ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠬᠦᠢᠴᠡᠳᠭᠡᠭᠰᠡᠨ ᠪᠠᠶᠢᠳᠠᠯ ᠢ ᠬᠠᠮᠲᠤ ᠪᠠᠷ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/12/12
    12 ᠰᠠᠷ᠎ᠠ ᠶᠢᠨ 8 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠦ᠋ ᠸᠧᠨ ᠴᠢᠩ᠂ ᠳᠡᠳ᠋ ᠲᠡᠷᠢᠭᠦᠯᠡᠭᠴᠢ ᠨᠢᠦ ᠱᠢ ᠸᠠᠩ᠂ ᠵᠣᠣ ᠳ᠋ᠠᠨ ᠮᠧᠶ᠂ ᠯᠢᠦ ᠹᠧᠩ ᠨᠡᠷ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠡᠰᠡᠭ ᠭᠡᠰᠢᠭᠦᠳ ᠢ ᠳᠠᠭᠠᠭᠤᠯᠤᠨ ᠮᠠᠨ ᠤ ᠲᠤᠭᠤᠷᠢᠭ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠰᠠᠭᠤᠷᠢᠨ ᠢ ᠪᠥᠲᠥᠭᠡᠨ ᠪᠠᠶᠢᠭᠤᠯᠬᠤ ᠶᠢᠨ ᠲᠤᠭᠤᠷᠢᠨ ᠳᠤ᠂ ᠠᠵᠤ ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ︾ ᠲᠤᠬᠠᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠮᠲᠤ ᠪᠠᠷ ᠰᠢᠨᠵᠢᠯᠡᠨ ᠪᠠᠶᠢᠴᠠᠭᠠᠪᠠ᠃ ᠲᠤᠭᠤᠷᠢᠭ ᠤᠨ ᠳᠡᠳ᠋ ᠳᠠᠷᠤᠭ᠎ᠠ ᠦ᠋ ᠱᠧᠨ ᠮᠦᠸᠧ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃
    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠮᠠᠷᠠᠲᠤ ᠶᠢᠨ ᠴᠢᠴᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠳᠤ ᠬᠦᠷᠴᠦ᠂ ᠲᠠᠪᠴᠠᠩ ᠤᠨ ᠬᠡᠪᠴᠢᠶ᠎ᠡ᠂ ᠪᠥᠲᠥᠭᠡᠨ ᠪᠠᠶᠢᠭᠤᠯᠤᠯᠲᠠ ᠶᠢᠨ ᠠᠬᠢᠴᠠ᠂ ᠲᠤᠰᠬᠠᠶ ᠮᠡᠷᠭᠡᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠵᠢᠴᠢ ᠣᠷᠣᠰᠢᠵᠤ ᠪᠠᠶᠢᠭ᠎ᠠ ᠬᠦᠴᠢᠷᠳᠡᠯ ᠵᠡᠷᠭᠡ ᠪᠠᠶᠢᠳᠠᠯ ᠤᠨ ᠲᠤᠬᠠᠶ ᠭᠤᠤᠯᠳᠠᠯᠭ᠎ᠠ ᠲᠠᠢ ᠰᠢᠨᠵᠢᠯᠡᠨ ᠪᠠᠶᠢᠴᠠᠭᠠᠵᠦ᠂ ᠲᠠᠨᠢᠯᠴᠠᠭᠤᠯᠭ᠎ᠠ ᠶᠢ ᠰᠣᠨᠣᠰᠬᠤ᠂ ᠪᠠᠶᠢᠳᠠᠯ ᠢ ᠠᠰᠠᠭᠤᠨ ᠯᠠᠪᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠰᠢᠨᠵᠢᠯᠡᠨ ᠪᠠᠶᠢᠴᠠᠭᠠᠬᠤ ᠳᠤᠭᠤᠶᠢᠯᠠᠩ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠰᠠᠭᠤᠷᠢᠨ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ ᠠᠵᠤ ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ︾ ᠲᠤᠬᠠᠶ ᠰᠠᠨᠠᠯ ᠳᠤᠷᠠᠳᠤᠯᠭ᠎ᠠ ᠶᠢ ᠰᠢᠢᠳᠪᠦᠷᠢᠯᠡᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠲᠣᠰ ᠲᠣᠰ ᠦᠭᠡ ᠶᠠᠷᠢᠭᠰᠠᠨ ᠪᠥᠭᠡᠳ ᠪᠣᠳᠠᠲᠠᠶ ᠪᠠᠶᠢᠳᠠᠯ ᠲᠠᠢ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠴᠠᠶ᠃
