠬᠠᠷᠢᠶ᠎ᠠᠲ᠋ᠣᠭᠤᠷᠢᠭ ᠶᠢᠨ 60 ᠰᠠᠶᠢᠨ ᠲᠤᠷᠠᠴᠤᠳ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠡᠷᠡᠯᠬᠡᠭᠯᠡᠨ | ᠲᠡᠮᠡᠴᠡᠵᠦ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠭᠤᠭᠴᠣᠭᠠᠨ ᠤ | ᠠᠵᠢᠯ ᠳᠤ ᠲᠦᠢᠯ ᠤᠨ ᠶᠡᠭᠡ ᠬᠤᠪᠢ ᠨᠡᠮᠡᠷᠢ ᠦᠵᠡᠭᠦᠯᠵᠡᠢ᠃ ᠬᠤᠶᠠᠷ ᠲᠤ᠂ ︽ᠲᠦᠷᠪᠡ ᠡᠮᠬᠢ ᠵᠢᠷᠤᠮ ᠲᠠᠢ | ᠪᠠᠶᠢᠬᠤ︾ ᠪᠠᠷ ᠪᠦᠬᠡᠮ ᠬᠦᠴᠢᠯ ᠤᠨ ᠪᠠᠶᠢᠴᠠᠭᠠᠯᠳᠠ ᠶᠢᠨ ᠠᠵᠢᠯ ᠤᠨ ᠵᠢᠷᠤᠮᠵᠢᠩᠭᠤᠢ ᠶᠠᠪᠤᠭᠳᠠᠬᠤ ᠶᠢ ᠪᠠᠲᠤᠯᠠᠪᠠ᠃ | ᠵᠣᠬᠢᠶᠠᠨ ᠪᠠᠶᠢᠭᠤᠯᠤᠯᠲᠠ ᠡᠮᠬᠢ ᠵᠢᠷᠤᠮ ᠲᠠᠢ ᠪᠠᠶᠢᠵᠤ᠂ ᠲᠣᠣᠷᠵᠢᠭᠤᠯᠤᠯᠳᠠ ᠶᠢᠨ ᠸᠢᠴᠠᠲ ᠤᠨ ᠪᠦᠯᠦᠭᠯᠡᠯ ᠢᠶᠠᠷ | ᠲᠣᠭᠤᠷᠢᠭ ᠤᠨ ᠵᠢᠯᠣᠭᠤᠳᠬᠤ ᠭᠠᠵᠠᠷ ᠤᠨ ᠪᠦᠬᠡᠮ ᠬᠦᠴᠢᠯ ᠤᠨ ᠪᠠᠶᠢᠴᠠᠭᠠᠯᠳᠠ ᠶᠢᠨ ᠠᠯᠪᠠᠨ ᠵᠠᠷᠯᠠᠯ ᠢ | ᠳᠠᠮᠵᠢᠭᠤᠯᠤᠨ ᠲᠠᠷᠬᠠᠭᠠᠬᠤ — ᠪᠦᠬᠡᠮ ᠬᠦᠴᠢᠯ ᠤᠨ ᠪᠠᠶᠢᠴᠠᠭᠠᠯᠳᠠ ᠶᠢᠨ ᠴᠡᠭ ᠤᠨ ᠠᠵᠢᠯᠳᠠᠨ ᠢ ᠲᠤᠬᠢᠷᠠᠭᠤᠯᠬᠤ | — ᠡᠳ᠋ ᠪᠣᠳᠠᠰ ᠲᠠᠷᠬᠠᠭᠠᠬᠤ — ᠡᠯ᠎ᠡ ᠬᠤᠷᠢᠶᠠᠯᠠᠯ ᠤᠨ ᠠᠰᠠᠷ ᠤᠨ ᠪᠦᠬᠡᠮ ᠬᠦᠴᠢᠯ ᠤᠨ ᠪᠠᠶᠢᠴᠠᠭᠠᠯᠳᠠ ᠬᠢᠬᠦ | ᠲᠡᠰ ᠳᠠᠷᠠᠭᠠᠯᠠᠯ ᠢ ᠲᠣᠭᠲᠠᠭᠠᠬᠤ — ᠬᠤᠷᠢᠶᠠᠯᠠᠯ ᠤᠨ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ ᠵᠡᠷᠭᠡ ᠨᠡᠭᠦᠳᠡᠯ | ᠬᠥᠮᠦᠰ ᠢ ᠬᠤᠪᠢᠶᠠᠷᠢᠯᠠᠬᠤ — ᠲᠣᠭᠤᠷᠢᠭ ᠤᠨ ᠪᠦᠬᠡᠮ ᠬᠦᠴᠢᠯ ᠤᠨ ᠪᠠᠶᠢᠴᠠᠭᠠᠯᠳᠠ ᠬᠢᠬᠦ ᠱᠠᠭᠠᠷᠳᠠᠯᠭ᠎ᠠ ᠶᠢ | ᠲᠣᠳᠣᠷᠬᠠᠶᠢᠯᠠᠬᠤ — ᠪᠠᠶᠢᠴᠠᠭᠠᠯᠲᠠ ᠬᠢᠬᠦ — ᠪᠠᠶᠢᠴᠠᠭᠠᠬᠤ ᠵᠤᠬᠢᠰᠳᠠᠢ ᠲᠤᠭ᠎ᠠ ᠪᠠᠷᠢᠮᠲᠠ ᠶᠢ ᠬᠠᠷᠭᠤᠭᠤᠯᠬᠤ | — ᠡᠬᠦᠳᠡᠨ ᠳᠤᠨᠢ ᠬᠦᠷᠴᠦ ᠨᠦᠬᠦᠵᠤ ᠪᠠᠶᠢᠴᠠᠭᠠᠬᠤ — ᠲᠡᠬᠦᠰᠬᠦ ᠵᠡᠷᠬᠡ ᠲᠣᠭᠲᠠᠮᠠᠯ ᠲᠡᠰ ᠲᠠᠷᠠᠭᠠᠯᠠᠯ ᠢ | ᠪᠦᠷᠢᠯᠳᠦᠬᠦᠯᠵᠡᠢ︔ ᠬᠠᠮᠢᠶᠠᠷᠤᠯᠲᠠ ᠨᠢ ᠡᠮᠬᠢ ᠵᠢᠷᠤᠮ ᠲᠠᠢ ᠪᠠᠶᠢᠵᠤ᠂ ᠤᠷᠢᠳᠴᠢᠯᠠᠨ ᠲᠣᠭᠲᠠᠭᠠᠭᠰᠠᠨ ᠳᠠᠷᠠᠭᠠᠯᠠᠯ | ᠶᠣᠰᠣᠭᠠᠷ ᠠᠰᠠᠷ ᠳᠤᠤᠷ᠎ᠠ ᠨᠢ ᠬᠦᠷᠴᠦ ᠵᠢᠵᠢᠭ ᠯᠠᠪᠠᠷ ᠢᠶᠠᠷ ᠬᠠᠰᠬᠢᠷᠴᠤ ᠲᠠᠭᠤᠳᠠᠬᠤ — ᠲᠤᠬᠠᠶ ᠶᠢᠨ ᠲᠠᠯᠠᠪᠠᠢ | ᠶᠢᠨ ᠡᠮᠬᠢ ᠵᠢᠷᠤᠮ ᠢ ᠬᠠᠮᠠᠭᠠᠯᠠᠬᠤ ᠪᠠ ᠬᠠᠮᠢᠶᠠᠷᠬᠤ ᠬᠥᠮᠦᠨ ᠲᠠᠢ — ᠪᠦᠬᠡᠮ ᠬᠦᠴᠢᠯ ᠤᠨ ᠪᠠᠶᠢᠴᠠᠭᠠᠯᠳᠠ | ᠬᠢᠭᠰᠡᠨ ᠲᠡᠮᠳᠡᠭ ᠢᠯᠡᠷᠬᠡᠶᠢᠯᠡᠯ ᠢ ᠲᠤᠰᠬᠠᠶ ᠬᠥᠮᠦᠨ ᠲᠠᠷᠬᠠᠭᠠᠬᠤ — ᠲᠤᠰᠬᠠᠢ ᠬᠦᠮᠦᠨ ᠲᠤᠬᠢᠷᠠᠭᠤᠯᠵᠤ ᠪᠦᠬᠡᠮ | ᠬᠦᠴᠢᠯ ᠤᠨ ᠪᠠᠶᠢᠴᠠᠭᠠᠯᠳᠠ ᠪᠠᠨ ᠬᠢᠵᠤ ᠪᠠᠷᠠᠮᠠᠬᠴᠠ ᠪᠤᠴᠠᠬᠤ ᠶᠢ ᠢᠳᠬᠠᠬᠤ ᠵᠡᠷᠬᠡ ᠪᠥᠬᠦ ᠶᠠᠪᠤᠴᠠ ᠶᠢᠨ | ᠬᠠᠮᠢᠶᠠᠷᠤᠨ ᠡᠵᠡᠮᠳᠡᠬᠦ ᠲᠠᠰ ᠳᠠᠷᠠᠭᠠᠯᠠᠯ ᠢ ᠪᠦᠷᠢᠯᠳᠦᠭᠦᠯᠪᠠ︔ ᠳᠠᠮᠵᠢᠭᠤᠯᠤᠨ ᠲᠡᠭᠡᠭᠡᠪᠦᠷᠢᠯᠡᠬᠦ ᠨᠢ ᠡᠮᠬᠢ ᠵᠢᠷᠤᠮ ᠲᠠᠢ | ᠪᠠᠶᠢᠵᠤ᠂ ᠲᠤᠤᠷᠵᠢᠭᠤᠯᠤᠯᠳᠠ ᠶᠢᠨ ᠠᠵᠢᠯᠲᠠᠨ ᠬᠢᠭᠡᠳ ᠳᠠᠮᠵᠢᠭᠤᠯᠤᠨ ᠵᠥᠭᠡᠭᠡᠪᠦᠷᠢᠯᠡᠭᠴᠢ ᠶᠢᠨ ᠬᠤᠭᠤᠷᠤᠨᠳᠤ ᠴᠡᠭ | ᠨᠢ ᠴᠡᠭ ᠲᠠᠢ ᠬᠠᠷᠢᠯᠴᠠᠬᠤ᠂ ᠴᠡᠭ ᠤᠨ ᠲᠠᠷᠤᠭ᠎ᠠ ᠶᠢᠨ ᠭᠠᠷ ᠠᠴᠠ ᠰᠢᠭᠤᠳ ᠳᠠᠮᠵᠢᠭᠤᠯᠤᠨ ᠵᠥᠭᠡᠭᠡᠪᠦᠷᠢᠯᠡᠭᠴᠢ ᠶᠢᠨ | ᠭᠠᠷ ᠲᠤ ᠳᠠᠮᠵᠢᠭᠤᠯᠬᠤ᠂ ᠡᠮᠴᠢ ᠰᠤᠪᠢᠯᠠᠭᠴᠢ᠂ ᠮᠡᠳᠡᠭᠡ ᠵᠠᠩᠭᠢᠴᠢᠨ᠂ ᠴᠡᠭ ᠤᠨ ᠲᠠᠷᠤᠭ᠎ᠠ᠂ ᠳᠠᠮᠵᠢᠭᠤᠯᠤᠨ | ᠵᠥᠭᠡᠭᠡᠪᠦᠷᠢᠯᠡᠭᠴᠢ ᠳᠥᠷᠪᠡᠨ ᠲᠠᠯ᠎ᠠ ᠪᠠᠷ ᠢᠶᠠᠨ ᠬᠠᠮᠲᠤ ᠪᠠᠷ ᠲᠤᠰᠢᠶᠠᠵᠤ ᠭᠥᠯᠢᠶᠡᠨ ᠠᠪᠬᠤ ᠠᠵᠢᠯ ᠤᠨ | ᠲᠣᠭᠲᠠᠴᠠ ᠶᠢ ᠪᠣᠶ ᠪᠣᠯᠭᠠᠵᠤ᠂ ᠳᠠᠮᠵᠢᠭᠤᠯᠤᠨ ᠲᠡᠭᠡᠭᠡᠪᠦᠷᠢᠯᠡᠬᠦ ᠶᠢ ᠴᠠᠭ ᠲᠤᠬᠠᠶ ᠳᠤᠨᠢ ᠬᠦᠢᠴᠡᠳᠬᠡᠬᠦ᠂ ᠲᠤᠭ᠎ᠠ | ᠬᠡᠮᠵᠢᠶ᠎ᠡ ᠨᠢ ᠠᠯᠳᠠᠭ᠎ᠠ ᠪᠤᠷᠤᠭᠤ ᠥᠬᠡᠶ ᠪᠠᠶᠢᠬᠤ ᠶᠢ ᠦᠨᠡᠨᠬᠦ ᠪᠠᠲᠤᠯᠠᠪᠠ︔ ᠪᠠᠴᠢᠮ ᠪᠠᠶᠢᠳᠠᠯ ᠢ ᠠᠷᠭᠠᠴᠠᠭᠠᠬᠤ ᠨᠢ | ᠡᠮᠬᠢ ᠵᠢᠷᠤᠮ ᠲᠠᠢ ᠪᠠᠶᠢᠵᠤ᠂ ᠡᠯ᠎ᠡ ᠬᠤᠷᠢᠶᠠᠯᠠᠯ ᠳᠤ ᠠᠷᠭ᠎ᠠ ᠴᠢᠨᠠᠷᠲᠠᠶ ᠬᠦᠮᠦᠨ ᠢᠯᠡᠷᠡᠭᠰᠡᠨ ᠲᠠᠷᠤᠢ ᠬᠡᠷᠬᠢᠨ | ᠠᠷᠭᠠᠴᠠᠭᠠᠬᠤ ᠲᠤᠬᠠᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠪᠠ᠃ ︽ᠰᠢᠨ᠎ᠡ | ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ᠤᠨ ᠲᠠᠶᠢᠯᠤᠮᠵᠢ︾ ᠶᠢᠨ ᠶᠢᠰᠦᠳᠦᠭᠡᠷ | ᠬᠡᠪᠯᠡᠯ ᠤᠨ ᠱᠠᠭᠠᠷᠳᠠᠯᠭ᠎ᠠ ᠶᠣᠰᠣᠭᠠᠷ᠂ ᠨᠡᠶᠢᠭᠡᠮ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠪᠡᠯᠡᠳᠬᠡᠯ | ᠲᠥᠰᠦᠯ ᠳᠤ ᠵᠡᠭᠡᠯᠢ ᠭᠤᠳᠤᠮᠵᠢ ᠶᠢᠨ ᠣᠷᠣᠨ ᠪᠦᠰᠡ ᠶᠢᠨ ᠬᠠᠷᠢᠭᠤᠴᠠᠯᠭᠠᠲᠠᠨ᠂ ᠨᠡᠶᠢᠭᠡᠮ ᠲᠣᠭᠤᠷᠢᠭ ᠤᠨ | ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ᠂ ᠡᠬᠦᠳᠡᠨ ᠳᠤᠨᠢ | ᠬᠦᠷᠴᠦ ᠦᠶᠯᠡᠴᠢᠯᠡᠬᠦ ᠳᠤᠭᠤᠶᠢᠯᠠᠩ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠤᠭᠤᠶᠢᠯᠠᠩ᠂ ᠪᠥᠭᠡᠮ | ᠬᠦᠴᠢᠯ ᠤᠨ ᠪᠠᠶᠢᠴᠠᠭᠠᠯᠳᠠ ᠶᠢᠨ ᠳᠤᠭᠤᠶᠢᠯᠠᠩ ᠭᠡᠵᠦ ᠬᠤᠪᠢᠶᠠᠨ᠂ ᠠᠵᠢᠯᠲᠠᠨ ᠨᠢᠭᠡᠪᠦᠷᠢ ᠶᠢᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠴᠢᠮ ᠪᠠᠶᠢᠳᠠᠯ ᠭᠠᠷᠪᠠᠯ᠂ ᠴᠠᠭ ᠲᠤᠬᠠᠶ ᠳᠤᠨᠢ ᠴᠤᠤᠷᠢᠶᠠᠲᠤᠨ ᠳᠠᠭᠠᠵᠤ᠂ | ᠨᠡᠶᠢᠭᠡᠮ ᠲᠣᠭᠤᠷᠢᠭ ᠤᠨ ᠡᠯ᠎ᠡ ᠵᠦᠶᠯ ᠤᠨ ᠠᠵᠢᠯ ᠢ ᠡᠮᠬᠢ ᠵᠢᠷᠤᠮ ᠲᠠᠢ ︽ ᠶᠠᠪᠤᠬᠳᠠᠭᠤᠯᠬᠤ︾ ᠶᠢ ᠪᠠᠲᠤᠯᠠᠵᠠᠢ᠃ | ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠨᠢ ᠠᠷᠠᠳ ᠤᠨ ᠰᠡᠳᠬᠢᠯ ᠢ ︽ᠳᠤᠯᠠᠭᠠᠴᠠᠭᠤᠯᠵᠤ︾᠂ ︽ | ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠠᠷᠠᠳ ᠤᠨ ᠪᠠᠶᠢᠳᠠᠯ ᠢ ᠲᠣᠭᠲᠠᠭᠤᠨ ᠪᠠᠶᠢᠯᠭᠠᠬᠤ︾ ᠶᠢ ᠦᠨᠡᠨ | ᠬᠦ ᠪᠠᠲᠤᠯᠠᠪᠠ᠃ ᠰᠠᠭᠤᠭᠠᠯᠢ ᠠᠷᠠᠳ ᠤᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠰᠦᠯᠵᠢᠶᠡᠨ ᠳᠡᠭᠡᠷᠡᠬᠢ ᠪᠠ | ᠪᠤᠳᠠᠳᠤ ᠴᠤᠬᠴᠠ ᠶᠢᠨ ︽ᠬᠤᠶᠠᠷ ᠱᠤᠭᠤᠮ︾ ᠤᠨ ᠠᠵᠢᠯᠯᠠᠬᠤ ᠠᠷᠭ᠎ᠠ ᠶᠢ ᠠᠪᠴᠤ ᠠᠷᠠᠳ ᠣᠯᠠᠨ ᠤ ᠡᠳᠦᠷ | ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠵᠠᠢ᠃ ᠰᠦᠯᠵᠢᠶᠡᠨ ᠳᠡᠭᠡᠷ᠎ᠡ᠂ ᠬᠤᠲᠠ᠂ ᠲᠣᠭᠤᠷᠢᠭ ᠠᠴᠠ | ᠲᠤᠬᠳᠠᠭᠠᠬᠰᠠᠨ ᠰᠦᠯᠵᠢᠶᠡᠨ ᠳᠡᠭᠡᠷ᠎ᠡ ᠬᠤᠳᠠᠯᠳᠤᠨ ᠠᠪᠬᠤ ᠵᠢᠵᠢᠭ ᠫᠷᠤᠭ᠍ᠷᠠᠮ ᠢᠶᠠᠷ ᠭᠤᠤᠯ ᠪᠣᠯᠭᠠᠵᠤ᠂ | ᠲᠤᠤᠷᠵᠢᠭᠤᠯᠤᠯᠳᠠ ᠶᠢᠨ ᠸᠢᠴᠠᠲ ᠤᠨ ᠪᠦᠯᠦᠭᠯᠡᠯ ᠲᠡᠭᠡᠷ᠎ᠡ ᠬᠤᠳᠠᠯᠳᠤᠨ ᠠᠪᠬᠤ ᠪᠠ ᠤᠲᠠᠰᠤ ᠪᠠᠷ ᠵᠠᠬᠢᠶᠠᠯᠠᠬᠤ ᠪᠠᠷ | ᠬᠠᠪᠰᠤᠷᠤᠮᠵᠢ ᠪᠣᠯᠭᠠᠵᠤ᠂ ᠵᠠᠯᠠᠭᠤᠴᠤᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠶᠢᠨ ᠬᠠᠮᠲᠤ᠂ ᠨᠡᠶᠢᠭᠡᠮ | ᠲᠣᠭᠤᠷᠢᠭ ᠨᠢ ᠬᠤᠷᠢᠶᠠᠯᠠᠯ ᠨᠢᠬᠡᠪᠦᠷᠢ ᠶᠢᠨ ᠡᠭᠦᠳᠡᠨ ᠳᠤ ︽ᠬᠠᠮᠢᠶᠠᠷᠤᠨ ᠡᠵᠡᠮᠳᠡᠬᠦ ᠡᠳ᠋ ᠪᠣᠳᠠᠰ ᠢ ᠲᠤᠰᠴᠤ ᠠᠪᠬᠤ | ᠴᠡᠭ︾ ᠭᠠᠷᠭᠠᠵᠤ᠂ ᠪᠣᠶ ᠪᠥᠬᠦᠶ ᠬᠦᠷᠭᠡᠬᠦ ᠡᠳ᠋ ᠪᠣᠳᠠᠰ ᠢ ᠲᠤᠰᠴᠤ ᠠᠪᠬᠤ ᠴᠡᠭ ᠲᠤ ᠬᠦᠷᠭᠡᠭᠰᠡᠨ ᠤ ᠰᠡᠬᠦᠯᠡᠷ᠂ | ᠬᠤᠷᠢᠶᠠᠯᠠᠯ ᠤᠨ ᠵᠢᠵᠢᠭᠦᠷᠯᠡᠨ ᠰᠠᠬᠢᠵᠤ ᠪᠠᠶᠢᠭ᠎ᠠ ᠠᠵᠢᠯᠳᠠᠨ ᠠᠴᠠ ᠠᠷᠢᠭᠤᠳᠬᠠᠭᠰᠠᠨ ᠤ ᠳᠠᠷᠠᠭ᠎ᠠ᠂ ᠬᠤᠷᠢᠶᠠᠯᠠᠯ ᠤᠨ | ᠰᠠᠭᠤᠭᠠᠯᠢ ᠠᠷᠠᠳ ᠡᠮᠬᠢ ᠵᠢᠷᠤᠮ ᠲᠠᠢ ᠪᠠᠷ ᠦᠪᠡᠷ ᠦᠪᠡᠷ ᠤᠨ ᠪᠤᠳᠠᠰ ᠢᠶᠠᠨ ᠠᠪᠴᠤ ᠶᠠᠪᠤᠨ᠎ᠠ︔ ᠪᠤᠳᠠᠳᠤ | ᠴᠤᠬᠴᠠ ᠶᠢᠨ ᠬᠤᠪᠢ ᠳᠤ᠂ ᠦᠳᠡᠯᠦᠭᠰᠡᠨ᠂ ᠡᠪᠡᠳᠴᠢᠨ ᠲᠠᠢ᠂ ᠵᠡᠮᠳᠡᠭ᠂ ᠬᠥᠳᠡᠯᠵᠦ ᠪᠠᠷᠢᠬᠤ ᠳᠤ ᠳᠥᠭᠦᠮ | ᠦᠭᠡᠢ ᠵᠡᠷᠭᠡ ᠬᠥᠮᠦᠰ ᠲᠤ ᠬᠠᠨᠳᠤᠭᠤᠯᠤᠨ᠂ ︽ᠰᠠᠭᠤᠭᠠᠯᠢ ᠠᠷᠠᠳ ᠵᠠᠬᠢᠶᠠᠯᠠᠭ᠎ᠠ ᠲᠤᠰᠢᠶᠠᠬᠤ᠂ ᠲᠤᠤᠷᠵᠢᠭᠤᠯᠤᠯᠳᠠ | ᠶᠢᠨ ᠠᠵᠢᠯᠲᠠᠨ ᠵᠠᠬᠢᠶᠠᠯᠠᠭ᠎ᠠ ᠶᠢ ᠬᠦᠯᠢᠶᠡᠨ ᠠᠪᠬᠤ᠂ ᠨᠡᠶᠢᠭᠡᠮ ᠲᠣᠭᠤᠷᠢᠭ ᠤᠨ ᠬᠠᠮ ᠳᠡᠯᠭᠡᠭᠦᠷ ᠠᠴᠠ ᠵᠠᠬᠢᠶᠠᠯᠠᠭ᠎ᠠ | ᠶᠢ ᠪᠠᠳᠤᠯᠠᠬᠤ︾ ᠲᠤᠤᠷᠵᠢᠭᠤᠯᠤᠯᠳᠠ ᠶᠢᠨ ᠬᠠᠩᠭᠠᠯᠭ᠎ᠠ ᠶᠢ ᠪᠠᠲᠤᠯᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠪᠡ᠃ | ᠨᠡᠶᠢᠭᠡᠮ ᠲᠣᠭᠤᠷᠢᠭ ᠤᠨ ︽ᠲᠤᠤᠷᠵᠢᠭᠤᠯᠤᠯᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ | ᠪᠠᠲᠤᠯᠠᠬᠤ ᠬᠦᠮᠦᠰ︾ ᠪᠠ ᠪᠠᠭᠤᠷᠠᠶᠢᠴᠤᠤᠯ ᠤᠨ ︽ᠬᠠᠶᠢᠷ᠎ᠠ ᠬᠠᠯᠠᠮᠵᠢ ᠶᠢᠨ ᠡᠬᠡ ᠲᠠᠩᠰᠠ︾ ᠶᠢ ᠪᠠᠶᠢᠭᠤᠯᠬᠤ | — ᠬᠠᠷᠢᠶ᠎ᠠ ᠣᠷᠣᠨ ᠤ ᠬᠤᠳᠠᠯᠳᠤᠭ᠎ᠠ ᠬᠠᠮ ᠲᠡᠯᠬᠡᠬᠦᠷ ᠤᠨ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠬᠤ — | ᠶᠡᠷᠦᠩᠬᠡᠶᠢᠯᠡᠨ ᠵᠠᠳᠠᠯᠵᠤ ᠪᠤᠳᠤᠬᠤ — ᠬᠠᠩᠭᠠᠯᠭ᠎ᠠ ᠶᠢ ᠪᠠᠲᠤᠯᠠᠬᠤ ᠬᠤᠳᠠᠯᠳᠤᠭ᠎ᠠ ᠲᠡᠯᠬᠡᠬᠦᠷ ᠢ ᠲᠣᠭᠲᠠᠭᠠᠬᠤ | — ᠲᠣᠬᠢᠷᠠᠭᠤᠯᠤᠨ ᠬᠦᠷᠭᠡᠬᠦ ᠴᠤᠪᠤᠷᠠᠯ ᠵᠢᠷᠤᠭ ᠪᠠ ᠲᠣᠬᠢᠷᠠᠭᠤᠯᠤᠨ ᠬᠦᠷᠭᠡᠬᠦ ᠠᠵᠢᠯᠲᠠᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢᠨ ᠨᠠᠷᠢᠨ ᠵᠦᠶᠯᠡᠰ ᠢ ᠲᠣᠭᠲᠠᠭᠠᠬᠤ — ᠲᠤᠤᠷᠵᠢᠭᠤᠯᠤᠯᠳᠠ | ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠪᠠᠲᠤᠯᠠᠬᠤ ᠬᠦᠮᠦᠰ ᠲᠤ ᠬᠤᠳᠠᠯᠳᠤᠨ ᠠᠪᠬᠤ ᠬᠡᠷᠡᠭᠴᠡᠭᠡ | ᠶᠢ ᠳᠠᠮᠵᠢᠭᠤᠯᠤᠨ ᠥᠭᠬᠦ ᠪᠤᠶᠤ ︽ᠬᠠᠶᠢᠷ᠎ᠠ ᠬᠠᠯᠠᠮᠵᠢ ᠶᠢᠨ ᠡᠬᠡ ᠲᠠᠩᠰᠠ︾ ᠶᠢᠨ ᠠᠵᠢᠯᠲᠠᠨ ᠳᠤ ᠤᠲᠠᠰᠤᠳᠠᠵᠤ | ᠬᠠᠯᠠᠮᠵᠢᠯᠠᠬᠤ᠂ ᠡᠬᠦᠳᠡᠨ ᠳᠤᠨᠢ ᠬᠦᠷᠴᠦ ᠦᠶᠯᠡᠴᠢᠯᠡᠬᠦ ᠱᠠᠭᠠᠷᠳᠠᠯᠭ᠎ᠠ ᠶᠢ ᠲᠣᠭᠲᠠᠭᠠᠬᠤ — ᠲᠤᠤᠷᠵᠢᠭᠤᠯᠤᠯᠳᠠ | ᠶᠢᠨ ᠠᠵᠢᠯᠲᠠᠨ ᠤ ᠬᠦᠯᠢᠶᠡᠨ ᠠᠪᠤᠬᠰᠠᠨ ᠵᠠᠬᠢᠶᠠᠯᠠᠭ᠎ᠠ ᠶᠢᠨ ᠬᠠᠭᠤᠳᠠᠰᠤ ᠶᠢ ᠪᠦᠷᠢᠳᠬᠡᠬᠦ — ᠬᠠᠩᠭᠠᠯᠭ᠎ᠠ ᠶᠢ | ᠪᠠᠲᠤᠯᠠᠬᠤ ᠬᠠᠮ ᠳᠡᠯᠭᠡᠭᠦᠷ ᠲᠤ ᠲᠣᠬᠢᠷᠠᠭᠤᠯᠤᠨ ᠬᠦᠷᠭᠡᠬᠦ ᠶᠢ ᠮᠡᠳᠡᠭᠳᠡᠬᠦ — ᠲᠤᠤᠷᠵᠢᠭᠤᠯᠤᠯᠳᠠ ᠶᠢᠨ | ᠠᠵᠢᠯᠲᠠᠨ ᠬᠠᠷᠢᠭᠤ ᠰᠤᠷᠪᠤᠯᠵᠢᠯᠠᠬᠤ ᠵᠡᠷᠬᠡ ᠲᠡᠰ ᠲᠠᠷᠠᠭᠠᠯᠠᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠲᠣᠭᠲᠠᠴᠠ | ᠶᠢ ᠪᠦᠷᠢᠯᠳᠦᠬᠦᠯᠵᠡᠢ᠃ ᠡᠭᠦᠨ ᠤ ᠬᠠᠮᠲᠤ᠂ ᠨᠡᠶᠢᠭᠡᠮ ᠲᠣᠭᠤᠷᠢᠭ ᠠᠴᠠ ᠬᠠᠷᠢᠶ᠎ᠠ ᠤᠷᠤᠨ ᠤ ᠲᠤᠳᠤᠷᠠᠬᠢ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ ᠳᠤ ᠦᠨ᠎ᠡ ᠲᠥᠯᠥᠪᠦᠷᠢ ᠥᠬᠡᠶ ᠪᠠᠷ ᠢᠳᠡᠰᠢᠨ | ᠨᠣᠭᠤᠭ᠎ᠠ ᠬᠦᠷᠭᠡᠨ ᠥᠭᠴᠦ᠂ ᠲᠡᠳᠡᠨ ᠤ ᠬᠡᠪ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠨ᠂ ᠰᠠᠭᠤᠭᠠᠯᠢ | ᠠᠷᠠᠳ ᠤᠨ ᠰᠡᠳᠬᠢᠯ ᠢ ᠦᠨᠡᠨ ᠬᠦ ᠳᠤᠯᠠᠭᠠᠴᠠᠭᠤᠯᠵᠠᠶ᠃ ︵ᠢᠷᠡᠯᠳᠡ᠄ ᠨᠥᠬᠦᠷᠯᠡᠯ ᠵᠡᠬᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ | |