【ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠪᠤᠭᠤᠲᠤ ᠪᠠᠨ ᠬᠠᠶᠢᠷᠠᠯᠠᠵᠤ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠦᠶ᠎ᠡ 】ᠲᠤᠭᠤᠷᠢᠭ ᠤᠨ ᠵᠠᠰᠠᠭ ᠤᠨ ᠣᠷᠳᠣᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/11/6
     11 ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠤᠯ ᠰᠡᠳᠦᠪᠲᠦ ᠦᠶᠯᠡᠳᠦᠯᠭᠡ ᠶᠢᠨ ᠠᠵᠢᠯᠯᠠᠭ᠎ᠠ ᠶᠢ ᠳᠣᠭᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠤᠯ ᠰᠡᠳᠦᠪᠲᠦ ᠦᠶᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠶᠴᠡᠳ ᠲᠠᠨᠢᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠡᠨᠡ ᠬᠦ ᠠᠵᠢᠯᠯᠠᠭ᠎ᠠ ᠶᠢ ᠦᠨᠡᠨ ᠬᠦ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠬᠡᠷᠡᠭᠵᠢᠭᠦᠯᠬᠦ ᠬᠡᠷᠡᠭᠲᠡᠶ᠃ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ︽ᠬᠤᠰᠢᠭᠤᠴᠢ ᠭᠠᠯᠠᠭᠤ︾ ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠪᠡᠶ᠎ᠡ ᠪᠠᠷ ᠢᠶᠠᠨ ᠲᠦᠷᠦᠭᠦᠯᠡᠨ ᠠᠵᠢᠯᠯᠠᠭ᠎ᠠ ᠳᠤ ᠣᠷᠣᠯᠴᠠᠵᠤ᠂ ᠲᠦᠯᠬᠢᠨ ᠠᠬᠢᠭᠤᠯᠤᠭᠴᠢ᠂ ᠬᠢᠨᠠᠯᠲᠠ ᠲᠠᠯᠪᠢᠭᠴᠢ ᠪᠣᠯᠬᠤ ᠪᠠᠷ ᠪᠠᠷᠠᠬᠤ ᠥᠬᠡᠶ᠂ ᠨᠠᠩ ᠴᠤ ᠥᠪᠡᠷ ᠤᠨ ᠪᠡᠶ᠎ᠡ ᠪᠠᠷ ᠢᠶᠠᠨ ᠣᠷᠣᠯᠴᠠᠵᠤ᠂ ᠲᠦᠷᠦᠭᠦᠯᠡᠨ ᠬᠢᠵᠤ ᠵᠢᠱᠢᠶ᠎ᠡ ᠦᠵᠡᠭᠦᠯᠤᠨ᠂  ᠨᠢᠬᠡᠨᠳᠡ ᠲᠣᠭᠲᠠᠭᠰᠠᠨ ᠴᠠᠭ ᠬᠤᠭᠤᠴᠠᠭ᠎ᠠ ᠶᠢᠨ ᠵᠠᠩᠬᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠦᠵᠡᠬᠦ᠂ ᠭᠦᠨᠵᠡᠭᠡᠶ ᠦᠶᠯᠡᠳᠦᠯᠭᠡᠵᠢᠭᠦᠯᠬᠦ᠂ ᠡᠯ᠎ᠡ ᠵᠦᠶᠯ ᠤᠨ ᠠᠵᠢᠯ ᠢᠶᠠᠨ ᠪᠠᠬᠢᠵᠢᠭᠦᠯᠦᠨ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠲᠤᠭᠤᠷᠢᠭ ᠤᠨ ᠺᠠᠳ᠋ᠷ ᠢ ᠳᠠᠶᠢᠴᠢᠯᠠᠨ ᠠᠵᠢᠯ ᠬᠢᠵᠦ ᠦᠶᠯᠡᠰ ᠪᠤᠰᠬᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ ᠬᠡᠵᠤ ᠴᠢᠬᠤᠯᠠᠴᠢᠯᠠᠵᠠᠢ᠃     ᠬᠤᠷᠠᠯ ᠠᠴᠠ᠂ ᠨᠠᠷᠢᠨ ᠬᠢᠨᠠᠮᠠᠭᠠᠢ ᠬᠡᠷᠡᠭᠵᠢᠭᠦᠯᠵᠦ ᠦᠷ᠎ᠡ ᠪᠦᠲᠦᠮᠵᠢ ᠭᠠᠷᠭᠠᠬᠤ ᠬᠡᠷᠡᠭᠲᠡᠢ᠂ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠡᠨᠡ ᠵᠢᠯ ᠤᠨ ᠠᠵᠢᠯ ᠢᠶᠠᠨ ᠱᠠᠯᠠᠪᠳᠠᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠪᠡᠳᠴᠢᠨ ᠤ ᠵᠢᠱᠢᠶ᠎ᠡ ᠶᠢ ᠬᠦᠳᠡᠯᠦᠩᠬᠦᠢ ᠪᠠᠷ ᠦᠬᠡᠢ ᠪᠤᠯᠭᠠᠬᠤ ᠪᠣᠭᠤᠮᠲᠠ ᠰᠢᠪᠲᠤᠯᠬᠤ ᠡᠴᠦᠰ ᠤᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ︽ᠬᠤᠶᠠᠷ ᠰᠢᠨ᠎ᠡ︾ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠪᠣᠳᠠᠲᠠᠢ ᠠᠳᠬᠤᠨ ᠪᠣᠳᠠᠲᠠᠢ ᠠᠵᠢᠯᠯᠠᠵᠤ᠂ ᠭᠠᠪᠢᠶ᠎ᠠ ᠪᠠᠶᠢᠭᠤᠯᠤᠨ ᠦᠢᠯᠡᠰ ᠪᠤᠰᠬᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠰᠠᠯᠠᠭ᠎ᠠ ᠮᠥᠴᠢᠷ ᠢᠶᠠᠨ ᠵᠣᠬᠢᠶᠠᠨ ᠪᠠᠶᠢᠭᠤᠯᠵᠤ ᠡᠯ᠎ᠡ ᠲᠥᠷᠥᠯ ᠤᠨ ᠤᠬᠠᠭᠤᠯᠭ᠎ᠠ ᠶᠢᠨ ᠠᠷᠭ᠎ᠠ ᠵᠠᠮ ᠢ ᠭᠦᠶᠴᠡᠳ ᠠᠰᠢᠭᠯᠠᠨ᠂ ᠮᠠᠨ ᠤ ᠲᠤᠭᠤᠷᠢᠭ ᠤᠨ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠠᠵᠢᠯᠯᠠᠭ᠎ᠠ ᠶᠢᠨ ᠠᠮᠢᠳᠤᠯᠢᠭ ᠦᠶᠯᠡᠳᠦᠯᠭᠡ ᠪᠣᠯᠤᠨ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠶᠴᠡᠳᠬᠡᠬᠦ᠂ ᠬᠥᠮᠦᠨ ᠪᠦᠬᠦᠨ ᠬᠤᠪᠢ ᠨᠡᠮᠡᠷᠢ ᠦᠵᠡᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠠᠪᠠ᠃ ︵ᠢᠷᠡᠯᠲᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号