11 ᠰᠠᠷ᠎ᠠ ᠶᠢᠨ 2 ᠤᠨ ᠡᠳᠦᠷ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ | ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶᠠᠨ ᠤ ᠳᠥᠷᠪᠡᠳᠦᠭᠡᠷ ᠬᠤᠷᠠᠯ ᠬᠤᠷᠠᠯᠳᠤᠪᠠ᠃ ᠲᠣᠭᠤᠷᠢᠭ ᠤᠨ | ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ | ᠮᠡᠳᠡᠭᠡ ᠵᠠᠩᠭᠢᠵᠢᠯᠲᠠ ᠶᠢᠨ ᠬᠤᠷᠢᠶᠠᠨ ᠤ ᠡᠷᠬᠢᠯᠡᠭᠴᠢ ᠶᠢᠨ ᠶᠦᠩ ᠯᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠶ᠃ | ᠲᠤᠭᠤᠷᠢᠭ ᠤᠨ ᠤᠳᠤᠷᠢᠳᠤᠯᠭ᠎ᠠ ᠮᠠ ᠹᠦ᠋᠂ ᠸᠠᠩ ᠴᠢᠶᠠᠩ᠂ ᠵᠠᠩ ᠵᠢᠶᠦ᠋ᠨ ᠪᠦᠦ᠂ ᠵᠠᠩ ᠭᠦᠸᠧ ᠴᠢᠶᠠᠩ᠂ | ᠹᠠᠨ ᠬᠤᠩ ᠴᠢᠶᠠᠩ᠂ ᠶᠢᠨ ᠹᠸᠢ ᠯᠦᠩ᠂ ᠦ᠋ ᠱᠧᠨ ᠮᠦᠸᠧ᠂ ᠨᠢᠤ ᠱᠢ ᠸᠠᠩ ᠬᠤᠷᠠᠯ ᠳᠤ ᠣᠷᠣᠯᠴᠠᠪᠠ᠃ | ᠬᠤᠷᠠᠯ ᠠᠴᠠ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠭᠢᠵᠢᠯᠲᠠ ᠶᠢᠨ ᠬᠤᠷᠢᠶᠠᠨ ᠤ ᠲᠠᠪᠤᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠥᠨᠳᠡᠯᠡᠨ ᠲᠣᠭᠤᠷᠢᠭ ᠤᠨ 2022 ᠣᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠬᠢᠵᠢᠯᠳᠠ ᠶᠢᠨ ᠠᠵᠢᠯ ᠤᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠪᠥᠬᠦ ᠲᠤᠭᠤᠷᠢᠭ ᠤᠨ ᠰᠦᠯᠵᠢᠶᠡᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾᠂ ︽ᠬᠥᠨᠳᠡᠯᠡᠨ ᠲᠣᠭᠤᠷᠢᠭ ᠤᠨ ᠪᠥᠬᠦ | ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠬᠢᠬᠡᠳ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ | ᠲᠥᠰᠦᠯ︾ ᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠨᠢᠭᠡᠴᠢ᠂ ᠵᠡᠭᠡᠯᠢ ᠭᠤᠳᠤᠮᠵᠢ ᠪᠠᠯᠭᠠᠰᠤ | ᠰᠦᠯᠵᠢᠶᠡᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠦᠯᠵᠢᠶᠡᠨ ᠤ ᠠᠮᠤᠷ | ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ | ᠰᠡᠳᠬᠢᠯᠭᠡ᠂ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠦᠯᠵᠢᠶᠡᠨ ᠤ | ᠬᠦᠴᠦᠷᠬᠡᠭ ᠤᠯᠤᠰ ᠤᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ | ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠰᠢᠨ᠎ᠡ ᠥᠷᠢᠰᠥᠯᠳᠦᠭᠡᠨ ᠢ ᠨᠡᠩ ᠬᠦᠨᠵᠡᠬᠡᠢ | ᠲᠠᠨᠢᠵᠤ᠂ ᠪᠠᠷᠠᠯᠠᠯᠳᠤ ᠴᠢᠨᠠᠷᠲᠠᠶ ᠪᠣᠳᠣᠯᠬᠢᠯᠠᠵᠤ᠂ ᠪᠥᠬᠦ ᠲᠠᠯ᠎ᠠ ᠶᠢᠨ ᠴᠢᠨᠠᠷᠲᠠᠶ ᠲᠥᠯᠥᠪᠵᠢᠭᠦᠯᠵᠤ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠪᠠᠶᠢᠷᠢᠰᠢᠭᠤᠯᠵᠤ᠂ ᠡᠯ᠎ᠡ ᠵᠦᠶᠯ ᠤᠨ ᠠᠵᠢᠯ ᠢ ᠪᠦᠬᠦᠯᠢ ᠴᠣᠭᠴᠠ ᠶᠢᠨ ᠴᠢᠨᠠᠷᠲᠠᠶ | ᠠᠬᠢᠭᠤᠯᠬᠤ ᠬᠡᠷᠡᠭᠲᠡᠶ᠃ ᠰᠦᠯᠵᠢᠶᠡᠨ ᠤ ᠠᠮᠤᠷ ᠲᠦᠪᠰᠢᠨ ᠤ ᠠᠵᠢᠯ ᠢ ᠪᠣᠳᠠᠲᠠᠶ ᠪᠦᠭᠡᠳ ᠨᠠᠷᠢᠯᠢᠭ ᠠᠳᠬᠤᠵᠤ᠂ | ᠰᠦᠯᠵᠢᠶᠡᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠶᠢᠨ ᠠᠵᠢᠯ ᠤᠨ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠠᠪᠴᠤ᠂ ᠪᠣᠳᠠᠲᠠᠶ ᠠᠳᠬᠤᠨ ᠪᠣᠳᠠᠲᠠᠶ ᠠᠵᠢᠯᠯᠠᠵᠤ᠂ | ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠭᠤᠣᠯ ᠶᠠᠷᠢᠶ᠎ᠠ | ᠬᠡᠯᠡᠯᠴᠡᠭᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠶᠠᠷᠢᠶ᠎ᠠ ᠬᠡᠯᠡᠯᠴᠡᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢ | ᠰᠠᠶᠢᠲᠤᠷ ᠬᠢᠵᠦ᠂ ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠬᠠᠤᠯᠢ ᠶᠣᠰᠣᠭᠠᠷ | ᠰᠦᠯᠵᠢᠶ᠎ᠡ ᠶᠢ ᠬᠠᠮᠢᠶᠠᠷᠴᠤ ᠰᠦᠯᠵᠢᠶ᠎ᠡ ᠶᠢ ᠵᠠᠰᠠᠬᠤ ᠶᠢ ᠪᠠᠷᠢᠮᠲᠠᠯᠠᠵᠤ᠂ ᠨᠡᠩ ᠥᠨᠳᠥᠷ ᠵᠣᠭᠰᠣᠴᠠ ᠨᠡᠩ ᠪᠣᠳᠠᠲᠠᠢ | ᠠᠷᠭ᠎ᠠ ᠬᠡᠮᠵᠢᠶ᠎ᠡ ᠪᠠᠷ ᠰᠦᠯᠵᠢᠶᠡᠨ ᠤ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ᠃ ᠲᠣᠭᠠᠴᠢᠯᠠᠭᠰᠠᠨ | ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ ᠨᠡᠶᠢᠭᠡᠮ ᠢ ᠲᠦᠷᠭᠡᠳᠬᠡᠨ ᠪᠠᠶᠢᠭᠤᠯᠵᠤ᠂ | ᠲᠣᠭᠠᠴᠢᠯᠠᠭᠰᠠᠨ ᠵᠠᠰᠠᠭ ᠤᠨ ᠣᠷᠳᠣᠨ ᠤ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠪᠦᠬᠦ ᠲᠠᠯ᠎ᠠ ᠶᠢᠨ | ᠲᠣᠭᠠᠴᠢᠯᠠᠯᠲᠠ ᠲᠡᠶᠢᠰᠢ ᠬᠤᠪᠢᠷᠠᠭᠤᠯᠬᠤ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠬᠦ ᠬᠡᠷᠡᠭᠲᠡᠢ᠃ ᠡᠯ᠎ᠡ ᠨᠠᠮ ︵ᠠᠵᠢᠯ ᠤᠨ ᠬᠤᠷᠢᠶ᠎ᠠ︶ ᠤᠨ ᠬᠤᠷᠢᠶ᠎ᠠ᠂ ᠨᠠᠮ ᠤᠨ ᠤᠳᠤᠷᠢᠳᠬᠤ | ᠳᠤᠭᠤᠶᠢᠯᠠᠩ ᠢᠨᠲ᠋ᠧᠷ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠠᠵᠢᠯ ᠳᠠᠬᠢ ᠨᠠᠮ ᠤᠨ | ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ᠂ | ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ᠂ ᠰᠦᠯᠵᠢᠶᠡᠨ ᠤ ᠠᠮᠤᠷ ᠲᠦᠪᠰᠢᠨ ᠵᠡᠷᠭᠡ ᠡᠯ᠎ᠡ ᠵᠦᠶᠯ ᠤᠨ | ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠠᠴᠠ ᠤᠬᠠᠭᠤᠯᠭ᠎ᠠ ᠶᠢ | ᠬᠠᠮᠢᠶᠠᠷᠬᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ | ᠂ ᠨᠠᠮ ᠠᠴᠠ ᠢᠨᠲ᠋ᠧᠷ ᠰᠦᠯᠵᠢᠶ᠎ᠡ ᠶᠢ ᠬᠠᠮᠢᠶᠠᠷᠬᠤ ᠶᠢ ᠪᠠᠷᠢᠮᠳᠠᠯᠠᠬᠤ ᠶᠢ ᠢᠮᠠᠭᠲᠠ ᠡᠯ᠎ᠡ ᠲᠠᠯ᠎ᠠ᠂ ᠡᠯ᠎ᠡ ᠠᠵᠢᠯ ᠤᠨ | ᠭᠤᠭᠴᠣᠭᠠᠨ ᠳᠤ ᠲᠤᠭᠤᠰᠢᠯᠠᠭᠤᠯᠬᠤ ᠬᠡᠷᠡᠭᠲᠡᠶ᠃ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠬᠢᠴᠢᠯᠠᠯᠳᠠ ᠶᠢᠨ ᠬᠤᠷᠢᠶᠠᠨ ᠤ ᠡᠯ᠎ᠡ ᠪᠦᠷᠢᠯᠳᠦᠬᠦᠨ ᠨᠢᠭᠡᠴᠢ ᠡᠭᠦᠷᠭᠡ ᠲᠤᠰᠢᠶᠠᠯ ᠤᠨ ᠦᠶᠯᠡᠳᠦᠯ ᠢᠶᠠᠨ ᠭᠦᠶᠴᠡᠳ | ᠪᠠᠳᠠᠷᠠᠭᠤᠯᠵᠤ᠂ ᠲᠣᠰ ᠲᠣᠰ ᠤᠨ ᠲᠤᠰᠢᠶᠠᠯ ᠢᠶᠠᠨ ᠭᠦᠶᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠶᠴᠡᠳᠬᠡᠵᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠨᠢᠭᠲᠠ ᠬᠠᠮᠵᠢᠯᠴᠠᠵᠤ᠂ ᠠᠵᠢᠯ ᠤᠨ ᠬᠠᠮᠲᠤᠷᠠᠯ | ᠬᠦᠴᠦᠨ ᠢ ᠪᠦᠷᠢᠯᠳᠦᠭᠦᠯᠵᠦ᠂ ᠪᠥᠬᠦ ᠲᠤᠭᠤᠷᠢᠭ ᠤᠨ ᠨᠢᠭᠡ ᠴᠣᠭᠴᠠᠵᠢᠭᠰᠠᠨ᠂ ᠳᠡᠭᠡᠳᠦ ᠳᠤᠤᠷᠠᠳᠤ ᠱᠠᠲᠤ | ᠬᠤᠯᠪᠣᠭᠠᠯᠠᠨ ᠬᠥᠳᠡᠯᠦᠯᠴᠡᠭᠰᠡᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠠᠵᠢᠯ ᠤᠨ | ᠲᠤᠮᠤ ᠪᠠᠶᠢᠷᠢᠰᠢᠯ ᠢ ᠬᠦᠴᠦᠯᠡᠨ ᠪᠠᠶᠢᠭᠤᠯᠵᠤ᠂ ᠪᠥᠬᠦ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠦᠨᠡᠨ ᠬᠦ | ᠬᠦᠴᠦᠲᠡᠶ ᠲᠤᠯᠭᠠᠭᠤᠷᠢᠯᠠᠯ ᠬᠠᠩᠭᠠᠵᠤ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠶᠢ ᠪᠥᠬᠦ | ᠬᠦᠴᠦᠨ ᠢᠶᠠᠷ ᠢᠶᠠᠨ ᠦᠶᠯᠡᠳᠦᠯᠭᠡᠵᠢᠭᠦᠯᠬᠦ ᠬᠡᠷᠡᠭᠲᠡᠶ ᠬᠡᠵᠤ ᠱᠠᠭᠠᠷᠳᠠᠵᠠᠢ᠃ ︵ᠰᠤᠷᠪᠤᠯᠵᠢᠯᠠᠭᠴᠢ᠄ ᠵᠤᠤ ᠶᠢᠨ ᠹᠧᠩ | ᠂ ᠰᠢᠶᠠ ᠫᠡᠸ᠋ᠩ ᠹᠸᠢ︶ |