ᠠᠰᠠᠭᠤᠯᠲᠠ᠄ ᠲᠣᠭᠲᠠᠭᠠᠭᠰᠠᠨ ᠠᠬᠤᠢ ᠪᠠᠶᠢᠳᠠᠯ | ᠬᠠᠷᠢᠭᠤᠯᠲᠠ᠄ 2021 ᠣᠨ ᠤ 6 ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠣᠯᠠᠨ | ᠨᠡᠶᠢᠲᠡ ᠶᠢᠨ ᠲᠡᠷᠭᠡᠨ ᠵᠣᠭᠰᠣᠭᠠᠯ ᠤᠨ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠪᠠ᠂ ᠮᠠᠨ ᠤ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠲᠣᠪᠴᠢᠶ᠎ᠠ ᠲᠦᠷᠦᠭᠦᠯᠡᠨ ᠬᠢᠵᠤ᠂ ᠲᠡᠷᠭᠡᠨ ᠵᠣᠭᠰᠣᠭᠠᠯ ᠢ ᠴᠡᠭᠴᠡᠯᠡᠨ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢᠨ ᠠᠯᠪᠠᠨ ᠬᠡᠷ ᠢ ᠪᠠᠶᠢᠭᠤᠯᠵᠤ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ | ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠣᠭᠤᠷᠢᠭ ᠤᠨ ᠭᠠᠶᠢᠯᠢ ᠶᠢᠨ ᠶᠠᠪᠤᠳᠠᠯ ᠵᠡᠷᠭᠡ | ᠬᠠᠮᠢᠶ᠎ᠠ ᠪᠥᠬᠦᠶ ᠡᠭᠦᠷᠭᠡ ᠲᠤᠰᠢᠶᠠᠯᠳᠤ ᠰᠠᠯᠠᠭ᠎ᠠ ᠮᠥᠴᠢᠷ ᠢ ᠨᠢᠭᠡᠳᠦᠯᠲᠡᠶ ᠲᠦᠯᠦᠪᠵᠢᠬᠦᠯᠦᠨ ᠵᠣᠬᠢᠴᠠᠭᠤᠯᠵᠤ | ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠬᠠᠭᠠᠰ ᠵᠢᠯ ᠤᠨ ᠬᠤᠭᠤᠴᠠᠭ᠎ᠠ ᠬᠡᠷᠡᠭᠰᠡᠵᠦ᠂ ᠥᠪᠡᠷᠲᠡᠭᠡᠨ | ᠵᠠᠰᠠᠬᠤ ᠣᠷᠣᠨ ᠵᠢᠴᠢ ᠪᠤᠭᠤᠲᠤ ᠬᠤᠲᠠ ᠶᠢᠨ ᠲᠡᠷᠭᠡᠨ ᠵᠣᠭᠰᠣᠭᠠᠯ ᠤᠨ ᠲᠤᠬᠠᠢ ᠲᠤᠰᠬᠠᠶ ᠴᠡᠭᠴᠡᠯᠡᠨ ᠵᠠᠰᠠᠬᠤ | ᠠᠵᠢᠯ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠰᠠᠭᠤᠳᠠᠯ ᠢ ᠰᠢᠢᠳᠪᠦᠷᠢᠯᠡᠨ | ᠲᠠᠭᠤᠰᠬᠠᠬᠤ ᠪᠠ ᠪᠠᠯᠠ ᠮᠥᠩᠭᠦ ᠶᠢ ᠪᠥᠬᠦ ᠲᠤᠭ᠎ᠠ ᠪᠠᠷ ᠨᠡᠬᠡᠮᠵᠢᠯᠡᠨ ᠲᠤᠰᠢᠶᠠᠯᠭᠠᠬᠤ ᠬᠠᠷᠠᠯᠲᠠ ᠶᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠷᠭᠡᠨ ᠵᠣᠭᠰᠣᠭᠠᠯ ᠢ ᠴᠡᠭᠴᠡᠯᠡᠨ ᠵᠠᠰᠠᠬᠤ | ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠬᠡᠷ ᠪᠠ ᠬᠢᠨᠠᠯᠲᠠ ᠲᠠᠯᠪᠢᠬᠤ ᠠᠯᠪᠠᠨ ᠬᠡᠷ ᠤᠨ ᠬᠠᠮᠳᠤᠷᠠᠬᠰᠠᠨ | ᠦᠨᠡᠯᠡᠨ ᠵᠢᠱᠢᠵᠦ ᠰᠢᠯᠭᠠᠨ ᠳ᠋ᠦᠩᠨᠡᠬᠦ ᠶᠢ ᠤᠷᠤᠭᠰᠢᠲᠠᠶ ᠤᠭᠲᠤᠪᠠ᠃ | 2022 ᠣᠨ ᠤ 1 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 6 ᠰᠠᠯᠠᠭ᠎ᠠ ᠮᠥᠴᠢᠷ ᠬᠠᠮᠲᠤᠷᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ | ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠭᠰᠡᠨ ᠪᠥᠭᠡᠳ | ᠪᠥᠬᠦ ᠣᠷᠣᠨ ᠤ ᠡᠯ᠎ᠡ ᠠᠶᠢᠮᠠᠭ ᠬᠤᠲᠠ ᠳᠤ ᠪᠠᠭᠤᠯᠭᠠᠵᠤ ᠵᠣᠬᠢᠶᠠᠨ ᠪᠠᠶᠢᠭᠤᠯᠤᠨ ᠬᠡᠷᠡᠭᠵᠢᠭᠦᠯᠪᠡ᠃ ︽ᠠᠷᠭ᠎ᠠ︾ | ᠶᠢᠨ ᠲᠠᠪᠤᠳᠤᠭᠠᠷ ᠵᠦᠢᠯ ᠳᠤ᠄ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠲᠣᠰ ᠵᠠᠰᠠᠭ ᠵᠠᠬᠢᠷᠭᠠᠨ ᠤ | ᠣᠷᠣᠨ ᠪᠦᠰᠡ ᠶᠢᠨ ᠬᠡᠪᠴᠢᠶᠠᠨ ᠳᠣᠲᠣᠷᠠᠬᠢ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠪᠣᠯᠤᠨ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠵᠠᠮ | ᠬᠠᠷᠢᠯᠴᠠᠭᠠᠨ ᠤ ᠲᠡᠷᠭᠡᠨ ᠵᠣᠭᠰᠣᠭᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠂ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤᠤᠷ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ | ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ | ᠠᠭᠠᠷ ᠤᠨ ᠰᠡᠷᠭᠡᠶᠢᠯᠡᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠭᠠᠶᠢᠯᠢ ᠶᠢᠨ ᠶᠠᠪᠤᠳᠠᠯ ᠪᠠ ᠲᠣᠮᠣ ᠳ᠋ᠠᠶᠢᠲ᠋ᠠ | ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠣᠯᠠᠨ | ᠨᠡᠶᠢᠲᠡ ᠶᠢᠨ ᠲᠡᠷᠭᠡᠨ ᠵᠣᠭᠰᠣᠭᠠᠯ ᠤᠨ ᠲᠥᠯᠥᠪᠵᠢᠭᠦᠯᠭᠡ᠂ ᠬᠢᠨᠠᠨ ᠵᠥᠪᠰᠢᠶᠡᠷᠡᠬᠦ᠂ ᠪᠥᠲᠥᠭᠡᠨ ᠪᠠᠶᠢᠭᠤᠯᠤᠯᠲᠠ ᠪᠠ | ᠬᠢᠨᠠᠯᠲᠠ ᠬᠠᠮᠢᠶᠠᠷᠤᠯᠲᠠ ᠵᠡᠷᠭᠡ ᠬᠤᠯᠪᠤᠬᠳᠠᠯ ᠪᠦᠬᠦᠢ ᠠᠵᠢᠯ ᠢ ᠰᠠᠶᠢᠳᠤᠷ ᠬᠢᠬᠦ ᠬᠡᠷᠡᠭᠳᠡᠢ ᠬᠡᠵᠤ ᠲᠤᠳᠤᠷᠬᠠᠶᠢᠯᠠᠪᠠ᠃ | ᠠᠰᠠᠭᠤᠯᠲᠠ᠄ ᠲᠣᠭᠲᠠᠭᠠᠭᠰᠠᠨ ᠦᠨᠳᠦᠰᠦᠯᠡᠯ ᠨᠢ ᠶᠠᠭᠤ ᠪᠣᠶ ︖ | ᠬᠠᠷᠢᠭᠤᠯᠲᠠ᠄ | 1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ | ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠵᠡᠷᠭᠡ 6 | ᠰᠠᠯᠠᠭ᠎ᠠ ᠮᠥᠴᠢᠷ ᠤᠨ ᠮᠡᠳᠡᠭᠳᠡᠯ ︵ᠥᠪᠥᠷ ᠮᠤᠩᠭᠤᠯ ᠤᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ | ᠪᠠᠶᠢᠭᠤᠯᠤᠯᠳᠠ ᠶᠢᠨ ᠲᠢᠩᠬᠢᠮ ᠤᠨ ᠬᠠᠮᠢᠶᠠᠷᠤᠯᠲᠠ ᠶᠢᠨ ᠠᠷᠭ᠎ᠠ〔2021〕257 ᠳ᠋ᠤᠭᠠᠷ ᠲᠣᠭᠠᠲᠤ︶᠂ | 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠠ᠃ | 2. ︽ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ︿ | ᠬᠤᠲᠠ ᠶᠢᠨ ᠲᠡᠷᠭᠡ ᠵᠣᠭᠰᠣᠬᠤ ᠲᠤᠨᠤᠭ ᠲᠦᠬᠦᠬᠡᠷᠦᠮᠵᠢ ᠶᠢᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ﹀ ᠢ | ᠲᠠᠮᠵᠢᠭᠤᠯᠤᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ〔 2021〕46 ᠳ᠋ᠤᠭᠠᠷ ᠲᠣᠭᠠᠲᠤ︶ | 3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ︽ᠬᠤᠲᠠ ᠶᠢᠨ ᠲᠡᠷᠭᠡ ᠵᠣᠭᠰᠣᠭᠠᠬᠤ ᠲᠤᠨᠤᠭ ᠲᠦᠬᠦᠬᠡᠷᠦᠮᠵᠢ ᠶᠢᠨ ᠬᠥᠭᠵᠢᠯᠲᠡ ᠶᠢ ᠠᠬᠢᠭᠤᠯᠬᠤ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ | 4. ︽ᠪᠤᠭᠤᠲᠤ ᠬᠤᠲᠠ ᠶᠢᠨ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠰᠦᠢᠳᠬᠡᠯ ᠬᠤᠷᠢᠶᠠᠬᠤ ᠲᠡᠷᠭᠡᠨ | ᠵᠣᠭᠰᠣᠭᠠᠯ ᠢ ᠳᠠᠩᠰᠠᠯᠠᠭᠤᠯᠬᠤ ᠲᠤᠬᠠᠢ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ | ᠲᠠᠷᠬᠠᠭᠠᠬᠤ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ︵ | ᠪᠤᠭᠤᠲᠤ ᠬᠤᠳᠠ ᠶᠢᠨ ᠵᠠᠰᠠᠭ ᠤᠨ ᠤᠷᠳᠤᠨ ᠤ ᠠᠯᠪᠠᠨ ᠭᠡᠷ ᠤᠨ ᠲᠠᠷᠬᠠᠭᠠᠭᠰᠠᠨ〔2022〕71 ᠳ᠋ᠤᠭᠡᠷ | ᠲᠣᠭᠠᠲᠤ︶ | 5. ︽ᠬᠤᠲᠠ ᠶᠢᠨ ᠲᠡᠷᠭᠡ ᠵᠤᠬᠰᠤᠭᠠᠬᠤ ᠲᠥᠯᠥᠪᠵᠢᠭᠦᠯᠭᠡ ᠶᠢᠨ ᠵᠢᠷᠤᠮᠵᠢᠯ︾ ︵GB/T 51149 — | 2016︶ | 6. ︽ᠬᠤᠲᠠ ᠶᠢᠨ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠢᠨᠵᠧᠨᠧᠷᠢᠩ ᠤᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ︾ ︵ ᠪᠦᠳᠦᠬᠡᠨ ᠪᠠᠶᠢᠭᠤᠯᠬᠤ ᠪᠠᠷᠢᠮᠵᠢᠶ᠎ᠠ 128 — 2010︶ | 7. ︽ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠨᠢᠭᠡᠳᠦᠯᠲᠡᠶ ᠪᠠᠷᠢᠮᠵᠢᠶ᠎ᠠ︾ ︵ | GB 50352 — 2019︶ | 8. ︽ᠵᠠᠮ ᠬᠠᠷᠢᠯᠴᠠᠭᠠᠨ ᠤ ᠲᠡᠮᠳᠡᠭ ᠢᠯᠡᠷᠬᠡᠶᠢᠯᠡᠯ ᠪᠣᠯᠤᠨ ᠲᠡᠮᠳᠡᠭ ᠵᠢᠷᠤᠭᠠᠰᠤ ᠶᠢᠨ ᠨᠢᠭᠡᠳᠦᠭᠡᠷ ᠬᠡᠰᠡᠭ᠄ | ᠶᠡᠷᠦᠩᠬᠡᠶ ᠳᠦᠷᠢᠮ︾ ︵GB5768 . 1 — 2009︶ | 9. ︽ᠵᠠᠮ ᠬᠠᠷᠢᠯᠴᠠᠭᠠᠨ ᠤ ᠲᠡᠮᠳᠡᠭ ᠢᠯᠡᠷᠬᠡᠶᠢᠯᠡᠯ ᠪᠠ ᠲᠡᠮᠳᠡᠭ ᠵᠢᠷᠤᠭᠠᠰᠤ ᠶᠢᠨ ᠬᠤᠶᠠᠳᠤᠭᠠᠷ ᠬᠡᠰᠡᠭ᠄ ᠵᠠᠮ | ᠬᠠᠷᠢᠯᠴᠠᠭᠠᠨ ᠤ ᠲᠡᠮᠳᠡᠭ ᠢᠯᠡᠷᠬᠡᠶᠢᠯᠡᠯ︾ ︵GB5768 . 2 — 2009︶ | 10. ︽ᠵᠠᠮ ᠬᠠᠷᠢᠯᠴᠠᠭᠠᠨ ᠤ ᠲᠡᠮᠳᠡᠭ ᠢᠯᠡᠷᠬᠡᠶᠢᠯᠡᠯ ᠪᠠ ᠲᠡᠮᠳᠡᠭ ᠵᠢᠷᠤᠭᠠᠰᠤ ᠶᠢᠨ ᠭᠤᠷᠪᠠᠳᠤᠭᠠᠷ ᠬᠡᠰᠡᠭ᠄ ᠵᠠᠮ | ᠬᠠᠷᠢᠯᠴᠠᠭᠠᠨ ᠤ ᠪᠠᠷᠢᠮᠵᠢᠶ᠎ᠠ ᠱᠤᠭᠤᠮ︾ ︵GB5768 . 