ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠄ ᠴᠠᠭ ᠮᠥᠴᠡ ᠲᠠᠢ ᠤᠷᠤᠯᠳᠤᠨ ᠠᠵᠢᠯᠯᠠᠵᠤ᠂ ᠨᠢᠬᠡ ᠯᠠ ᠠᠮᠢᠰᠬᠤᠭ᠎ᠠ ᠪᠠᠷ ᠬᠦᠴᠦᠯᠡᠨ ᠲᠠᠮᠡᠴᠡᠨ᠎ᠡ
ᠨᠡᠶᠢᠲᠡᠯᠡᠭᠰᠡᠨ ᠴᠠᠭ᠄
2022/11/8
   ᠤᠮᠤᠭ ᠵᠤᠷᠢᠭ ᠪᠠᠳᠠᠷᠠᠩᠭᠤᠢ ᠪᠠᠷ ᠵᠤᠷᠢᠬᠳᠠᠢ ᠤᠷᠤᠭᠰᠢᠯᠠᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ   ᠦᠨᠡᠨᠬᠦ ᠬᠥᠨᠳᠡᠯᠡᠨ ᠲᠣᠭᠤᠷᠢᠭ ᠤᠨ ᠠᠮᠢᠳᠤᠯᠢᠭ ᠦᠶᠯᠡᠳᠦᠯᠭᠡ ᠪᠣᠯᠭᠠᠨ ᠬᠤᠪᠢᠷᠠᠭᠤᠯᠤᠨ᠎ᠠ         — ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠶᠢ ᠰᠤᠷᠪᠤᠯᠵᠢᠯᠠᠭᠰᠠᠨ ᠨᠢ    ︽ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠳᠤ ᠦᠷᠭᠦᠯᠵᠢᠯᠡᠨ ᠤᠷᠤᠭᠰᠢᠯᠠᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠪᠡ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠠᠭᠤᠤ ᠶᠡᠭᠡ ᠨᠠᠮ ᠪᠠᠶᠢᠭᠤᠯᠤᠬᠰᠠᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ 78 ᠲᠦᠮᠡᠨ ᠺᠠᠳ᠋ᠷ ᠤᠯᠠᠨ ᠲᠦᠮᠡᠨ ᠢ ᠳᠠᠶᠢᠴᠢᠯᠠᠨ ᠳᠠᠭᠠᠭᠤᠯᠵᠤ ᠳᠤᠮᠳᠠᠳᠤ ᠤᠯᠤᠰ ᠤᠨ ᠮᠠᠶ᠋ᠢᠭ ᠎ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠭᠤᠣᠯ ᠡᠭᠦᠷᠭᠡ ᠶᠢ ᠡᠴᠦᠰ ᠲᠤᠨᠢ ᠲᠤᠯᠳᠠᠯ᠎ᠠ ᠠᠳᠬᠤᠵᠤ᠂ ᠦᠷ᠎ᠡ ᠪᠦᠲᠦᠮᠵᠢ ᠭᠠᠷᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠨ᠎ᠠ︾᠃ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠬᠥᠨᠳᠡᠯᠡᠨ ᠲᠣᠭᠤᠷᠢᠭ ᠤᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠴᠠᠭ ᠮᠥᠴᠡ ᠲᠠᠢ ᠤᠷᠤᠯᠳᠤᠨ ᠠᠵᠢᠯᠯᠠᠵᠤ᠂ ᠨᠢᠬᠡ ᠯᠠ ᠠᠮᠢᠰᠬᠤᠭ᠎ᠠ ᠪᠠᠷ ᠬᠦᠴᠦᠯᠡᠨ ᠵᠢᠳᠬᠦᠵᠤ᠂ ᠪᠦᠬᠦ ᠬᠦᠴᠦᠨ ᠢᠶᠠᠷ ᠢᠶᠠᠨ ᠪᠤᠭᠤᠲᠤ ᠶᠢᠨ ᠲᠥᠯᠥᠭᠡ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾᠎ ᠶᠢ ᠦᠢᠯᠡᠳᠦᠯᠭᠡᠵᠢᠭᠦᠯᠦᠨ᠎ᠡ ᠭᠡᠪᠡ᠃     ᠎ ᠶᠢᠨ ᠶᠦᠩ ᠯᠢ᠂ ᠬᠥᠨᠳᠡᠯᠡᠨ ᠲᠣᠭᠤᠷᠢᠭ ᠬᠤᠲᠠ ᠶᠢᠨ ᠨᠠᠮ ᠤᠨ ᠬᠤᠷᠢᠶᠠᠨ ᠤ ᠳᠤᠷᠠᠳᠤᠭᠰᠠᠨ ︽ᠲᠡᠦᠬᠡ ᠶᠢᠨ ᠬᠠᠮᠤᠭ ᠤᠨ ᠥᠨᠳᠥᠷ ᠲᠦᠪᠰᠢᠨ ᠢ ᠲᠡᠮᠡᠴᠡᠬᠦ︾ ᠬᠠᠷᠠᠯᠲᠠ ᠶᠢ ᠤᠨᠢᠯᠠᠵᠤ᠂ ᠪᠣᠯᠣᠳ ᠲᠡᠮᠦᠷ᠂ ᠬᠤᠪᠣᠷ ᠰᠢᠷᠣᠶ ᠲᠡᠮᠦᠷᠯᠢᠭ ᠬᠠᠶᠢᠯᠤᠭᠤᠯᠬᠤ ᠵᠡᠷᠭᠡ ᠤᠯᠠᠮᠵᠢᠯᠠᠯᠲᠤ ᠠᠵᠤ ᠦᠶᠯᠡᠰ ᠤᠨ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ ᠠᠰᠢᠭᠯᠠᠨ ᠠᠵᠤ ᠦᠶᠯᠡᠰ ᠤᠨ ᠪᠦᠳᠦᠴᠡ ᠳᠡᠭᠡᠨ ᠲᠣᠬᠢᠷᠠᠭᠤᠯᠤᠯᠲᠠ ᠬᠢᠬᠦ ᠪᠠ ᠲᠠᠰ ᠳᠡᠪᠰᠢᠭᠦᠯᠦᠨ ᠦᠶ᠎ᠡ ᠰᠣᠯᠢᠬᠤ ᠶᠢ ᠢᠳᠡᠪᠬᠢᠲᠡᠶ ᠠᠬᠢᠭᠤᠯᠤᠨ᠎ᠠ︔ ᠸᠧᠢ ᠡᠯ ᠬᠠᠭᠠᠰ ᠳᠠᠮᠵᠢᠭᠤᠯᠤᠭᠴᠢ ᠶᠢᠨ ᠴᠠᠬᠢᠮ ᠢᠯᠳᠡᠰᠦ ᠵᠡᠷᠭᠡ ᠣᠶᠤᠨᠴᠢ ᠦᠢᠯᠡᠳᠬᠦ ᠲᠥᠷᠥᠯ ᠵᠦᠢᠯ ᠳᠤ ᠲᠦᠰᠢᠭᠯᠡᠨ᠂ ︽ᠴᠠᠬᠢᠮ ᠢᠯᠳᠡᠰᠤ ᠪᠠᠷ ᠣᠶᠤᠨᠴᠢ ᠦᠢᠯᠡᠳᠬᠦ ᠶᠢ ᠲᠡᠶᠢᠴᠢᠯᠠᠬᠤ ᠠᠵᠤ ᠦᠢᠯᠡᠰ ᠤᠨ ᠬᠦᠷᠢᠶᠡᠯᠡᠩ︾᠎ ᠢ ᠲᠦᠷᠭᠡᠳᠬᠡᠨ ᠪᠠᠶᠢᠭᠤᠯᠤᠨ᠎ᠠ︔ ᠲᠦᠩ ᠸᠧᠶ᠂ ᠰᠢᠨ ᠶᠤᠸᠠᠨ᠂ ᠯᠦᠩ ᠮᠠ ᠵᠡᠷᠭᠡ ᠲᠣᠮᠣ ᠲᠥᠷᠥᠯ ᠵᠦᠶᠯ ᠤᠨ ᠬᠡᠷᠡᠯᠴᠢ ᠴᠡᠨᠡᠭ ᠤᠨ ᠰᠢᠨ᠎ᠡ ᠡᠨᠧᠷᠭᠢ᠂ ᠰᠠᠯᠬᠢᠨ ᠬᠦᠴᠦᠨ ᠤ ᠴᠠᠬᠢᠯᠭᠠᠨ ᠤ ᠲᠤᠨᠤᠬᠯᠠᠯ ᠦᠶᠯᠡᠳᠬᠦ ᠵᠡᠷᠭᠡ ᠠᠵᠤ ᠦᠶᠯᠡᠰ ᠤᠨ ᠨᠢᠭᠡᠨᠲᠡ ᠪᠦᠷᠢᠯᠳᠦᠬᠦᠯᠦᠭᠰᠡᠨ ᠨᠥᠯᠥᠭᠡ ᠪᠠ ᠴᠤᠬᠯᠠᠷᠠᠯ ᠤᠨ ᠦᠶᠯᠡᠳᠦᠯ ᠢ ᠭᠦᠶᠴᠡᠳ ᠠᠰᠢᠭᠯᠠᠨ᠂ ᠣᠨᠴᠠ ᠲᠥᠷᠥᠯ ᠤᠨ ᠪᠣᠯᠣᠳ᠂ ᠲᠣᠭᠲᠠᠮᠠᠯ ᠰᠣᠷᠢᠨᠵᠢᠨ ᠮᠠᠲ᠋ᠧᠷᠢᠶᠠᠯ᠂ ᠡᠨᠧᠷᠭᠢ ᠬᠠᠳᠠᠭᠠᠯᠠᠬᠤ᠂ ᠬᠡᠷᠡᠯᠴᠢ ᠴᠡᠨᠡᠭ ᠤᠨ ᠢᠯᠳᠡᠰᠤ᠂ ᠳ᠋ᠢᠶᠠᠨ ᡂᠢ ᠶᠢᠨ ᠢᠯᠲᠠᠰᠤ ᠪᠠ ᠰᠡᠯᠪᠢᠭ ᠲᠣᠨᠤᠭ᠂ ᠵᠢᠶᠠᠰᠠ ᠵᠡᠷᠭᠡ ᠡᠴᠦᠰ ᠤᠨ ᠬᠡᠯᠬᠢᠶ᠎ᠡ ᠶᠢᠨ ᠢᠵᠢ ᠪᠥᠷᠢᠳᠦᠭᠦᠯᠬᠦ ᠠᠵᠤ ᠦᠶᠯᠡᠰ ᠤᠨ ᠲᠥᠷᠥᠯ ᠵᠦᠶᠯ ᠢ ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ ᠡᠯ᠎ᠡ ᠠᠵᠤ ᠦᠶᠯᠡᠰ ᠤᠨ ᠲᠡᠭᠡᠳᠤ ᠲᠡᠰ ᠤᠨ ᠬᠡᠯᠬᠢᠶ᠎ᠡ ᠶᠢ ᠨᠥᠬᠦᠪᠥᠷᠢᠯᠡᠬᠦ᠂ ᠡᠴᠦᠰ ᠤᠨ ᠬᠡᠯᠬᠢᠶ᠎ᠡ ᠶᠢ ᠤᠷᠲᠤᠳᠬᠠᠬᠤ᠂ ᠪᠦᠬᠦᠯᠢ ᠴᠣᠭᠴᠠ ᠪᠠᠷ ᠬᠡᠯᠬᠢᠶ᠎ᠡ ᠶᠢ ᠬᠦᠴᠦᠷᠬᠡᠭᠵᠢᠭᠦᠯᠬᠦ ᠶᠢ ᠠᠬᠢᠭᠤᠯᠤᠨ᠎ᠠ︔ ︽ᠬᠤᠶᠠᠷ ᠰᠢᠨ᠎ᠡ︾᠎ ᠪᠠᠷ ᠤᠳᠤᠷᠢᠳᠤᠮᠵᠢ ᠪᠣᠯᠭᠠᠬᠤ᠂ ᠬᠡᠮᠵᠢᠶ᠎ᠡ ᠶᠢ ᠨᠡᠮᠡᠭᠳᠡᠭᠦᠯᠬᠦ ᠤᠬᠠᠮᠰᠠᠷ ᠢᠶᠠᠷ ᠲᠥᠷᠥᠯ ᠵᠦᠢᠯ ᠢ ᠣᠷᠣᠭᠤᠯᠤᠨ ᠠᠪᠴᠢᠷᠠᠵᠤ ᠨᠤᠳᠤᠬᠰᠢᠭᠤᠯᠬᠤ ᠵᠢᠴᠢ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠨ ᠦᠷ᠎ᠡ ᠠᠰᠢᠭ ᠣᠯᠬᠤ ᠬᠠᠷᠠᠯᠳᠠ ᠎ ᠳᠤ ᠬᠦᠷᠬᠦ ᠵᠡᠷᠭᠡ ᠡᠯ᠎ᠡ ᠵᠦᠢᠯ ᠤᠨ ᠠᠵᠢᠯ ᠢ ᠴᠢᠩᠭ᠎ᠠ ᠪᠤᠳᠠᠳᠠᠢ ᠠᠳᠬᠤᠵᠤ᠂ ᠤᠯᠠᠮᠵᠢᠯᠠᠯᠲᠤ ᠠᠵᠤ ᠦᠢᠯᠡᠰ ᠢ ᠳᠤᠮᠳᠠ ᠲᠡᠭᠡᠳᠤ ᠳᠡᠰᠵᠢᠬᠦᠯᠦᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠤᠨ᠎ᠠ ᠬᠡᠵᠤ ᠢᠯᠡᠷᠬᠡᠶᠢᠯᠡᠪᠡ᠃    