    ᠰᠢᠨᠵᠢᠯᠡᠨ ᠪᠠᠶᠢᠴᠠᠭᠠᠬᠤ ᠳᠤᠭᠤᠶᠢᠯᠠᠩ ᠲᠤᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ᠂ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠵᠥᠪᠯᠡᠬᠦ ᠠᠷᠠᠳᠴᠢᠯᠠᠯ ᠤᠨ ᠳᠤᠮᠳᠠᠬᠢ ᠰᠠᠨᠠᠯ ᠳᠤᠷᠠᠳᠤᠯᠭ᠎ᠠ ᠶᠢᠨ ᠥᠪᠡᠷᠮᠢᠴᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠰᠢᠢᠳᠪᠦᠷᠢᠯᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ᠴᠢᠳᠠᠪᠤᠷᠢᠲᠠᠨ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ︾ ᠶᠢ ᠪᠦᠬᠦ ᠲᠤᠭᠤᠷᠢᠭ ᠤᠨ ᠲᠤᠪᠤᠶᠢᠮ᠎ᠠ ᠪᠠᠶᠢᠯᠳᠤᠬᠤ ᠪᠤᠳᠤᠯᠭ᠎ᠠ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠲᠦᠷᠭᠡᠳᠬᠡᠵᠦ᠂ ᠰᠢᠨ᠎ᠡ ᠶᠢ ᠡᠬᠦᠳᠦᠭᠰᠡᠨ ᠰᠢᠯᠢᠳᠡᠭ ᠡᠬᠢ ᠪᠠᠶᠠᠯᠢᠭ ᠢ ᠲᠥᠪᠯᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ︽ᠠᠵᠤ ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ︾  ᠶᠢᠨ ᠭᠦᠨᠵᠡᠭᠡᠶ ᠠᠭᠤᠰᠤᠯᠴᠠᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ᠂ ᠲᠣᠭᠲᠠᠴᠠ᠂ ᠣᠷᠣᠭᠤᠯᠤᠯᠲᠠ ᠵᠡᠷᠭᠡ ᠲᠠᠯ᠎ᠠ ᠪᠠᠷ ᠬᠢ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ᠂ ᠠᠵᠤ ᠦᠢᠯᠡᠰ ᠤᠨ ᠲᠥᠷᠥᠯ ᠵᠦᠢᠯ ᠢᠶᠠᠷ ᠲᠤᠯᠭᠠᠭᠤᠷᠢᠯᠠᠯ ᠪᠣᠯᠭᠠᠵᠤ᠂ ᠠᠵᠤ ᠦᠢᠯᠡᠰ ᠢ ᠢᠵᠢ ᠪᠥᠷᠢᠳᠦᠭᠦᠯᠬᠦ᠂ ᠠᠵᠤ ᠦᠢᠯᠡᠰ ᠤᠨ ᠠᠮᠢ ᠠᠬᠤᠶ ᠪᠠ ᠠᠵᠤ ᠦᠢᠯᠡᠰ ᠤᠨ ᠬᠡᠯᠬᠢᠶ᠎ᠡ ᠶᠢ ᠰᠠᠶᠢᠲᠤᠷ ᠬᠢᠵᠦ᠂ ᠨᠠᠩ ᠣᠯᠠᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠶᠢ ᠠᠬᠢᠭᠤᠯᠬᠤ ᠬᠡᠷᠡᠭᠲᠡᠶ᠃ ᠣᠨᠣᠯ ᠤᠨ ᠰᠢᠨ᠎ᠡ ᠶᠢ ᠡᠭᠦᠳᠬᠦ ᠪᠠᠷ ᠵᠢᠯᠣᠭᠤᠳᠣᠯᠭ᠎ᠠ ᠪᠣᠯᠭᠠᠵᠤ᠂ ᠪᠤᠭᠤᠲᠤ ᠶᠢᠨ ᠪᠤᠳᠠᠳᠤ ᠪᠠᠶᠢᠳᠠᠯ ᠳᠤ ᠰᠠᠭᠤᠷᠢᠯᠠᠵᠤ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠡᠳᠦᠪ ᠢᠶᠠᠨ ᠲᠠᠰᠤᠷᠠᠯᠲᠠ ᠥᠬᠡᠶ ᠥᠷᠭᠡᠳᠬᠡᠵᠦ᠂ ᠬᠡᠰᠡᠭ ᠲᠠᠯ᠎ᠠ ᠶᠢᠨ ᠳᠡᠭᠡᠭᠰᠢᠯᠡᠯᠲᠡ ᠪᠠᠷ ᠳᠡᠮᠵᠢᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠵᠤ᠂ ᠬᠥᠨᠳᠡᠯᠡᠨ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ᠄ ᠵᠤᠤ ᠶᠢᠨ ᠹᠧᠩ  ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号