ᠬᠡᠦᠬᠡᠳ ᠬᠢᠵᠢᠭ ᠲᠤ ᠨᠡᠷᠪᠡᠭᠳᠡᠪᠡᠯ ᠶᠠᠭᠠᠬᠢᠬᠤ ᠪᠣᠢ︖
ᠨᠡᠶᠢᠲᠡᠯᠡᠭᠰᠡᠨ ᠴᠠᠭ᠄
2022/12/12
     1. ᠰᠢᠨ᠎ᠡ ᠲᠢᠲᠢᠮᠯᠢᠭ ᠸᠢᠷᠦ᠋ᠰ ᠬᠡᠦᠬᠡᠳ ᠲᠤ ᠬᠠᠯᠳᠠᠪᠤᠷᠢᠯᠠᠪᠠᠯ ᠣᠯᠠᠩᠬᠢ ᠪᠠᠶᠢᠳᠠᠯ ᠳᠤ ᠡᠪᠡᠳᠴᠢᠨ ᠤ ᠢᠯᠡᠷᠡᠯ‌ᠮᠡᠳᠡᠭᠳᠡᠬᠦ ᠦᠭᠡᠢ ᠪᠣᠯᠬᠤᠷ ᠡᠮ ᠳᠠᠩ ᠤᠤᠭᠤᠯᠭᠠᠬᠤ ᠬᠡᠷᠡᠭ ᠦᠭᠡᠢ᠃                     2. ᠭᠡᠷ ᠵᠠᠭᠤᠷ᠎ᠠ ᠶᠢᠨ ᠠᠷᠢᠭᠤᠳᠬᠠᠯ ᠢ ᠰᠠᠶᠢᠲᠤᠷ ᠬᠢᠵᠦ᠂ ᠲᠤᠰᠠᠭᠠᠷᠯᠠᠬᠤ ᠪᠠ ᠬᠤᠪᠢ ᠬᠥᠮᠥᠨ ᠤ ᠬᠠᠮᠠᠭᠠᠯᠠᠯᠲᠠ ᠪᠡᠨ‌‍ᠰᠠᠶᠢᠨ ᠬᠢᠬᠦ ᠬᠡᠷᠡᠭᠳᠡᠢ︔                      3. ᠨᠢᠯᠬ᠎ᠠ ᠬᠡᠦᠬᠡᠳ ᠤᠨ ᠪᠡᠶ᠎ᠡ ᠶᠢᠨ ᠪᠠᠶᠢᠳᠠᠯ ᠢ ᠴᠠᠭ ᠢᠮᠠᠬᠳᠠ ᠠᠵᠢᠭᠯᠠᠵᠤ᠂ ᠬᠡᠷᠪᠡ ᠴᠤᠭ ᠰᠦᠯᠳᠡ ᠦᠭᠡᠢ ᠪᠣᠯᠬᠤ᠂ ᠠᠮᠢᠰᠬᠤᠯ ᠳᠠᠪᠬᠤᠴᠠᠬᠤ ᠪᠠᠶᠢᠳᠠᠯ ᠢᠯᠡᠷᠡᠪᠡᠯ ᠡᠮᠴᠢ ᠳᠤ ᠦᠵᠡᠭᠦᠯᠬᠦ ᠬᠡᠷᠡᠭᠳᠡᠢ︔                       4. ᠭᠡᠷ ᠲᠡᠭᠡᠨ ᠡᠮ ᠳᠠᠩ ᠪᠡᠯᠡᠳᠬᠡᠵᠦ ᠲᠠᠯᠪᠢᠬᠤ ᠭᠡᠷᠡᠭᠳᠡᠢ᠂  ᠢᠯᠠᠩᠭᠤᠶ᠎ᠠ ᠬᠠᠯᠠᠭᠤᠷᠠᠬᠤ ᠶᠢ  ᠪᠠᠭᠤᠷᠠᠭᠤᠯᠬᠤ ᠡᠮ‌‍ᠲ᠋ᠣᠳᠠᠬᠳᠠᠵᠦ ᠪᠤᠯᠬᠤ ᠦᠭᠡᠢ᠃                   ᠨᠥᠬᠦᠴᠡᠯ ᠲᠠᠢ ᠪᠣᠯ ᠴᠢᠳᠠᠬᠤ ᠶᠢᠨ ᠳᠣᠳᠣᠷ᠎ᠠ ᠬᠡᠦᠬᠡᠳ ᠲᠡᠭᠡᠨ ᠲᠤᠰᠠᠭᠠᠷ ᠣᠨᠳᠠᠯᠭ᠎ᠠ ᠶᠢᠨ ᠥᠷᠥᠭᠡ ᠪᠤᠶᠤ ᠠᠷᠢᠭᠤᠨ‌‍ᠴᠡᠪᠡᠷ ᠤᠨ ᠲᠠᠰᠤᠯᠭ᠎ᠠ ᠲᠠᠢ ᠪᠠᠶᠢᠯᠭᠠᠨ᠎ᠠ᠃ ᠬᠡᠷᠪᠡ ᠪᠤᠯᠤᠮᠵᠢ ᠲᠠᠢ ᠪᠣᠯ᠂ ᠨᠠᠭᠠᠳᠴᠦ ᠳᠣᠬᠯᠠᠬᠤ  ᠭᠠᠵᠠᠷ  ᠭᠠᠷᠭᠠᠵᠦ  ᠦᠭᠴᠦ ᠪᠤᠯᠤᠨ᠎ᠠ᠃                    ᠬᠠᠯᠠᠭᠤᠷᠠᠬᠤ ᠪᠠ ᠦᠷᠪᠢᠰᠦᠯ ᠢ ᠳᠠᠷᠤᠬᠤ ᠡᠮ ᠳᠤ ᠪᠷᠦᠹᠧᠨ ᠢ ᠵᠠᠷᠣᠬᠤ ᠶᠢ ᠰᠠᠨᠠᠯ  ᠪᠤᠯᠭᠠᠵᠦ  ᠪᠠᠶᠢᠨ᠎ᠠ᠂  ᠪᠷᠦᠹᠧᠨ‌ᠦᠷᠪᠢᠰᠦᠯ ᠢ ᠳᠠᠷᠤᠬᠤ ᠦᠢᠯᠡᠳᠦᠯ ᠲᠠᠢ᠃ ᠡᠩ ᠤᠨ ᠪᠠᠶᠢᠳᠠᠯ ᠳᠤ 6 ᠰᠠᠷ᠎ᠠ ᠬᠦᠷᠦᠬᠡ ᠦᠬᠡᠢ ᠨᠢᠯᠬ᠎ᠠ ᠳᠤ ᠪᠷᠤᠹᠧᠨ ᠢ ᠵᠠᠷᠣᠬᠤ ᠦᠬᠡᠢ ᠪᠠᠶᠢᠪᠠᠯ ᠰᠠᠶᠢᠨ᠃ ᠪᠥᠭᠡᠷᠡᠨ ᠤ ᠬᠤᠣᠷᠳᠠᠯᠭ᠎ᠠ ᠠᠪᠴᠢᠷᠠᠵᠦ ᠮᠡᠳᠡᠨ᠎ᠡ᠃                     ᠬᠡᠷᠪᠡ ᠬᠠᠯᠳᠠᠪᠤᠷᠢ ᠠᠪᠤᠬᠰᠠᠨ ᠪᠠᠶᠢᠪᠠᠯ ᠦᠷᠭᠦᠯᠵᠢ ᠬᠠᠨᠢᠶᠠᠯᠭᠠᠳᠠᠭ᠂ ᠡᠨᠡ ᠦᠶ᠎ᠡ ᠳᠤ ᠠᠶᠤᠵᠦ ᠰᠠᠨᠳᠣᠷᠬᠤ ᠬᠡᠷᠡᠭ‌ᠦᠬᠡᠢ᠃ ᠡᠮᠴᠢᠯᠡᠭᠡᠨ ᠳᠡᠭᠡᠷ᠎ᠡ ᠡᠶᠢᠮᠦᠷᠬᠦᠦ ᠬᠠᠨᠢᠶᠠᠳᠤ ᠶᠢ ᠰᠢᠢᠳᠪᠦᠷᠢᠯᠡᠬᠦ ᠠᠷᠭ᠎ᠠ ᠮᠠᠶ᠋ᠢᠭ ᠨᠢ ᠡᠩ ᠤᠨ ᠬᠢᠮᠤᠷᠠᠭ᠎ᠠ  ᠲᠠᠭᠰᠢᠭᠤᠷ ᠢ ᠠᠷᠭᠠᠴᠠᠬᠤ ᠲᠠᠢ ᠦᠨᠳᠦᠰᠦᠨ ᠳᠡᠭᠡᠨ ᠠᠳᠠᠯᠢ ᠪᠠᠶᠢᠳᠠᠭ᠃                    ⑴ 6 ᠨᠠᠰᠦ ᠬᠦᠷᠦᠭᠰᠡᠨ ᠬᠡᠦᠬᠡᠳ ᠲᠤ ᠰᠢᠬᠢᠷ ᠰᠢᠮᠡᠭᠦᠯᠵᠦ  ᠪᠣᠯᠣᠨ᠎ᠠ᠂  ᠨᠢᠯᠬ᠎ᠠ  ᠬᠡᠦᠬᠡᠳ ᠲᠤ  ᠬᠡᠷᠡᠭᠯᠡᠬᠦ ᠶᠢ ᠰᠠᠨᠠᠭᠠᠴᠢᠯᠠᠬᠤ ᠦᠭᠡᠢ᠂ ᠤᠴᠢᠷ ᠨᠢ ᠠᠮᠢᠰᠬᠤᠯ ᠪᠦᠭᠯᠡᠷᠡᠵᠦ ᠮᠡᠳᠡᠨ᠎ᠡ᠃                    ⑵ ᠪᠠᠯ ᠬᠡᠷᠡᠭᠯᠡᠵᠦ ᠪᠣᠯᠣᠨ᠎ᠠ᠂ ᠣᠢ ᠬᠦᠷᠦᠬᠡᠳᠦᠢ ᠬᠡᠦᠬᠡᠳ ᠲᠤ ᠬᠡᠷᠡᠭᠯᠡᠵᠦ ᠪᠣᠯᠬᠤ ᠦᠭᠡᠢ᠂ ᠤᠴᠢᠷ ᠨᠢ ᠬᠤᠣᠷ ᠲᠠᠢ ᠪᠠᠺᠲ᠋ᠧᠷᠢ ᠪᠠᠶᠢᠵᠤ ᠮᠡᠳᠡᠨ᠎ᠡ᠃ ᠬᠡᠷᠪᠡ ᠵᠥᠭᠡᠢ ᠶᠢᠨ ᠪᠠᠯ ᠪᠠᠶᠢᠬᠤ ᠦᠭᠡᠢ ᠪᠣᠯ  ᠪᠠᠭ᠎ᠠ ᠰᠠᠭ᠎ᠠ ᠵᠠᠶᠢᠷᠮᠠᠭ ᠢᠳᠡᠪᠡᠯ ᠪᠠᠰᠠ ᠨᠠᠮᠳᠠᠭᠠᠵᠦ ᠪᠤᠯᠳᠠᠭ᠃                      ⑶ ᠤᠰᠤ ᠢᠯᠡᠬᠦᠦ ᠣᠣᠭᠤᠯᠭᠠᠵᠦ ᠪᠠᠶᠢᠬᠤ ᠬᠡᠷᠡᠭᠳᠡᠢ᠃                      ᠬᠡᠷᠪᠡ ᠬᠡᠦᠬᠡᠳ ᠤᠳ ᠠᠮᠢᠰᠬᠤᠭ᠎ᠠ ᠴᠢᠬᠤᠯᠳᠠᠬᠤ᠂  ᠴᠡᠭᠡᠵᠢ ᠪᠢᠳᠡᠬᠦᠷᠡᠬᠦ ᠪᠤᠶᠤ ᠴᠡᠭᠡᠵᠢ ᠡᠪᠡᠳᠬᠦ︔  ᠣᠬᠠᠭ᠎ᠠ‌ᠠᠯᠳᠠᠬᠤ᠂ ᠨᠤᠶᠢᠷ ᠮᠠᠭᠤ ᠪᠤᠶᠤ ᠠᠮᠠᠷᠬᠠᠨ ᠰᠡᠷᠡᠬᠦ ᠦᠭᠡᠢ᠂ ᠠᠷᠠᠰᠤ ᠨᠢ ᠴᠠᠶᠢᠵᠤ᠂ ᠤᠷᠤᠭᠤᠯ ᠨᠢ ᠬᠦᠬᠡᠷᠡᠵᠦ ᠪᠠᠶᠢᠪᠠᠯ ᠡᠮᠴᠢ ᠳᠤ ᠦᠵᠡᠬᠦᠯᠬᠦ ᠬᠡᠷᠡᠭᠳᠡᠢ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号