ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠷᠭᠤᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/12
    12 ᠰᠠᠷ᠎ᠠ ᠶᠢᠨ 8 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ ᠵᠢᠴᠢ ᠭᠡᠰᠢᠭᠦᠨ ᠨᠡᠶᠢᠳᠡ 23 ᠬᠥᠮᠦᠨ ᠬᠤᠷᠠᠯ ᠳᠤ ᠣᠷᠣᠯᠴᠠᠪᠠ᠃ ᠯᠢ ᠵᠢᠶᠦ᠋ᠨ᠂ ᠬᠤ᠋ ᠰᠢᠶᠠ ᠲᠤᠰ ᠲᠤᠰ ᠠᠩᠬᠠᠳᠤᠭᠠᠷ ᠤᠳᠠᠭ᠎ᠠ ᠪᠣᠯᠤᠨ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠢ ᠡᠷᠬᠢᠯᠡᠪᠡ᠃
    ᠲᠣᠭᠤᠷᠢᠭ ᠤᠨ ᠳᠡᠳ᠋ ᠳᠠᠷᠤᠭ᠎ᠠ ᠦ᠋ ᠱᠧᠨ ᠮᠦᠸᠧ᠂ ᠸᠠᠩ ᠰᠢᠤ ᠵᠢᠤᠸᠠᠨ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2021 ᠣᠨ ᠤ ᠲᠤᠭᠤᠷᠢᠭ ᠤᠨ ᠲᠣᠰ ᠱᠠᠲᠤᠨ ᠤ ᠲᠥᠰᠦᠪ ᠤᠨ ᠬᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠶᠢᠨ ᠲᠤᠬᠠᠶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠭᠰᠡᠨ ᠪᠦᠬᠡᠳ ᠲᠣᠭᠤᠷᠢᠭ ᠤᠨ ᠳᠡᠳ᠋ ᠳᠠᠷᠤᠭ᠎ᠠ ᠡᠤ ᠱᠧᠨ ᠮᠦᠸᠧ᠂ ᠲᠣᠭᠤᠷᠢᠭ ᠤᠨ ᠳᠡᠳ᠋ ᠳᠠᠷᠤᠭ᠎ᠠ ᠸᠠᠩ ᠰᠢᠤ ᠵᠢᠤᠸᠠᠨ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠾᠧ ᠴᠢᠩ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠸᠠᠩ ᠰᠤ᠋ ᠵᠧᠨ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠶᠢᠨ ᠹᠧᠨ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠩ ᠺᠠᠶ ᠬᠤᠩ ᠤᠨ ᠬᠢᠭᠰᠡᠨ ᠠᠵᠢᠯ ᠤᠨ ᠮᠡᠳᠡᠭᠦᠯᠦᠯᠲᠡ ᠵᠢᠴᠢ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 5 ᠲᠥᠯᠥᠭᠡᠯᠡᠭᠴᠢ ᠶᠢᠨ ᠳᠡᠪᠰᠢᠭᠦᠯᠦᠭᠰᠡᠨ ᠪᠢᠴᠢᠭ ᠤᠨ ᠬᠡᠯᠪᠡᠷᠢ ᠶᠢᠨ ᠠᠵᠢᠯ ᠤᠨ ᠮᠡᠳᠡᠭᠦᠯᠦᠯᠲᠡ ᠳᠤ ᠬᠠᠨᠤᠮᠵᠢᠲᠠᠶ ᠪᠠᠶᠢᠬᠤ ᠬᠡᠮᠵᠢᠶ᠎ᠡ ᠳᠤ ᠪᠠᠳᠤᠯᠠᠯᠳᠠ ᠬᠢᠵᠤ᠂ ᠪᠠᠲᠤᠯᠠᠯᠲᠠ ᠶᠢᠨ ᠦᠷ᠎ᠡ ᠳ᠋ᠦᠩ ᠳᠤ ᠴᠥᠮ ᠬᠠᠨᠤᠮᠵᠢᠲᠠᠶ ᠪᠤᠯᠪᠠ᠃    ᠬᠤᠷᠠᠯ ᠠᠴᠠ 5 ᠰᠢᠭᠦᠬᠦ ᠲᠤᠰᠢᠶᠠᠯᠲᠠᠨ᠂ 5 ᠪᠠᠶᠢᠴᠠᠭᠠᠬᠤ ᠲᠤᠰᠢᠶᠠᠯᠲᠠᠨ ᠳᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠲᠤᠬᠠᠶ ᠦᠨᠡᠯᠡᠯᠲᠡ ᠬᠢᠵᠦ᠂ 5 ᠰᠢᠭᠦᠬᠦ ᠲᠤᠰᠢᠶᠠᠯᠲᠠᠨ᠂ 5 ᠪᠠᠶᠢᠴᠠᠭᠠᠬᠤ ᠲᠤᠰᠢᠶᠠᠯᠲᠠᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠤᠨ ᠬᠠᠨᠤᠮᠵᠢᠳᠠᠢ ᠪᠠᠶᠢᠬᠤ ᠬᠡᠮᠵᠢᠶ᠎ᠡ ᠳᠤ ᠪᠠᠳᠤᠯᠠᠯᠳᠠ ᠬᠢᠵᠤ᠂ ᠪᠠᠲᠤᠯᠠᠯᠲᠠ ᠶᠢᠨ ᠦᠷ᠎ᠡ ᠳ᠋ᠦᠩ ᠳᠤ ᠴᠥᠮ ᠬᠠᠨᠤᠮᠵᠢᠲᠠᠶ ᠪᠤᠯᠪᠠ᠃ ᠬᠤᠷᠠᠯ ᠠᠴᠠ ︽2021 ᠣᠨ ᠤ ᠲᠤᠭᠤᠷᠢᠭ ᠤᠨ ᠲᠤᠰ ᠱᠠᠲᠤᠨ ᠤ ᠲᠥᠰᠦᠪ ᠤᠨ ᠭᠦᠢᠴᠡᠳᠬᠡᠯ ᠢ ᠵᠥᠪᠰᠢᠶᠡᠷᠡᠬᠦ ᠲᠤᠬᠠᠢ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ︾᠂ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠠᠷᠭ᠎ᠠ︾ ᠶᠢ ᠬᠢᠨᠠᠨ ᠵᠥᠪᠯᠡᠵᠦ ᠪᠠᠲᠤᠯᠠᠪᠠ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号