ᠨᠣᠭᠤᠭ᠎ᠠ ᠶᠢ ᠵᠦᠪ ᠰᠣᠩᠭᠤᠬᠤ ᠬᠡᠷᠡᠭᠲᠡᠢ  ᠤᠬᠢᠶᠠᠬᠤ ᠨᠢ  ᠨᠡᠩ ᠴᠢᠬᠤᠯᠠ
ᠨᠡᠶᠢᠲᠡᠯᠡᠭᠰᠡᠨ ᠴᠠᠭ᠄
2022/11/6
      ᠣᠯᠠᠨ ᠢᠶᠠᠷ ᠢᠶᠠᠨ ᠵᠢᠮᠢᠰ ᠨᠣᠭᠤᠭ᠎ᠠ ᠤᠬᠢᠶᠠᠬᠤ ᠮᠠᠰᠢᠨ ᠠᠪᠴᠤ  ᠪᠠᠶᠢᠭ᠎ᠠ ᠨᠢ  ᠲᠠᠷᠢᠶᠠᠨ  ᠡᠮ ᠤᠨ  ᠦᠯᠡᠳᠡᠭᠳᠡᠯ ᠢ ᠰᠡᠷᠭᠡᠶᠢᠯᠡᠵᠦ ᠪᠠᠶᠢᠭ᠎ᠠ ᠶᠠᠪᠤᠳᠠᠯ ᠶᠤᠮ᠃ ᠭᠡᠪᠡᠴᠦ ᠡᠳᠦᠷ ᠲᠤᠲᠤᠮ ᠤᠨ ᠠᠮᠢᠳᠤᠷᠠᠯ ᠳᠤᠮᠳᠠ᠂ ᠪᠢᠳᠡᠨ ᠤ ᠵᠢᠩᠬᠢᠨᠢ ᠳᠡᠯᠭᠡᠭᠦᠷ ᠡᠴᠠ‌ᠬᠤᠳᠠᠯᠳᠤᠨ ᠠᠪᠤᠭᠰᠠᠨ ᠣᠯᠠᠩᠬᠢ ᠢᠳᠡᠰᠢᠨ  ᠨᠣᠭᠤᠭ᠎ᠠ  ᠶᠢᠨ ᠲᠠᠷᠢᠶᠠᠨ ᠡᠮ ᠤᠨ  ᠦᠯᠡᠳᠡᠭᠳᠡᠯ ᠨᠢ  ᠪᠦᠷ  ᠲᠣᠭᠲᠠᠭᠰᠠᠨ‌‍ᠬᠡᠪᠴᠢᠶᠡᠨ ᠳᠤ ᠪᠠᠶᠢᠳᠠᠭ᠃ ᠲᠡᠶᠢᠮᠦ ᠮᠥᠷᠲᠡᠭᠡᠨ ᠵᠢᠮᠢᠰ ᠨᠣᠭᠤᠭ᠎ᠠ ᠤᠬᠢᠶᠠᠬᠤ ᠮᠠᠰᠢᠨ ᠢ ᠬᠡᠷᠡᠭᠯᠡᠬᠦ  ᠥᠬᠡᠶ ᠪᠠᠷ  ᠪᠤᠳᠤᠬᠤ ᠳᠤ᠂ᠡᠳᠦᠷ ᠲᠤᠲᠤᠮ ᠤᠨ ᠮᠠᠰᠢ ᠣᠯᠠᠨ ᠠᠷᠭ᠎ᠠ ᠨᠢ ᠲᠠᠷᠢᠶᠠᠨ ᠡᠮ ᠤᠨ ᠦᠯᠡᠳᠡᠭᠳᠡᠯ ᠢ ᠪᠦᠲᠦᠮᠵᠢᠲᠡᠶ ᠠᠷᠢᠯᠭᠠᠵᠤ ᠴᠢᠳᠠᠨ᠎ᠠ᠂ᠡᠭᠦᠨ ᠳᠤ ᠳᠤᠤᠷᠠᠬᠢ ᠮᠡᠲᠦ ᠠᠷᠭ᠎ᠠ ᠶᠢ ᠲᠠᠨᠢᠯᠴᠠᠭᠤᠯᠤᠶ᠎ᠠ᠄              1 ᠴᠡᠪᠡᠷ ᠤᠰᠤᠨ ᠳᠤ ᠳᠡᠪᠲᠦᠭᠡᠬᠦ᠃ ᠨᠣᠭᠤᠭ᠎ᠠ ᠪᠠᠨ ᠬᠠᠭᠤᠷᠬᠤ ᠠᠴᠠ ᠡᠮᠦᠨ᠎ᠡ 20℃~25℃ ᠤᠨ  ᠴᠡᠪᠡᠷ‌ᠤᠰᠤᠨ ᠳᠤ 10 ᠮᠢᠨᠦ᠋ᠲ ᠳᠡᠪᠲᠦᠭᠡᠵᠦ᠂ ᠲᠠᠷᠠᠭ᠎ᠠ ᠨᠢ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃            ᠪᠤᠳᠠᠭ᠎ᠠ ᠣᠬᠢᠶᠠᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠳᠠᠭ᠎ᠠ ᠣᠬᠢᠶᠠᠭᠰᠠᠨ ᠤᠰᠤ ᠪᠠᠷ  5  ~10ᠮᠢᠨᠦ᠋ᠲ ᠳᠡᠪᠲᠦᠭᠡᠵᠦ᠂ ᠳᠠᠬᠢᠨ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃              ᠳᠠᠪᠤᠰᠤ ᠲᠠᠢ ᠤᠰᠤᠨ ᠳᠤ ᠳᠡᠪᠲᠦᠭᠡᠬᠦ᠃ ᠨᠣᠭᠤᠭ᠎ᠠ ᠪᠠᠨ 1 % ᠶᠢᠨ ᠳᠠᠪᠤᠰᠤ ᠲᠠᠢ ᠤᠰᠤ ᠪᠠᠷ ᠲᠡᠪᠳᠡᠭᠡᠵᠤ  20ᠮᠢᠨᠦ᠋ᠲ ᠤᠨ ᠳᠠᠷᠠᠭ᠎ᠠ ᠣᠬᠢᠶᠠᠨ᠎ᠠ᠃ ᠳᠠᠪᠤᠰᠤᠨ ᠤ ᠥᠳᠬᠡᠴᠡ ᠶᠢ ᠬᠡᠲᠦᠷᠬᠡᠶ ᠶᠡᠭᠡ ᠪᠠᠶᠢᠯᠭᠠᠵᠤ ᠪᠣᠯᠬᠤ ᠦᠭᠡᠢ᠃             ᠪᠤᠴᠠᠯᠤᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠴᠠᠯᠤᠭᠰᠠᠨ ᠣᠰᠣᠨ ᠳᠤ 2 ᠮᠢᠨᠦ᠋ᠲ ᠲᠡᠪᠳᠡᠭᠡᠨ᠎ᠡ᠃ᠭᠡᠪᠡᠴᠦ ᠡᠶᠢᠮᠤ ᠠᠷᠭ᠎ᠠ ᠨᠢ ᠢᠳᠡᠰᠢᠨ ᠨᠣᠭᠤᠭ᠎ᠠ ᠶᠢᠨ ᠬᠡᠰᠡᠭ ᠰᠢᠮ᠎ᠡ ᠲᠡᠵᠢᠭᠡᠯ ᠢ ᠠᠯᠳᠠᠭᠳᠠᠭᠤᠯᠤᠨ᠎ᠠ᠃              ᠳᠡᠭᠡᠷᠡᠬᠢ 4 ᠵᠦᠢᠯ ᠤᠨ ᠠᠷᠭ᠎ᠠ ᠠᠴᠠ ᠭᠠᠳᠠᠨ᠎ᠠ᠂  ᠪᠠᠰᠠ ᠤᠷᠤᠰᠬᠠᠯ ᠤᠰᠤ ᠪᠠᠷ ᠱᠦᠷᠬᠦᠭᠡᠵᠤ ᠣᠬᠢᠶᠠᠬᠤ᠂ᠬᠠᠯᠢᠰᠤ ᠶᠢ ᠨᠢ ᠠᠷᠢᠯᠭᠠᠬᠤ᠂ 24 ᠴᠠᠭ ᠲᠠᠯᠪᠢᠬᠤ ᠵᠡᠷᠭᠡ ᠠᠷᠭ᠎ᠠ ᠶᠢ ᠠᠪᠴᠤ ᠪᠣᠯᠤᠨ᠎ᠠ᠂ ᠡᠨᠡ ᠨᠢ ᠨᠣᠭᠤᠭ᠎ᠠ ᠶᠢᠨ  ᠲᠣᠳᠣᠷᠠᠬᠢ‌‍ᠲ᠋ᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠳᠤ ᠪᠠᠰᠠ ᠨᠡᠯᠢᠶᠡᠳ ᠰᠠᠶᠢᠨ ᠦᠢᠯᠡᠳᠦᠯ ᠲᠠᠢ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号