ᠬᠥᠨᠳᠡᠯᠡᠨ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ ᠯᠠᠪᠳᠠᠭᠤᠨ ᠪᠠᠲᠤᠲᠠᠶ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠦᠯᠡᠳᠡᠵᠤ ᠪᠠᠶᠢᠭ᠎ᠠ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ᠂  ᠵᠠᠰᠠᠮᠠᠯ ᠵᠠᠮ ᠤᠨ ᠪᠠᠶᠢᠭᠤᠯᠤᠯᠲᠠ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠡᠭᠦᠯ ᠬᠤᠷᠢᠶᠠᠬᠤ ᠠᠵᠢᠯ ᠢ ᠠᠯᠢ ᠴᠢᠳᠠᠬᠤ ᠪᠠᠷ ᠲᠦᠷᠭᠡᠳᠬᠡᠨ ᠪᠡᠶᠡᠯᠡᠬᠦᠯᠵᠤ᠂ ᠭᠤᠤᠯᠳᠠᠯᠭ᠎ᠠ ᠲᠠᠢ ᠬᠦᠮᠦᠰ ᠲᠤ ᠠᠩᠬᠠᠷᠤᠯ ᠢᠶᠠᠨ ᠲᠥᠪᠯᠡᠷᠡᠭᠦᠯᠦᠨ᠂ ᠠᠵᠢᠯ ᠣᠯᠭᠤᠯᠲᠠ ᠂ ᠨᠡᠶᠢᠭᠡᠮ ᠤᠨ ᠪᠠᠲᠤᠯᠠᠭ᠎ᠠ ᠵᠡᠷᠭᠡ ᠦᠨᠳᠦᠰᠦᠨ ᠵᠦᠶᠯ ᠢ ᠪᠠᠲᠤᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠣᠷᠣᠨ ᠪᠦᠰᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠠᠵᠢᠯᠯᠠᠭ᠎ᠠ ᠶᠢ ᠭᠦᠨᠵᠡᠬᠡᠶᠢᠷᠡᠬᠦᠯᠦᠨ ᠠᠬᠢᠭᠤᠯᠵᠤ᠂ ᠲᠣᠮᠣ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠦᠶᠯᠡᠴᠢᠯᠡᠭᠡᠨ ᠤ ᠪᠠᠲᠤᠯᠠᠭ᠎ᠠ᠂ ᠲᠣᠮᠣ ᠬᠥᠮᠦᠨ ᠠᠮᠠ ᠶᠢᠨ ᠰᠠᠭᠤᠷᠢ ᠲᠤᠭ᠎ᠠ ᠬᠠᠮᠲᠤ ᠪᠠᠷ ᠪᠠᠶᠠᠵᠢᠬᠤ᠂ ᠲᠣᠮᠣ ᠳ᠋ᠠᠶᠢᠲ᠋ᠠ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠲᠤᠯᠭᠠᠭᠤᠷᠢᠯᠠᠭᠤᠯᠬᠤ᠂ ᠲᠤᠮᠤ ᠨᠠᠮ ᠤᠨ ᠪᠠᠶᠢᠭᠤᠯᠤᠯᠲᠠ ᠪᠠᠷ ᠬᠠᠮᠵᠢᠯᠴᠠᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠰᠢᠨ᠎ᠡ ᠬᠢᠯᠠᠰ ᠴᠡᠭ ᠢ ᠪᠤᠢ ᠪᠤᠯᠭᠠᠨ᠎ᠠ᠂ ᠰᠢᠨ᠎ᠡ ᠲᠤᠷᠰᠢᠯᠲᠠ ᠶᠢᠨ ᠴᠡᠭ ᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠤᠨ᠎ᠠ᠂ ᠨᠠᠩ ᠣᠯᠠᠨ ︽ᠬᠥᠨᠳᠡᠯᠡᠨ ᠲᠣᠭᠤᠷᠢᠭ ᠤᠨ ᠵᠠᠭᠪᠤᠷ︾᠎ ᠂  ︽ᠬᠥᠨᠳᠡᠯᠡᠨ ᠲᠣᠭᠤᠷᠢᠭ ᠤᠨ ᠲᠦᠷᠦᠯ ᠲᠡᠮᠳᠡᠭ︾᠎ ᠢ ᠴᠢᠷᠮᠠᠶᠢᠨ ᠡᠭᠦᠳᠴᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠳᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠠᠩ ᠴᠢᠩᠭ᠎ᠠ ᠨᠠᠩ ᠦᠷᠭᠦᠯᠵᠢᠯᠡᠬᠦᠯᠬᠦ  ᠪᠤᠯᠭᠠᠨ᠎ᠠ᠃    ︽︿ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ﹀ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠨᠠᠭᠰᠢᠳᠠ ᠴᠢᠩᠭᠠᠳᠬᠠᠵᠤ᠂ ᠲᠤᠶᠢᠯᠪᠤᠷᠢᠳᠠᠢ ᠥᠪᠡᠷ ᠪᠡᠶ᠎ᠡ ᠶᠢᠨ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ  ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ︾  ᠃  ᠶᠢᠨ ᠶᠦᠩ ᠯᠢ᠂ ᠬᠥᠨᠳᠡᠯᠡᠨ ᠲᠣᠭᠤᠷᠢᠭ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠣᠷᠴᠢᠨ ᠲᠣᠭᠤᠷᠢᠨ ᠪᠣᠯᠤᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠨᠠᠭᠰᠢᠳᠠ ᠪᠤᠢ ᠪᠣᠯᠭᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠢ ᠠᠬᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠨ᠎ᠠ ᠭᠡᠵᠦ ᠢᠯᠡᠳᠬᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号