ᠬᠥᠨᠳᠡᠯᠡᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢᠯᠡᠨ ᠳ᠋ᠦᠩᠨᠡᠵᠤ ᠳᠡᠭᠡᠭᠰᠢᠯᠡᠭᠦᠯᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/8
    11 ᠰᠠᠷ᠎ᠠ ᠶᠢᠨ 6 ᠤ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠥᠨᠳᠡᠯᠡᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠡᠮᠬᠢᠯᠡᠨ ᠳ᠋ᠦᠩᠨᠡᠵᠤ ᠳᠡᠭᠡᠭᠰᠢᠯᠡᠭᠦᠯᠬᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠠᠮᠤᠭ ᠤᠨ ᠰᠢᠨ᠎ᠡ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠣᠰ ᠡᠭᠡᠯᠵᠢ ᠶᠢᠨ ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠵᠤ ᠰᠢᠶᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠳ᠋ᠦᠩᠨᠡᠵᠤ᠂ ᠲᠤᠷᠰᠢᠯᠭ᠎ᠠ ᠪᠠ ᠠᠷᠭ᠎ᠠ ᠬᠢᠳᠡᠯ ᠢᠶᠠᠨ ᠳ᠋ᠦᠩᠨᠡᠵᠤ᠂ ᠲᠣᠰ ᠡᠭᠡᠯᠵᠢ ᠶᠢᠨ ᠬᠢᠵᠢᠭ ᠤᠨ ᠪᠠᠶᠢᠳᠠᠯ ᠢ ᠰᠢᠶᠳᠪᠦᠷᠢᠯᠡᠬᠦ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠰᠡᠳᠬᠢᠮᠵᠢ ᠪᠠ ᠠᠷᠭ᠎ᠠ ᠬᠡᠮᠵᠢᠶ᠎ᠡ ᠶᠢ ᠰᠤᠳᠤᠯᠤᠨ ᠵᠠᠳᠠᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃
     ᠬᠤᠷᠠᠯ ᠠᠴᠠ᠂ ᠪᠦᠬᠦ ᠲᠤᠭᠤᠷᠢᠭ ᠳᠠᠶᠠᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠦᠪᠴᠢ  ᠶᠢ ᠦᠷᠭᠦᠯᠵᠢᠯᠡᠨ ᠴᠢᠩᠭᠠᠷᠠᠭᠤᠯᠵᠤ᠂ ᠲᠠᠶᠢᠪᠤᠰᠢᠷᠠᠬᠤ ᠪᠤᠳᠤᠯ᠂ ᠬᠠᠯᠠᠰᠢᠷᠠᠬᠤ ᠪᠤᠳᠤᠯ᠂ ᠭᠤᠷᠢᠳᠠᠬᠤ ᠪᠤᠳᠤᠯ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠨ᠎ᠡ ᠪᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠣᠯᠤᠨ ︽ᠡᠪᠡᠳᠴᠢᠨ ᠤ ᠵᠢᠱᠢᠶ᠎ᠡ ᠶᠢ ᠬᠦᠳᠡᠯᠦᠩᠬᠦᠢ ᠪᠠᠷ ᠦᠬᠡᠢ ᠪᠤᠯᠭᠠᠬᠤ︾ ᠶᠡᠷᠦᠩᠬᠡᠢ ᠴᠢᠭᠯᠡᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ  ᠢ ᠪᠦᠬᠦ ᠬᠦᠴᠦ ᠪᠠᠷ ᠢᠶᠠᠨ ᠪᠠᠬᠢᠵᠢᠭᠦᠯᠬᠦ ᠬᠡᠷᠡᠭᠲᠡᠢ᠃ ᠤᠯᠠᠮ ᠨᠢᠭᠡ ᠠᠯᠬᠤᠮ ᠡᠮᠬᠢᠯᠡᠨ ᠳ᠋ᠦᠩᠨᠡᠵᠦ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳᠡᠯᠭᠡᠷᠡᠭᠦᠯᠵᠦ᠂ ᠪᠡᠯᠡᠳᠬᠡᠯ ᠬᠦᠴᠦᠨ ᠢ ᠬᠦᠢᠴᠡᠳ ᠨᠦᠬᠦᠪᠦᠷᠢᠯᠡᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠱᠠᠯᠠᠪᠳᠠᠨ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠵᠢᠯ ᠤᠨ ᠶᠠᠪᠤᠴᠠ ᠶᠢ ᠵᠢᠷᠤᠮᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠥᠨᠳᠥᠷ ᠪᠦᠲᠦᠮᠵᠢᠲᠡᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠦᠬᠦ ᠶᠠᠪᠤᠴᠠ ᠶᠢᠨ ᠬᠠᠮᠢᠶᠠᠷᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠭᠤᠣᠯᠳᠠᠯᠭ᠎ᠠ ᠲᠠᠢ ᠬᠥᠮᠦᠰ ᠢ ᠨᠡᠩ ᠬᠦᠴᠦᠲᠡᠢ ᠬᠠᠮᠢᠶᠠᠷᠤᠨ ᠡᠵᠡᠮᠳᠡᠵᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠬᠢᠵᠢᠭ ᠤᠨ ᠡᠬᠢ  ᠶᠢ ᠮᠦᠷᠳᠡᠨ ᠲᠤᠳᠤᠯᠠᠬᠤ ᠶᠢ ᠨᠡᠩ ᠲᠦᠷᠭᠡᠨ ᠪᠣᠯᠭᠠᠵᠤ᠂ ᠰᠢᠯᠵᠢᠭᠦᠯᠦᠨ ᠵᠥᠭᠡᠭᠡᠪᠦᠷᠢᠯᠡᠬᠦ ᠶᠢ ᠨᠡᠩ ᠵᠢᠷᠤᠮᠵᠢᠯ ᠲᠠᠢ ᠪᠣᠯᠭᠠᠵᠤ᠂ ᠪᠥᠭᠡᠮ ᠬᠦᠴᠢᠯ ᠤᠨ ᠪᠠᠶᠢᠴᠠᠭᠠᠯᠲᠠ ᠶᠢ ᠨᠡᠩ ᠥᠨᠳᠥᠷ ᠪᠦᠲᠦᠮᠵᠢᠲᠡᠢ ᠪᠣᠯᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠵᠡᠷᠭᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠᠷ ᠭᠤᠣᠯ ᠰᠢᠵᠢᠮ ᠪᠣᠯᠭᠠᠵᠤ ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ ᠠᠬᠤᠢ ᠶᠢᠨ ᠡᠷᠭᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠮᠤᠭ ᠤᠨ ᠰᠠᠶᠢᠨ ᠦᠷ᠎ᠡ ᠳ᠋ᠦᠩ ᠢ ᠤᠯᠬᠤ ᠪᠠᠷ ᠴᠢᠷᠮᠠᠶᠢᠬᠤ ᠬᠡᠷᠡᠭᠲᠡᠢ ᠬᠡᠵᠤ ᠱᠠᠭᠠᠷᠳᠠᠪᠠ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号