【ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠶ᠎ᠠ】ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠥᠨᠳᠡᠯᠡᠨ ᠲᠣᠭᠤᠷᠢᠭ ᠲᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2022/12/11
     12 ᠰᠠᠷ᠎ᠠ ᠶᠢᠨ 7 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠥᠨᠳᠡᠯᠡᠨ ᠲᠣᠭᠤᠷᠢᠭ ᠲᠤ ᠢᠷᠠᠵᠤ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠣᠨᠴᠠ ᠤᠷᠢᠭᠰᠠᠨ ᠫᠷᠤᠹᠧᠰᠰᠤᠷ᠂ ᠬᠤᠲᠠ ᠶᠢᠨ ᠨᠠᠮ ᠤᠨ ᠬᠤᠷᠢᠶᠠᠨ ᠤ ᠲᠥᠷᠥ ᠶᠢᠨ ᠪᠣᠳᠣᠯᠭ᠎ᠠ ᠰᠤᠳᠤᠯᠬᠤ ᠲᠠᠰᠤᠭ ︵ᠥᠭᠡᠷᠡᠴᠢᠯᠡᠯᠲᠡ ᠶᠢᠨ ᠠᠯᠪᠠᠨ ᠬᠡᠷ︶ ᠤᠨ ᠳᠡᠳ᠋ ᠡᠷᠬᠢᠯᠡᠭᠴᠢ ᠵᠣᠣ ᡁᠢ ᠭᠠᠩ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠲᠥᠷᠥᠭᠳᠡᠯ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠪᠠ᠃
     ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠳᠤ᠂ ᠵᠤᠤ ᡁᠢ ᠭᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ ᠪᠣᠯᠤᠨ ᠭᠤᠣᠯ ᠦᠷ᠎ᠡ ᠪᠦᠲᠦᠭᠡᠯ᠂ ᠥᠩᠭᠡᠷᠡᠭᠰᠡᠨ ᠲᠠᠪᠤᠨ ᠵᠢᠯ ᠤᠨ ᠠᠵᠢᠯ ᠪᠣᠯᠤᠨ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ᠂ ᠨᠡᠶᠢᠭᠡᠮ ᠵᠢᠷᠦᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠡᠭᠦᠷᠭᠡ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠪᠣᠯᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠲᠠᠯ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠰᠠᠨ ᠠᠭᠤᠯᠭ᠎ᠠ ᠨᠢ ᠪᠠᠶᠠᠯᠢᠭ᠂ ᠭᠤᠣᠯ ᠵᠣᠷᠢᠯᠲᠠ ᠨᠢ ᠲᠣᠳᠣᠷᠬᠠᠢ᠂ ᠲᠡᠰ ᠳᠠᠪᠬᠤᠷᠭ᠎ᠠ ᠨᠢ ᠨᠠᠷᠢᠯᠢᠭ᠂ ᠭᠦᠨᠵᠡᠭᠡᠢ ᠪᠥᠭᠡᠳ ᠣᠶᠢᠯᠠᠭᠠᠮᠵᠢᠲᠠᠢ᠂ ᠤᠨᠤᠯ ᠤᠨ ᠥᠭᠦᠯᠡᠯᠲᠡ ᠪᠠᠶᠢᠬᠤ ᠪᠠᠷ ᠪᠠᠷᠠᠬᠤ ᠦᠭᠡᠢ ᠪᠠᠰᠠ ᠬᠠᠵᠠᠭᠤ ᠶᠢᠨ ᠬᠡᠷᠡᠭ ᠶᠠᠪᠤᠳᠠᠯ ᠢᠶᠠᠷ ᠡᠰᠢ ᠲᠠᠲᠠᠭᠰᠠᠨ ᠭᠤᠶᠢᠳᠠ ᠰᠠᠶᠢᠬᠠᠨ ᠵᠠᠳᠠᠯᠤᠯᠲᠠ ᠲᠠᠢ᠂ ᠨᠡᠩ ᠴᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠢ ᠭᠦᠨᠵᠡᠭᠡᠢ ᠦᠵᠡᠯᠲᠡ ᠲᠠᠢ ᠪᠠᠶᠢᠵᠤ᠂ ᠦᠨᠳᠦᠰᠦᠨ ᠱᠠᠲᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠴᠢᠨᠠᠭᠰᠢᠳᠠ ᠭᠦᠨᠵᠡᠭᠡᠢ ᠰᠤᠷᠤᠯᠴᠠᠨ ᠣᠶᠢᠯᠠᠭᠠᠬᠤ ᠳᠤ ᠲᠦᠢᠯ ᠤᠨ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠤᠯᠵᠠᠢ᠃    ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷ ᠨᠠᠷᠢᠨ ᠬᠢᠨᠠᠮᠠᠭᠠᠶ ᠰᠣᠨᠣᠰᠴᠤ᠂ ᠨᠠᠷᠢᠯᠢᠭ ᠲᠡᠮᠳᠡᠭᠯᠡᠪᠡ᠃ ᠤᠯᠠᠨ ᠢᠶᠠᠷ ᠢᠶᠠᠨ᠂ ᠬᠤᠶᠢᠰᠢᠳᠠ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ᠠᠯᠢ ᠤᠯᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠠᠵᠢᠯ ᠤᠨ ᠦᠢᠯᠡᠳᠦᠯᠭᠡ ᠳᠤᠮᠳᠠ ᠪᠠᠨ ᠨᠠᠶᠢᠳᠠᠪᠤᠷᠢᠵᠢᠭᠤᠯᠵᠤ᠂ ᠰᠠᠶᠢᠳᠤᠷ ᠬᠢᠵᠤ ᠠᠵᠢᠯ ᠶᠠᠪᠤᠳᠠᠯ ᠪᠦᠲᠦᠭᠡᠬᠦ ᠪᠣᠳᠠᠲᠤ ᠠᠵᠢᠯᠯᠠᠭ᠎ᠠ ᠪᠠᠷ ᠢᠶᠠᠨ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠬᠦᠯᠦᠨ᠎ᠡ︾ ᠭᠡᠵᠦ ᠢᠯᠡᠳᠬᠡᠵᠡᠭᠡᠪᠡ᠃    ︽ᠥᠨᠥᠳᠦᠷ ᠤᠨ ᠤᠬᠠᠭᠤᠯᠤᠨ ᠲᠠᠶᠢᠯᠪᠤᠷᠢᠯᠠᠯᠲᠠ ᠨᠢ ᠨᠠᠮᠠᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠵᠠᠢ︾ ᠬᠡᠵᠤ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠮᠠ ᠳ᠋ᠢ᠄ ︽ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠪᠣᠯᠤᠭᠰᠠᠨ ᠤ ᠬᠤᠪᠢ ᠳᠤ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢᠭᠦᠶ ᠤᠳᠤᠷᠢᠳᠤᠯᠭ᠎ᠠ ᠶᠢ ᠪᠠᠷᠢᠮᠲᠠᠯᠠᠨ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠬᠦᠢᠴᠡᠳᠬᠡᠵᠤ᠂ ᠠᠮᠤᠭᠤᠯᠠᠩᠳᠤ ᠬᠥᠨᠳᠡᠯᠡᠨ ᠲᠣᠭᠤᠷᠢᠭ᠂ ᠬᠠᠤᠯᠢᠵᠢᠯ ᠤᠨ ᠬᠥᠨᠳᠡᠯᠡᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠤᠯᠤᠰ ᠲᠥᠷᠥ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠨ᠎ᠡ︕︾ ᠭᠡᠵᠦ ᠢᠯᠡᠳᠬᠡᠪᠡ᠃     ᠪᠠᠶᠠᠨ ᠤᠪᠤᠭ᠎ᠠ ᠵᠠᠮ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ᠂ ᠠᠷᠠᠳ ᠤᠨ ᠵᠠᠪᠰᠡᠭᠳᠤ ᠬᠦᠴᠦᠨ ᠤ ᠬᠡᠯᠳᠡᠰ ᠤᠨ ᠲᠠᠷᠤᠭ᠎ᠠ ᠨᠢᠦ ᠯᠢ ᠶᠠ ᠄ ︽ᠨᠢᠬᠡᠨ ᠦᠨᠳᠦᠰᠦᠨ ᠱᠠᠲᠤᠨ ᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠯᠠᠪᠳᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ︿ᠬᠤᠶᠠᠷ ᠢ ᠲᠣᠭᠲᠠᠭᠠᠬᠰᠠᠨ﹀ ᠢ ᠡᠷᠡᠰ ᠬᠦᠷᠢᠶᠡᠯᠡᠬᠦ᠂ ︿ᠬᠤᠶᠠᠷ ᠢ ᠬᠠᠮᠠᠭᠠᠯᠠᠬᠤ﹀ ᠶᠢ ᠡᠷᠡᠰ ᠪᠡᠶᠡᠯᠡᠭᠦᠯᠬᠦ ᠪᠣᠳᠠᠲᠠᠢ ᠠᠵᠢᠯᠯᠠᠭ᠎ᠠ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠵᠡᠭᠡᠯᠢ ᠭᠤᠳᠤᠮᠵᠢ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠵᠤ᠂ ᠦᠨᠡᠨ ᠪᠣᠳᠠᠲᠠᠢ ᠠᠵᠢᠯ ᠤᠨ ᠬᠢᠷᠢ ᠪᠦᠳᠦᠮᠵᠢ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠎ᠡ︾ ᠬᠡᠪᠡ᠃  ︵ᠰᠤᠷᠪᠤᠯᠵᠢᠯᠠᠭᠴᠢ  ᠄ ᠰᠢᠶᠤᠤ ᠯᠢ ᠢᠩ᠂ ᠯᠢᠦ ᠵᠧᠨ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号