ᠶᠢᠨ ᠶᠦᠩ ᠯᠢ᠂ ᠲᠢᠶᠠᠨ ᠬᠤᠩ ᠴᠧᠩ ᠲᠥᠪᠯᠡᠷᠡᠭᠦᠯᠦᠨ ᠲᠤᠰᠠᠭᠠᠷᠯᠠᠬᠤ ᠴᠢᠩᠭᠡᠯᠢᠭ ᠢ ᠪᠦᠲᠦᠭᠡᠨ ᠪᠠᠶᠢᠭᠤᠯᠵᠤ ᠥᠭᠡᠷᠡᠴᠢᠯᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/11/8
    11 ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠲᠥᠪᠯᠡᠷᠡᠭᠦᠯᠦᠨ ᠲᠤᠰᠠᠭᠠᠷᠯᠠᠬᠤ ᠴᠢᠩᠭᠡᠯᠢᠭ ᠢ ᠪᠥᠲᠥᠭᠡᠨ ᠪᠠᠶᠢᠭᠤᠯᠵᠤ ᠥᠭᠡᠷᠡᠴᠢᠯᠡᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠶᠢᠨ ᠶᠦᠩ ᠯᠢ᠂ ᠲᠢᠶᠠᠨ ᠬᠤᠩ ᠴᠧᠩ ᠤᠷᠢᠳ ᠬᠤᠵᠢᠳ ᠴᠢᠩᠭᠡᠯᠢᠭ ᠲᠤᠰᠠᠭᠠᠷᠯᠠᠬᠤ ᠴᠡᠭ᠂ ᠨᠡᠶᠢᠭᠡᠮ ᠤᠨ ᠦᠶᠯᠡᠳᠦᠯᠭᠡ ᠶᠢᠨ ᠰᠤᠷᠭᠠᠭᠤᠯᠢ᠂ ᠴᠠᠭᠠᠨ ᠬᠤᠳᠠ ᠲᠦᠷᠪᠡᠳᠦᠬᠡᠷ ᠲᠣᠰᠬᠤᠨ ᠪᠣᠯᠤᠨ ᠢᠦᠶ ᠴᠢᠤᠸᠠᠨ ᠲᠣᠰᠬᠤᠨ ᠳᠤ ᠬᠦᠷᠴᠦ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤᠨ ᠪᠦᠲᠦᠴᠡ ᠶᠢᠨ ᠪᠠᠶᠢᠷᠢᠰᠢᠭᠤᠯᠤᠯᠲᠠ᠂ ᠪᠠᠭᠲᠠᠭᠠᠮᠵᠢ᠂ ᠢᠵᠢ ᠪᠥᠷᠢᠳᠦᠭᠦᠯᠦᠭᠰᠡᠨ ᠲᠥᠬᠦᠭᠡᠷᠦᠮᠵᠢ᠂ ᠡᠷᠬᠢᠨ ᠲᠣᠭᠤᠷᠢᠨ ᠤ ᠣᠷᠴᠢᠨ ᠨᠦᠬᠦᠴᠡᠯ᠂ ᠲᠥᠷᠥᠯ ᠵᠦᠶᠯ ᠤᠨ ᠬᠡᠷᠡᠭᠰᠡᠬᠦ ᠪᠠᠷᠢᠯᠭ᠎ᠠ ᠶᠢᠨ ᠬᠤᠭᠤᠴᠠᠭ᠎ᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠤᠶᠢᠯᠠᠭᠠᠨ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠲᠠᠯᠠᠪᠠᠶ ᠳᠤ ᠰᠤᠳᠤᠯᠤᠨ ᠰᠢᠶᠳᠪᠦᠷᠢᠯᠡᠬᠦ ᠶᠢᠨ ᠬᠠᠮᠲᠤ ᠪᠥᠲᠥᠭᠡᠨ ᠪᠠᠶᠢᠭᠤᠯᠵᠤ ᠥᠭᠡᠷᠡᠴᠢᠯᠡᠬᠦ ᠪᠣᠳᠠᠲᠠᠶ ᠠᠵᠢᠯ ᠳᠤ ᠵᠢᠯᠣᠭᠤᠳᠬᠤ ᠰᠠᠨᠠᠯ ᠪᠠ ᠱᠠᠭᠠᠷᠳᠠᠯᠭ᠎ᠠ ᠳᠤᠷᠠᠳᠪᠠ᠃      ᠶᠢᠨ ᠶᠦᠩ ᠯᠢ᠂ ᠲᠤᠰᠠᠭᠠᠷᠯᠠᠬᠤ ᠴᠢᠩᠭᠡᠯᠢᠭ ᠢ ᠪᠦᠳᠦᠭᠡᠨ ᠪᠠᠶᠢᠭᠤᠯᠬᠤ ᠪᠣᠯ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠵᠠᠮ ᠢ ᠪᠦᠲᠦᠮᠵᠢᠲᠡᠢ ᠲᠠᠰᠤᠯᠬᠤ ᠵᠠᠩᠭᠢᠯᠠᠭ᠎ᠠ ᠶᠢᠨ ᠭᠤᠭᠴᠤᠭ᠎ᠠ ᠪᠠ ᠴᠢᠬᠤᠯᠠ ᠰᠡᠷᠭᠡᠶᠢᠯᠡᠯᠲᠡ ᠶᠢᠨ ᠱᠤᠭᠤᠮ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠥᠪᠯᠡᠷᠡᠭᠦᠯᠦᠨ ᠲᠤᠰᠠᠭᠠᠷᠯᠠᠬᠤ ᠴᠢᠩᠭᠡᠯᠢᠭ ᠢ ᠪᠦᠳᠦᠭᠡᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠬᠠᠮᠵᠢᠯᠴᠠᠨ ᠠᠵᠢᠯᠯᠠᠬᠤ ᠶᠢ ᠴᠢᠩᠭᠠᠳᠬᠠᠵᠤ᠂ ᠪᠠᠷᠢᠮᠵᠢᠶᠠᠵᠢᠭᠤᠯᠤᠭᠰᠠᠨ ᠲᠥᠪᠯᠡᠷᠡᠭᠦᠯᠦᠨ ᠲᠤᠰᠠᠭᠠᠷᠯᠠᠬᠤ ᠴᠢᠩᠭᠡᠯᠢᠭ ᠢ ᠪᠦᠳᠦᠭᠡᠨ ᠪᠠᠶᠢᠭᠤᠯᠵᠤ ᠥᠭᠡᠷᠡᠴᠢᠯᠡᠨ ᠪᠠᠶᠢᠭᠤᠯᠬᠤ ᠶᠢ ᠲᠦᠷᠭᠡᠳᠬᠡᠬᠦ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠦᠨ ᠠᠷᠭ᠎ᠠ ᠪᠤᠳᠤᠯᠭ᠎ᠠ ᠠᠪᠬᠤ ᠪᠠᠨ ᠴᠢᠩᠭᠠᠳᠬᠠᠵᠤ᠂ ᠣᠲᠣ ᠶᠢᠨ ᠪᠠᠶᠢᠭ᠎ᠠ ᠡᠬᠢ ᠪᠠᠶᠠᠯᠢᠭ ᠢ ᠭᠦᠶᠴᠡᠳ ᠨᠡᠶᠢᠳᠬᠡᠵᠤ ᠠᠰᠢᠭᠯᠠᠨ ᠲᠥᠪᠯᠡᠷᠡᠭᠦᠯᠦᠨ ᠲᠤᠰᠠᠭᠠᠷᠯᠠᠬᠤ ᠴᠢᠩᠭᠡᠯᠢᠭ ᠢ ᠪᠥᠲᠥᠭᠡᠨ ᠪᠠᠶᠢᠭᠤᠯᠵᠤ ᠥᠭᠡᠷᠡᠴᠢᠯᠡᠨ᠂ ᠰᠢᠨᠵᠢᠯᠡᠬᠦ ᠤᠬᠠᠭᠠᠨᠴᠢ ᠪᠠᠷ ᠭᠠᠵᠠᠷ ᠰᠣᠩᠭᠤᠬᠤ᠂ ᠵᠢᠷᠤᠮᠵᠢᠭᠤᠯᠤᠨ ᠪᠠᠶᠢᠷᠢᠯᠠᠭᠤᠯᠬᠤ ᠶᠢ ᠴᠢᠩᠭᠠᠳᠬᠠᠵᠤ᠂ ︽ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ︾ ᠵᠡᠷᠭᠡ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠲᠤᠰᠠᠭᠠᠷᠯᠠᠬᠤ ᠴᠢᠩᠭᠡᠯᠢᠭ ᠢ ᠠᠮᠤᠷ ᠲᠦᠪᠰᠢᠨ ᠢᠶᠠᠷ ᠵᠢᠷᠤᠮᠵᠢᠩᠭᠤᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠶ᠃ ᠪᠥᠲᠥᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠡᠵᠡᠮᠳᠡᠨ᠂ ᠨᠠᠷᠢᠨ ᠵᠦᠶᠯᠡᠰ ᠤᠨ ᠵᠢᠷᠤᠭ ᠲᠥᠯᠥᠪᠯᠡᠭᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠤᠰᠤ᠂ ᠴᠠᠬᠢᠯᠭᠠᠨ᠂ ᠳᠤᠯᠠᠭᠠᠯᠠᠭ᠎ᠠ ᠵᠡᠷᠭᠡ ᠢᠵᠢ ᠪᠥᠷᠢᠳᠦᠭᠦᠯᠬᠦ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠠᠯᠬᠤᠮ ᠠᠯᠬᠤᠮ ᠢᠶᠠᠷ ᠠᠬᠢᠭᠤᠯᠵᠤ᠂ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠬᠤ᠂ ᠴᠢᠨᠠᠷ ᠰᠠᠶᠢᠲᠠᠶ ᠪᠠᠷ ᠪᠠᠷᠢᠯᠭ᠎ᠠ ᠪᠠᠷᠢᠬᠤ ᠶᠢ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃    ᠲᠤᠭᠤᠷᠢᠭ ᠤᠨ ᠤᠳᠤᠷᠢᠳᠤᠯᠭ᠎ᠠ ᠵᠠᠩ ᠶᠢᠨ ᠵᠦᠩ᠂ ᠵᠠᠢ ᠶᠦᠨ ᡂᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠨ ᠰᠤᠳᠤᠯᠪᠡ᠃ ︵ᠰᠤᠷᠪᠤᠯᠵᠢᠯᠠᠭᠴᠢ᠄ ᠰᠢᠶᠤᠤ ᠯᠢ ᠶᠢᠩ    ᠬᠢᠨᠠᠨ ᠬᠠᠷᠭᠤᠭᠤᠯᠤᠬᠰᠠᠨ   ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号