3 — 2009︶ | 11 . ︽ᠰᠠᠭᠠᠳ ᠦᠭᠡᠢ ᠵᠢᠷᠤᠭ ᠲᠥᠯᠥᠪᠯᠡᠭᠡ ᠶᠢᠨ ᠳᠦᠷᠢᠮᠵᠢᠯ︾ ︵GB50763 — 2012︶ | | 12. ︽ᠲᠡᠷᠬᠡ ᠵᠤᠬᠰᠤᠬᠤ ᠬᠥᠮᠥᠷᠭᠡ ︵ᠵᠤᠬᠰᠤᠭᠠᠯ︶ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠰᠢᠰᠲ᠋ᠧᠮ ᠤᠨ ᠮᠡᠷᠭᠡᠵᠢᠯ ᠤᠨ ᠱᠠᠭᠠᠷᠳᠠᠯᠭ᠎ᠠ︾ ︵GA-T 761 — 2008) | 13. ︽ᠲᠡᠷᠬᠡ ᠵᠤᠬᠰᠤᠬᠤ ᠬᠥᠮᠥᠷᠭᠡ ︵ᠵᠤᠬᠰᠤᠭᠠᠯ︶ ᠶᠢᠨ ᠣᠷᠣᠵᠤ ᠭᠠᠷᠬᠤ ᠡᠬᠦᠳᠡᠨ ᠳᠠᠬᠢ ᠡᠵᠡᠮᠳᠡᠬᠦ | ᠲᠥᠬᠦᠭᠡᠷᠦᠮᠵᠢ ᠶᠢᠨ ᠮᠡᠷᠭᠡᠵᠢᠯ ᠤᠨ ᠱᠠᠭᠠᠷᠳᠠᠯᠭ᠎ᠠ︾ ︵GAT992 — 2012︶ | ᠠᠰᠠᠭᠤᠯᠲᠠ᠄ ᠭᠤᠤᠯ ᠠᠭᠤᠯᠭ᠎ᠠ ᠨᠢ ᠶᠠᠭᠤ ᠶᠠᠭᠤ ᠪᠣᠶ ︖ | ᠬᠠᠷᠢᠭᠤᠯᠲᠠ᠄ ᠲᠤᠰ ᠠᠷᠭ᠎ᠠ ᠶᠢ ᠪᠦᠳᠦᠴᠡ ᠶᠢᠨ ᠲᠠᠯ᠎ᠠ ᠠᠴᠠ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ | ᠲᠡᠷᠬᠡᠨ ᠵᠤᠬᠰᠤᠭᠠᠯ ᠤᠨ ᠪᠦᠳᠦᠬᠡᠨ ᠪᠠᠶᠢᠭᠤᠯᠤᠯᠳᠠ ᠶᠢᠨ ᠪᠠᠷᠢᠮᠵᠢᠶ᠎ᠠ᠂ ᠲᠠᠩᠰᠠᠯᠠᠭᠤᠯᠬᠤ ᠭᠤᠬᠴᠤᠭ᠎ᠠ᠂ | ᠭᠤᠶᠤᠴᠢᠯᠠᠨ ᠮᠡᠳᠡᠬᠦᠯᠬᠦ ᠮᠠᠲ᠋ᠧᠷᠶ᠋ᠢᠠᠯ᠂ ᠬᠢᠨᠠᠨ ᠬᠠᠷᠭᠤᠭᠤᠯᠬᠤ ᠶᠠᠪᠤᠴᠠ᠂ ᠲᠠᠩᠰᠠᠯᠠᠭᠤᠯᠬᠤ ᠳ᠋ᠤᠭᠠᠷ ᠵᠢᠴᠢ ᠡᠯ᠎ᠡ | ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ ᠶᠢ ᠪᠠᠭᠳᠠᠭᠠᠭᠠᠳ ᠲᠤᠯᠤᠭᠠᠨ ᠬᠡᠰᠡᠭ ᠲᠤ ᠬᠤᠪᠢᠶᠠᠨ᠎ᠠ᠂ | ᠪᠣᠳᠠᠲᠠᠢ ᠪᠠᠷ ᠬᠡᠯᠡᠪᠡᠯ᠄ | ︵ᠨᠢᠭᠡ︶ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠣᠯᠠᠨ ᠨᠡᠶᠢᠲᠡ ᠶᠢᠨ ᠲᠡᠷᠭᠡᠨ | ᠵᠣᠭᠰᠣᠭᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ︽ᠡᠷᠬᠡ | ᠬᠠᠷᠢᠭᠤᠴᠠᠯᠭ᠎ᠠ ᠲᠣᠳᠣᠷᠬᠠᠶ᠂ ᠦᠢᠯᠡᠴᠢᠯᠡᠭᠡ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠰᠢᠯᠢᠳᠡᠭᠵᠢᠭᠦᠯᠬᠦ᠂ | ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ︾ ᠠᠵᠢᠯ ᠤᠨ ᠵᠠᠷᠴᠢᠮ ᠶᠣᠰᠣᠭᠠᠷ᠂ ᠬᠥᠨᠳᠡᠯᠡᠨ ᠲᠣᠭᠤᠷᠢᠭ ᠤᠨ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︵ᠶᠡᠭᠡ ᠠᠩᠭᠢ︶ ᠨᠢ ᠲᠣᠰ | ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠲᠡᠷᠭᠡᠨ ᠵᠣᠭᠰᠣᠭᠠᠯ ᠤᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠪᠠᠶᠢᠵᠤ᠂ ᠲᠡᠷᠭᠡᠨ ᠵᠣᠭᠰᠣᠭᠠᠯ ᠤᠨ ᠬᠠᠮᠢᠶᠠᠷᠤᠯᠲᠠ ᠶᠢᠨ ᠲᠤᠰᠬᠠᠢ ᠠᠯᠪᠠᠨ ᠬᠡᠷ ᠢ ᠪᠠᠶᠢᠭᠤᠯᠵᠤ᠂ ᠲᠣᠰ | ᠣᠷᠣᠨ ᠪᠦᠰᠡ ᠶᠢᠨ ᠳᠣᠲᠣᠷᠠᠬᠢ ᠡᠵᠡᠩᠨᠡᠯᠲᠡ ᠶᠢᠨ ᠴᠢᠨᠠᠷᠲᠠᠶ ᠲᠡᠷᠭᠡᠨ ᠵᠣᠭᠰᠣᠭᠠᠯ ᠢ ᠬᠢᠨᠠᠨ ᠵᠥᠪᠰᠢᠶᠡᠷᠡᠵᠦ | ᠲᠠᠩᠰᠠᠯᠠᠭᠤᠯᠬᠤ ᠠᠵᠢᠯ ᠢ ᠪᠣᠳᠠᠲᠠᠶ ᠬᠠᠷᠢᠭᠤᠴᠠᠨ᠎ᠠ᠃ | ᠬᠥᠨᠳᠡᠯᠡᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠣᠯ ᠲᠤᠰ ᠵᠠᠰᠠᠭ | ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠵᠠᠮ ᠲᠠᠭᠠᠤ ᠲᠡᠷᠭᠡ ᠵᠣᠭᠰᠣᠭᠠᠬᠤ ᠭᠠᠵᠠᠷ ︵ᠵᠠᠮ ᠤᠨ ᠬᠥᠪᠡᠭᠡ | ᠲᠠᠭᠠᠤ ᠵᠠᠮ ᠤᠨ ᠬᠠᠰᠢᠭᠤᠷ ᠠᠴᠠ ᠲᠤᠤᠭᠤᠷ᠂ ᠳᠣᠷᠣᠭᠰᠢ ᠪᠠᠨ ᠠᠳᠠᠯᠢ︶ ᠤᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠪᠣᠯᠤᠨ᠎ᠠ᠂ ᠵᠠᠮ ᠤᠨ ᠬᠠᠵᠠᠭᠤ ᠶᠢᠨ ᠲᠡᠷᠭᠡ ᠵᠣᠭᠰᠣᠭᠠᠬᠤ ᠭᠠᠵᠠᠷ ᠢ ᠲᠥᠯᠥᠪᠵᠢᠭᠦᠯᠬᠦ᠂ ᠬᠢᠨᠠᠨ | ᠵᠥᠪᠰᠢᠶᠡᠷᠡᠬᠦ᠂ ᠲᠤᠬᠢᠷᠠᠭᠤᠯᠬᠤ ᠵᠢᠴᠢ ᠡᠮᠬᠢ ᠳᠢᠭᠯᠢᠮ ᠢ ᠬᠢᠨᠠᠨ ᠬᠠᠮᠢᠶᠠᠷᠬᠤ ᠵᠡᠷᠭᠡ ᠠᠵᠢᠯ ᠢ ᠪᠣᠳᠠᠲᠠᠶ ᠬᠠᠷᠢᠭᠤᠴᠠᠨ᠎ᠠ | ᠃ | ᠶᠡᠭᠡ ᠲᠡᠷᠭᠡᠨ ᠤ ᠲᠡᠷᠭᠡᠨ ᠵᠣᠭᠰᠣᠭᠠᠯ ᠤᠨ ᠬᠠᠮᠢᠶᠠᠷᠤᠯᠲᠠ ᠶᠢ ︽ᠡᠷᠬᠡ ᠬᠠᠷᠢᠭᠤᠴᠠᠯᠭ᠎ᠠ ᠲᠣᠳᠣᠷᠬᠠᠶ᠂ | ᠦᠢᠯᠡᠴᠢᠯᠡᠭᠡ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠰᠢᠯᠢᠳᠡᠭᠵᠢᠭᠦᠯᠬᠦ᠂ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠬᠤ︾ ᠵᠢᠴᠢ ᠬᠠᠷᠢᠶ᠎ᠠ ᠭᠠᠵᠠᠷ ᠠᠴᠠ ᠬᠠᠮᠢᠶᠠᠷᠬᠤ ᠠᠵᠢᠯ ᠤᠨ ᠵᠠᠷᠴᠢᠮ ᠶᠣᠰᠣᠭᠠᠷ ᠬᠦᠨᠳᠡᠯᠡᠨ ᠭᠤᠤᠯ | ᠪᠠᠯᠭᠠᠰᠤ᠂ ᠪᠤᠷᠬᠠᠨᠲᠤ ᠪᠠᠯᠭᠠᠰᠤ᠂ ᠺᠦᠨ ᠪᠸᠢ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ᠂ ᠾᠧ ᠰᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠲᠣᠭᠤᠷᠢᠭ ᠤᠨ ᠪᠠᠶᠢᠭᠠᠯᠢ ᠶᠢᠨ | ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ | ᠲᠣᠪᠴᠢᠶ᠎ᠠ᠂ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠣᠪᠴᠢᠶ᠎ᠠ ᠠᠴᠠ ᠲᠣᠰ ᠲᠣᠰ ᠤᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ | ᠬᠠᠮᠢᠶᠠᠷᠴᠤ᠂ ᠬᠠᠮᠢᠶᠠᠷᠬᠤ ᠠᠷᠭ᠎ᠠ ᠶᠢ ᠲᠣᠰ ᠬᠠᠮᠢᠶᠠᠷᠤᠯᠳᠠ ᠶᠢᠨ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ | ᠪᠣᠯᠤᠨ᠎ᠠ᠃ | ︵ᠬᠤᠶᠠᠷ︶ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ | ︽ᠬᠤᠲᠠ ᠶᠢᠨ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠢᠨᠵᠧᠨᠧᠷᠢᠩ ᠤᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ︾᠂ ︽ᠵᠠᠮ ᠬᠠᠷᠢᠯᠴᠠᠭᠠᠨ ᠤ ᠲᠡᠮᠳᠡᠭ ᠢᠯᠡᠷᠬᠡᠶᠢᠯᠡᠯ ᠪᠠ ᠲᠡᠮᠳᠡᠭ | ᠵᠢᠷᠤᠭᠠᠰᠤ︾ ᠵᠡᠷᠭᠡ ᠠᠯᠢ ᠣᠯᠠᠨ ᠪᠦᠳᠦᠬᠡᠨ ᠪᠠᠶᠢᠭᠤᠯᠬᠤ ᠪᠠᠷᠢᠮᠵᠢᠶ᠎ᠠ ᠵᠢᠷᠤᠮᠵᠢᠯ ᠶᠣᠰᠣᠭᠠᠷ᠂ ᠳᠣᠲᠣᠭᠠᠳᠤ ᠶᠢ | ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠡᠮᠦᠨᠡᠬᠢ ᠬᠤᠭᠤᠴᠠᠭᠠᠨ ᠤ | ᠬᠠᠮᠢᠶᠠᠷᠤᠯᠲᠠ ᠶᠢ ᠬᠢᠨᠠᠨ ᠰᠢᠯᠭᠠᠵᠤ ᠳ᠋ᠦᠩᠨᠡᠭᠰᠡᠨ ᠤ ᠰᠠᠭᠤᠷᠢᠨ ᠳᠡᠭᠡᠷ᠎ᠡ᠂ ︽ᠠᠷᠭ᠎ᠠ︾ ᠨᠢ ᠣᠯᠠᠨ ᠨᠡᠶᠢᠲᠡ ᠶᠢᠨ | ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠤᠨ ᠣᠷᠣᠵᠤ ᠭᠠᠷᠬᠤ ᠡᠭᠦᠳᠡ᠂ ᠵᠠᠮ ᠤᠨ ᠬᠠᠭᠠᠯᠲᠠ᠂ ᠰᠦᠢᠳᠬᠡᠯ | ᠬᠤᠷᠢᠶᠠᠬᠤ ᠰᠢᠰᠲ᠋ᠧᠮ᠂ ᠲᠡᠮᠳᠡᠭ ᠢᠯᠡᠷᠬᠡᠶᠢᠯᠡᠯ ᠲᠡᠮᠳᠡᠭ ᠵᠢᠷᠤᠭᠠᠰᠤ᠂ ᠭᠠᠵᠠᠷ ᠤᠨ ᠨᠢᠭᠤᠷ᠂ ᠡᠬᠦᠳᠡᠨ ᠬᠠᠷᠠᠭᠤᠯ | ᠤᠨ ᠲᠢᠩᠰᠡ᠂ ᠬᠢᠨᠠᠨ ᠡᠵᠡᠮᠳᠡᠬᠦ ᠰᠢᠰᠲ᠋ᠧᠮ ᠵᠡᠷᠭᠡ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠵᠢᠷᠤᠮᠵᠢᠯ ᠤᠨ | ᠴᠢᠨᠠᠷᠲᠠᠶ ᠪᠠᠷᠢᠮᠵᠢᠶ᠎ᠠ ᠪᠠ ᠱᠠᠭᠠᠷᠳᠠᠯᠭ᠎ᠠ ᠳᠤᠷᠠᠳᠪᠠ᠃ | ︵ᠭᠤᠷᠪᠠ︶ ᠲᠠᠩᠰᠠᠯᠠᠭᠤᠯᠬᠤ ᠶᠠᠪᠤᠴᠠ | ︽ᠠᠷᠭ᠎ᠠ︾ ᠳᠤ ︽ᠭᠤᠶᠤᠴᠢᠯᠠᠬᠤ — ᠭᠥᠯᠢᠶᠡᠨ ᠠᠪᠴᠤ ᠰᠢᠢᠳᠪᠦᠷᠢᠯᠡᠬᠦ — ᠬᠢᠨᠠᠨ ᠬᠠᠷᠭᠤᠭᠤᠯᠬᠤ — | ᠲᠤᠬᠠᠶ ᠶᠢᠨ ᠲᠠᠯᠠᠪᠤᠷ ᠲᠤ ᠣᠴᠢᠵᠤ ᠰᠢᠨᠵᠢᠯᠡᠨ ᠦᠵᠡᠬᠦ — ᠲᠠᠩᠰᠠᠯᠠᠭᠤᠯᠬᠤ︾ ᠵᠡᠷᠬᠡ ᠶᠢ ᠪᠠᠭᠳᠠᠭᠠᠬᠰᠠᠨ ᠣᠯᠠᠨ | ᠨᠡᠶᠢᠲᠡ ᠶᠢᠨ ᠲᠡᠷᠭᠡᠨ ᠵᠣᠭᠰᠣᠭᠠᠯ ᠢ ᠭᠤᠶᠤᠴᠢᠯᠠᠵᠤ ᠳᠠᠩᠰᠠᠯᠠᠭᠤᠯᠬᠤ 5 ᠭᠤᠭᠴᠤᠭ᠎ᠠ ᠶᠢ ᠲᠣᠳᠣᠷᠬᠠᠶ ᠲᠣᠭᠲᠠᠭᠠᠪᠠ | ᠂ ᠵᠠᠮ ᠤᠨ ᠬᠠᠵᠠᠭᠤ ᠶᠢᠨ ᠲᠡᠷᠬᠡ ᠵᠤᠬᠰᠤᠭᠠᠬᠤ ᠭᠠᠵᠠᠷ ᠢ ᠭᠤᠶᠤᠴᠢᠯᠠᠨ ᠲᠠᠩᠰᠠᠯᠠᠭᠤᠯᠬᠤ 7 ᠭᠤᠭᠴᠤᠭ᠎ᠠ ᠳᠤ᠂ | ︽ᠰᠠᠨᠠᠯ ᠬᠤᠷᠢᠶᠠᠬᠤ — ᠪᠣᠯᠤᠮᠵᠢᠲᠤ ᠴᠢᠨᠠᠷ ᠤᠨ ᠦᠨᠡᠯᠡᠯᠲᠡ ᠬᠢᠬᠦ — ᠳᠠᠩᠰᠠᠯᠠᠭᠤᠯᠬᠤ ᠪᠠᠷ ᠭᠤᠶᠤᠴᠢᠯᠠᠬᠤ — | ᠮᠠᠲ᠋ᠧᠷᠢᠶᠠᠯ ᠢ ᠬᠢᠨᠠᠨ ᠬᠠᠷᠭᠤᠭᠤᠯᠬᠤ — ᠲᠤᠬᠠᠶ ᠶᠢᠨ ᠲᠠᠯᠠᠪᠤᠷ ᠲᠤ ᠣᠴᠢᠵᠤ ᠰᠢᠨᠵᠢᠯᠡᠨ ᠦᠵᠡᠬᠦ — | ᠳᠠᠩᠰᠠᠯᠠᠭᠤᠯᠬᠤ︾ ᠵᠡᠷᠬᠡ ᠶᠢ ᠪᠠᠭᠲᠠᠭᠠᠭᠰᠠᠨ ᠪᠥᠭᠡᠳ ᠭᠤᠭᠴᠤᠭ᠎ᠠ ᠨᠢᠭᠡᠪᠦᠷᠢ ᠶᠢᠨ ᠪᠣᠳᠠᠲᠠᠶ ᠡᠭᠦᠷᠭᠡ᠂ ᠴᠠᠭ ᠤᠨ | ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ | ︵ᠳᠥᠷᠪᠡ︶ ᠭᠤᠶᠤᠴᠢᠯᠠᠨ ᠮᠡᠳᠡᠭᠦᠯᠬᠦ ᠮᠠᠲ᠋ᠧᠷᠢᠶᠠᠯ | ᠲᠡᠷᠭᠡᠨ ᠵᠣᠭᠰᠣᠭᠠᠯ ᠤᠨ ᠡᠵᠡᠩᠨᠡᠯᠲᠡ ᠶᠢᠨ ᠨᠢᠬᠡᠴᠢ ᠶᠢᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ | ᠬᠠᠩᠭᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ︽ᠠᠷᠭ᠎ᠠ︾ ᠳᠤ ᠣᠯᠠᠨ ᠨᠡᠶᠢᠲᠡ ᠶᠢᠨ ᠰᠦᠢᠳᠬᠡᠯ | ᠬᠤᠷᠢᠶᠠᠬᠤ ᠲᠡᠷᠭᠡᠨ ᠵᠣᠭᠰᠣᠭᠠᠯ ᠪᠠ ᠵᠠᠮ ᠤᠨ ᠬᠠᠵᠠᠭᠤ ᠳᠤ ᠲᠡᠷᠭᠡᠨ ᠵᠣᠭᠰᠣᠭᠠᠯ ᠭᠠᠷᠭᠠᠬᠤ ᠪᠠᠷ | ᠭᠤᠶᠤᠴᠢᠯᠠᠬᠤ ᠳᠤ ᠲᠤᠰᠢᠶᠠᠬᠤ ᠴᠢᠬᠤᠯᠠᠲᠠᠶ ᠮᠠᠲ᠋ᠧᠷᠢᠶᠠᠯ ᠤᠨ ᠨᠠᠷᠢᠨ ᠲᠠᠩᠰᠠ ᠶᠢ ᠲᠣᠳᠣᠷᠬᠠᠶᠢᠯᠠᠵᠤ᠂ ᠭᠤᠶᠤᠴᠢᠯᠠᠨ | ᠮᠡᠳᠡᠭᠦᠯᠬᠦ ᠮᠠᠲ᠋ᠧᠷᠢᠶᠠᠯ ᠤᠨ ᠬᠡᠪ ᠵᠠᠬᠪᠤᠷ ᠢ ᠨᠢᠭᠡᠳᠬᠡᠵᠦ᠂ ᠭᠤᠶᠤᠴᠢᠯᠠᠬᠤ ᠪᠢᠴᠢᠭ᠂ ᠭᠤᠶᠤᠴᠢᠯᠠᠬᠤ ᠬᠦᠰᠦᠨᠦᠭᠲᠦ᠂ | ᠭᠠᠵᠠᠷ ᠰᠢᠷᠣᠶ ᠶᠢᠨ ᠦᠮᠴᠢᠯᠡᠬᠦ ᠡᠷᠬᠡ ᠶᠢᠨ ᠬᠠᠷᠢᠶᠠᠯᠠᠯ ᠤᠨ ᠮᠠᠲ᠋ᠧᠷᠢᠶᠠᠯ ᠵᠡᠷᠭᠡ 9 ᠶᠡᠭᠡ ᠲᠥᠷᠥᠯ ᠤᠨ 30 ᠰᠢᠬᠠᠮ | ᠵᠢᠵᠢᠭ ᠵᠦᠢᠯᠡᠰ ᠤᠨ ᠠᠭᠤᠯᠭ᠎ᠠ ᠶᠢ ᠪᠠᠭᠲᠠᠭᠠᠵᠤ᠂ ᠠᠷᠠᠳ ᠲᠤ ᠲᠥᠬᠦᠮ ᠦᠵᠡᠭᠦᠯᠬᠦ᠂ ᠪᠣᠳᠠᠲᠠᠶ ᠶᠢ ᠡᠷᠬᠢᠮᠯᠡᠬᠦ᠂ | ᠥᠨᠳᠥᠷ ᠪᠦᠲᠦᠮᠵᠢᠲᠡᠶ ᠪᠠᠶᠢᠬᠤ ᠠᠵᠢᠯ ᠤᠨ ᠵᠠᠷᠴᠢᠮ ᠢ ᠬᠦᠢᠴᠡᠳ ᠢᠯᠡᠷᠡᠭᠦᠯᠪᠡ᠃ | ︵ᠲᠠᠪᠤ︶ ᠬᠢᠨᠠᠨ ᠬᠠᠷᠭᠤᠭᠤᠯᠬᠤ ᠳᠣᠲᠣᠭᠠᠳᠤ ᠶᠢᠨ ᠠᠵᠢᠯ ᠤᠨ ᠶᠠᠪᠤᠴᠠ | ︽ᠠᠷᠭ᠎ᠠ︾ ᠳᠤ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠬᠠᠶ ᠶᠢᠨ ᠬᠥᠮᠦᠨ ᠤ | ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠲᠠᠩᠰᠠᠯᠠᠭᠤᠯᠬᠤ᠂ ᠬᠢᠨᠠᠨ ᠬᠠᠷᠭᠤᠭᠤᠯᠬᠤ᠂ ᠭᠥᠯᠢᠶᠡᠨ ᠠᠪᠴᠤ | ᠰᠢᠢᠳᠪᠦᠷᠢᠯᠡᠬᠦ ᠮᠡᠳᠡᠭᠳᠡᠯ ᠤᠨ ᠪᠢᠴᠢᠭ ᠬᠢᠵᠦ ᠥᠭᠬᠦ᠂ ᠬᠠᠮᠲᠤᠷᠠᠨ ᠲᠤᠬᠠᠶ ᠶᠢᠨ ᠭᠠᠵᠠᠷ ᠲᠤᠨᠢ ᠬᠢᠨᠠᠨ ᠰᠢᠯᠭᠠᠵᠤ | ᠳ᠋ᠦᠩᠨᠡᠬᠦ᠂ ᠳᠡᠩᠰᠡᠯᠡᠭᠤᠯᠤᠨ ᠲᠡᠮᠳᠡᠭᠯᠡᠬᠦᠯᠦᠭᠰᠡᠨ ᠬᠦᠰᠦᠨᠦᠭᠳᠤ ᠬᠢᠵᠦ ᠥᠭᠬᠦ ᠵᠡᠷᠭᠡ ᠬᠢᠨᠠᠨ ᠬᠠᠷᠭᠤᠭᠤᠯᠬᠤ | ᠠᠵᠢᠯ ᠤᠨ 10 ᠠᠯᠬᠤᠮ ᠳᠠᠷᠠᠭ᠎ᠠ ᠶᠢ ᠲᠣᠳᠣᠷᠬᠠᠶᠢᠯᠠᠵᠤ᠂ ᠲᠡᠷᠭᠡᠨ ᠵᠣᠭᠰᠣᠭᠠᠯ ᠭᠠᠷᠭᠠᠬᠤ ᠡᠵᠡᠩᠨᠡᠯᠲᠡ ᠶᠢᠨ | ᠡᠷᠬᠡ ᠶᠢ ᠬᠢᠨᠠᠨ ᠵᠥᠪᠰᠢᠶᠡᠷᠡᠬᠦ ᠶᠢᠨ ᠡᠷᠬᠡ ᠲᠡᠭᠰᠢ᠂ ᠲᠥᠪ ᠭᠤᠤᠯᠴᠢ᠂ ᠬᠠᠤᠯᠢ ᠳᠤ ᠨᠡᠶᠢᠴᠡᠬᠦ ᠶᠢ ᠦᠨᠡᠨ ᠬᠦ | ᠪᠠᠲᠤᠯᠠᠪᠠ᠃ | ︵ᠵᠢᠷᠭᠤᠭ᠎ᠠ︶ ᠲᠠᠩᠰᠠᠯᠠᠭᠤᠯᠬᠤ ᠳ᠋ᠤᠭᠠᠷ | ᠲᠡᠷᠭᠡᠨ ᠵᠣᠭᠰᠣᠭᠠᠯ ᠤᠨ ᠪᠣᠳᠠᠲᠠᠶ ᠳ᠋ᠤᠭᠠᠷ ᠨᠢ 1 ᠬᠢᠲᠠᠳ ᠥᠰᠥᠭ᠂ 6 ᠣᠷᠣᠨᠲᠤ ᠲᠤᠭ᠎ᠠ ᠪᠠ 2 ᠠᠪᠢᠶ᠎ᠠ | ᠦᠰᠦᠭ ᠢᠶᠠᠷ ᠪᠦᠷᠢᠯᠳᠦᠵᠦ᠂ ᠲᠡᠷᠭᠡᠨ ᠵᠣᠭᠰᠣᠭᠠᠯ 蒙B010001D ᠪᠠᠷ ᠵᠢᠱᠢᠶᠡᠯᠡᠪᠡᠯ᠂ 蒙 ᠬᠡᠳᠡᠭ | ᠦᠰᠦᠭ ᠨᠢ ᠥᠪᠥᠷ ᠮᠣᠩᠭᠤᠯ ᠢ ᠲᠥᠯᠥᠭᠡᠯᠡᠨ᠎ᠡ︔ B ᠨᠢ ᠪᠤᠭᠤᠲᠤ ᠬᠤᠲᠠ ᠶᠢ ᠲᠥᠯᠥᠭᠡᠯᠡᠵᠦ᠂ ᠡᠮᠦᠨ᠎ᠡ ᠬᠤᠶᠠᠷ | ᠲᠤᠭ᠎ᠠ 01 ᠨᠢ ᠬᠥᠨᠳᠡᠯᠡᠨ ᠲᠣᠭᠤᠷᠢᠭ ᠢ ᠲᠥᠯᠥᠭᠡᠯᠡᠵᠦ᠂ ᠰᠡᠭᠦᠯ ᠤᠨ ᠳᠥᠷᠪᠡᠨ ᠲᠤᠭ᠎ᠠ 0001 ᠨᠢ ᠲᠡᠷᠬᠡᠨ | ᠵᠤᠭᠰᠤᠭᠠᠯ ᠤᠨ ᠵᠢᠬᠰᠠᠯ ᠳᠠᠷᠠᠭᠠᠯᠠᠯ ᠤᠨ ᠳ᠋ᠤᠭᠠᠷ ᠪᠣᠯᠤᠨ᠎ᠠ᠂ ᠬᠠᠮᠤᠭ ᠤᠨ ᠰᠡᠭᠦᠯ ᠤᠨ ᠨᠢᠭᠡ ᠠᠪᠢᠶ᠎ᠠ ᠦᠰᠦᠭ | D ᠨᠢ ᠲᠡᠷᠬᠡᠨ ᠵᠤᠭᠰᠤᠭᠠᠯ ᠤᠨ ᠲᠥᠷᠥᠯ ᠬᠡᠯᠪᠡᠷᠢ ᠶᠢᠨ ᠣᠷᠣᠯᠠᠬᠤ ᠺᠤᠳ᠋ ︵ᠵᠠᠰᠠᠭ ᠤᠨ ᠣᠷᠳᠣᠨ ᠠᠴᠠ ᠦᠨ᠎ᠡ ᠶᠢ | ᠲᠣᠭᠲᠠᠭᠠᠬᠤ ᠲᠥᠷᠥᠯ ᠨᠢ D᠂ ᠵᠠᠬ᠎ᠠ ᠳᠡᠯᠭᠡᠭᠦᠷ ᠢᠶᠠᠷ ᠦᠨ᠎ᠡ ᠶᠢ ᠲᠤᠬᠢᠷᠠᠭᠤᠯᠬᠤ ᠲᠥᠷᠥᠯ ᠨᠢ T︶ ᠪᠣᠯᠤᠨ᠎ᠠ᠃ | ᠵᠠᠮ ᠤᠨ ᠬᠠᠵᠠᠭᠤ ᠶᠢᠨ ᠲᠡᠷᠭᠡ ᠵᠤᠬᠰᠤᠭᠠᠬᠤ ᠭᠠᠵᠠᠷ ᠤᠨ ᠪᠣᠳᠠᠲᠠᠶ ᠳ᠋ᠤᠭᠠᠷ ᠨᠢ 1 ᠬᠢᠲᠠᠳ ᠦᠰᠦᠭ᠂ 5 | ᠣᠷᠣᠨᠲᠤ ᠲᠤᠭ᠎ᠠ ᠪᠠ 3 ᠠᠪᠢᠶ᠎ᠠ ᠦᠰᠦᠭ ᠢᠶᠠᠷ ᠪᠦᠷᠢᠯᠳᠦᠨ᠎ᠡ᠂ 蒙B01L001D ᠪᠠᠷ ᠵᠢᠱᠢᠶᠡᠯᠡᠪᠡᠯ᠂ 蒙 | ᠬᠡᠳᠡᠭ ᠦᠰᠦᠭ ᠨᠢ ᠥᠪᠥᠷ ᠮᠣᠩᠭᠤᠯ ᠢ ᠲᠥᠯᠥᠭᠡᠯᠡᠨ᠎ᠡ︔ B ᠨᠢ ᠪᠤᠭᠤᠲᠤ ᠬᠤᠲᠠ ᠶᠢ ᠲᠥᠯᠥᠭᠡᠯᠡᠵᠦ᠂ ᠡᠮᠦᠨ᠎ᠡ | ᠬᠤᠶᠠᠷ ᠲᠤᠭ᠎ᠠ 01 ᠨᠢ ᠬᠥᠨᠳᠡᠯᠡᠨ ᠲᠣᠭᠤᠷᠢᠭ ᠢ ᠲᠥᠯᠥᠭᠡᠯᠡᠵᠦ᠂ L ᠨᠢ ᠵᠠᠮ ᠤᠨ ᠬᠠᠵᠠᠭᠤ ᠶᠢᠨ ᠲᠡᠷᠬᠡ | ᠵᠤᠬᠰᠤᠭᠠᠬᠤ ᠭᠠᠵᠠᠷ ᠬᠡᠳᠡᠭ ᠢ ᠲᠥᠯᠥᠭᠡᠯᠡᠵᠦ᠂ ᠬᠤᠶᠢᠨᠠᠬᠢ ᠭᠤᠷᠪᠠᠨ ᠲᠤᠭ᠎ᠠ 001 ᠨᠢ ᠲᠡᠷᠭᠡᠨ ᠵᠣᠭᠰᠣᠭᠠᠯ ᠤᠨ | ᠵᠢᠬᠰᠠᠯ ᠳᠠᠷᠠᠭᠠᠯᠠᠯ ᠤᠨ ᠳ᠋ᠤᠭᠠᠷ ᠪᠣᠯᠤᠨ᠎ᠠ᠂ ᠬᠠᠮᠤᠭ ᠤᠨ ᠰᠡᠭᠦᠯ ᠤᠨ ᠨᠢᠭᠡ ᠠᠪᠢᠶ᠎ᠠ ᠦᠰᠦᠭ D ᠨᠢ ᠲᠡᠷᠭᠡᠨ | ᠵᠣᠭᠰᠣᠭᠠᠯ ᠤᠨ ᠲᠥᠷᠥᠯ ᠬᠡᠯᠪᠡᠷᠢ ᠶᠢᠨ ᠣᠷᠣᠯᠠᠬᠤ ᠺᠣᠳ᠋ ᠪᠣᠯᠤᠨ᠎ᠠ ︵ᠵᠠᠰᠠᠭ ᠤᠨ ᠣᠷᠳᠣᠨ ᠠᠴᠠ ᠦᠨ᠎ᠡ ᠶᠢ | ᠲᠣᠭᠲᠠᠭᠠᠬᠤ ᠲᠥᠷᠥᠯ ᠨᠢ D ᠪᠠᠶᠢᠵᠤ᠂ ᠵᠠᠬ᠎ᠠ ᠳᠡᠯᠭᠡᠭᠦᠷ ᠢᠶᠠᠷ ᠦᠨ᠎ᠡ ᠶᠢ ᠲᠣᠬᠢᠷᠠᠭᠤᠯᠬᠤ ᠲᠥᠷᠥᠯ ᠨᠢ T | ᠪᠣᠯᠤᠨ᠎ᠠ︶ | ︵ᠳᠣᠯᠤᠭ᠎ᠠ︶ ᠡᠯ᠎ᠡ ᠰᠠᠯᠠᠭ᠎ᠠ ᠮᠥᠴᠢᠷ ᠤᠨ ᠠᠵᠢᠯ ᠤᠨ ᠲᠤᠰᠢᠶᠠᠯ ᠬᠠᠷᠢᠭᠤᠴᠠᠯᠭ᠎ᠠ | ︽ᠠᠷᠭ᠎ᠠ︾ ᠳᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠬᠥᠭᠵᠢᠭᠦᠯᠦᠯᠲᠡ ᠪᠠ | ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠥᠲᠥᠭᠡᠨ | ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠲᠡᠷᠭᠡᠨ ᠵᠣᠭᠰᠣᠭᠠᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠡᠭᠦᠷᠭᠡ ᠲᠤᠰᠢᠶᠠᠯ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ | ᠨᠢᠭᠡᠳᠦᠯᠲᠡᠶ ᠲᠦᠯᠦᠪᠵᠢᠬᠦᠯᠦᠭᠰᠡᠨ᠂ ᠡᠯ᠎ᠡ ᠰᠠᠯᠠᠭ᠎ᠠ ᠮᠥᠴᠢᠷ ᠬᠠᠮᠵᠢᠯᠴᠠᠵᠤ᠂ ᠵᠡᠷᠭᠡ ᠪᠠᠷ ᠠᠳᠬᠤᠵᠤ ᠬᠠᠮᠲᠤ ᠪᠠᠷ | ᠬᠠᠮᠢᠶᠠᠷᠤᠬᠰᠠᠨ ᠠᠵᠢᠯ ᠤᠨ ᠪᠠᠶᠢᠷᠢᠰᠢᠯ ᠢ ᠪᠠᠶᠢᠭᠤᠯᠵᠤ᠂ ᠣᠯᠠᠨ ᠨᠡᠶᠢᠲᠡ ᠶᠢᠨ ᠰᠦᠢᠳᠬᠡᠯ ᠬᠤᠷᠢᠶᠠᠬᠤ ᠲᠡᠷᠭᠡᠨ | ᠵᠣᠭᠰᠣᠭᠠᠯ ᠤᠨ ᠲᠥᠯᠥᠪᠵᠢᠭᠦᠯᠭᠡ᠂ ᠬᠢᠨᠠᠨ ᠵᠥᠪᠰᠢᠶᠡᠷᠡᠬᠦ᠂ ᠪᠥᠲᠥᠭᠡᠨ ᠪᠠᠶᠢᠭᠤᠯᠬᠤ ᠪᠠ ᠬᠢᠨᠠᠨ ᠬᠠᠮᠢᠶᠠᠷᠬᠤ | ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠡ᠃ |