ᠴᠤᠭᠤᠷ ︵ᠮᠣᠩᠭᠤᠯ ᠦᠨᠳᠦᠰᠦᠲᠡᠨ ᠤ ᠨᠤᠮᠤᠳᠤ ᠬᠥᠭᠵᠢᠮ︶
ᠨᠡᠶᠢᠲᠡᠯᠡᠭᠰᠡᠨ ᠴᠠᠭ᠄
2022/12/15
  ᠴᠤᠭᠤᠷ ᠪᠣᠯ ᠮᠣᠩᠭᠤᠯ ᠦᠨᠳᠦᠰᠦᠲᠡᠨ ᠤ ᠨᠢᠭᠡ ᠵᠦᠶᠯ ᠤᠨ ᠡᠷᠲᠡᠨ ᠤ ᠨᠤᠮᠤᠲᠤ ᠬᠥᠭᠵᠢᠮ ᠮᠥᠨ᠂ ᠳᠠᠭᠤᠨ ᠤ ᠥᠩᠭᠡ ᠨᠢ ᠨᠠᠮ ᠳᠤᠤᠷ᠎ᠠ᠂ ᠢᠳᠡᠷᠡᠭᠦᠨ ᠴᠢᠬᠢᠮᠡᠢ ᠮᠥᠷᠲᠡᠭᠡᠨ ᠵᠥᠭᠡᠯᠡᠨ᠃ ᠴᠤᠭᠤᠷ ᠤᠨ ᠬᠥᠭᠵᠢᠯᠲᠡ ᠶᠢᠨ ᠲᠡᠦᠬᠡ  ᠨᠢ ᠨᠡᠭᠦᠳᠡᠯ ᠮᠠᠯᠵᠢᠯ ᠤᠨ ᠠᠷᠠᠳ ᠲᠦᠮᠡᠨ ᠤ ᠠᠮᠢᠳᠤᠷᠠᠯ ᠤᠨ ᠳᠠᠳᠬᠠᠯ ᠯᠤᠭ᠎ᠠ ᠰᠠᠯᠵᠤ ᠪᠤᠯᠤᠰᠢ ᠦᠬᠡᠢ ᠬᠠᠷᠢᠴᠠᠭ᠎ᠠ ᠬᠤᠯᠪᠣᠭ᠎ᠠ ᠲᠠᠢ ᠶᠤᠮ᠃ ᠣᠨ ᠵᠢᠯ ᠤᠨ ᠬᠦᠴᠢᠷ ᠪᠡᠷᠬᠡ ᠨᠢ ᠮᠣᠩᠭᠤᠯ ᠦᠨᠳᠦᠰᠦᠲᠡᠨ ᠤ ᠡᠷᠡᠰ ᠬᠠᠲᠠᠭᠤ᠂ ᠡᠷᠡᠯᠬᠡᠭ ᠪᠠᠭᠠᠲᠤᠷᠯᠢᠭ᠂ ᠯᠠᠪᠳᠠᠭᠤᠨ ᠲᠣᠭᠲᠠᠭᠤᠨ ᠥᠪᠡᠷᠮᠢᠴᠡ ᠵᠠᠩ ᠴᠢᠨᠠᠷ ᠪᠠ ᠲᠡᠳᠡᠨ ᠤ ᠠᠷᠢᠭᠤᠨ ᠴᠠᠶᠢᠯᠭᠠᠨ ᠰᠡᠳᠬᠢᠯ ᠰᠠᠨᠠᠭ᠎ᠠ ᠶᠢ ᠪᠦᠷᠢᠯᠳᠦᠬᠦᠯᠦᠭᠰᠡᠨ ᠪᠦᠬᠡᠳ ᠲᠡᠳᠡᠨ ᠤ ᠳᠠᠭᠤᠤ ᠬᠥᠭᠵᠢᠮ ᠢ ᠨᠢ ᠲᠠᠯᠠᠰᠵᠢᠨ ᠲᠠᠰᠤᠷᠠᠯᠳᠠ ᠦᠬᠡᠢ ᠰᠤᠳᠤᠨ ᠤᠷᠠᠯᠢᠭ ᠪᠤᠯᠵᠤ ᠬᠦᠭᠵᠢᠪᠠ᠃ ᠥᠪᠥᠷ ᠮᠣᠩᠭᠤᠯ ᠤᠨ ᠲᠠᠯ᠎ᠠ ᠨᠤᠲᠤᠭ ᠠᠴᠠ ᠡᠭᠦᠰᠦᠭᠰᠡᠨ᠂ ︽ᠰᠣᠶᠣᠯ ᠤᠨ ᠠᠯᠮᠠᠰ ᠴᠢᠯᠠᠭᠤ︾ ᠬᠡᠮᠡᠭᠳᠡᠭᠰᠡᠨ ᠨᠤᠮᠤᠳᠤ ᠬᠦᠭᠵᠢᠮ ᠴᠤᠭᠤᠷ ᠪᠣᠯ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠲᠡᠦᠬᠡ ᠶᠢᠨ ᠭᠡᠷᠡᠴᠢ ᠪᠣᠯᠬᠤ ᠪᠠᠷ ᠪᠠᠷᠠᠬᠤ ᠦᠭᠡᠢ᠂ ᠪᠠᠰᠠ ᠴᠤ ᠲᠠᠯ᠎ᠠ ᠨᠤᠲᠤᠭ ᠤᠨ ᠪᠣᠯᠪᠠᠰᠤᠨ ᠤ ᠦᠨᠢᠳᠡ ᠶᠢᠨ ᠤᠶᠤᠨ ᠰᠠᠨᠠᠭᠠᠨ ᠤ ᠪᠡᠯᠭᠡ ᠲᠡᠮᠳᠡᠭ ᠪᠤᠯᠬᠤ ᠶᠤᠮ᠃ ᠤᠯᠠᠮᠵᠢᠯᠠᠯᠲᠤ ᠮᠣᠷᠢᠨ ᠬᠤᠭᠤᠷ ᠤᠨ ᠬᠥᠭᠵᠢᠮᠳᠡᠬᠦ ᠠᠷᠭ᠎ᠠ ᠶᠢᠨ ᠨᠢᠭᠡ ᠪᠣᠯᠬᠤ ᠴᠣᠭᠤᠷ ᠬᠦᠭᠵᠢᠮ ᠤᠨ ᠬᠥᠭᠵᠢᠮᠳᠡᠬᠦ ᠠᠷᠭ᠎ᠠ ᠨᠢ ᠭᠤᠤᠯᠳᠠᠭᠤ ᠬᠠᠷᠠᠮᠥ᠋ᠷᠡᠨ᠂ ᠭᠢᠷᠢᠨ᠂ ᠥᠪᠥᠷ ᠮᠣᠩᠭᠤᠯ ᠤᠨ ᠬᠤᠷᠴᠢᠨ᠂ ᠯᠢᠶᠣᠤᠨᠢᠩ ᠤᠨ ᠬᠠᠷᠠᠴᠢᠨ ᠤ ᠮᠣᠩᠭᠤᠯ ᠪᠠᠯᠭᠠᠰᠤ ︵ᠹᠦᠰᠢᠨ︶ ᠴᠢᠨᠠᠭᠰᠢᠯᠠᠪᠠᠯ ᠣᠷᠣᠰ ᠤᠨ ᠲᠤᠸᠠ ᠤᠯᠤᠰ᠂ ᠮᠣᠩᠭᠤᠯ ᠤᠯᠤᠰ ᠤᠨ ᠪᠠᠷᠠᠭᠤᠨ ᠬᠡᠰᠡᠭ ᠵᠡᠷᠭᠡ ᠮᠣᠩᠭᠤᠯ ᠦᠨᠳᠦᠰᠦᠲᠡᠨ ᠤ ᠣᠷᠣᠰᠢᠨ ᠰᠠᠭᠤᠭ᠎ᠠ ᠭᠠᠵᠠᠷ ᠣᠷᠣᠨ ᠢᠶᠠᠷ ᠲᠠᠷᠬᠠᠵᠤ᠂ ᠬᠤᠷᠴᠢᠨ ᠠᠶᠢᠮᠠᠭ ᠵᠢᠴᠢ ᠲᠡᠬᠦᠨ ᠤ ᠡᠯ᠎ᠡ ᠬᠤᠰᠢᠭᠤᠨ ᠳᠤ ᠤᠯᠠᠮᠵᠢᠯᠠᠭᠳᠠᠵᠤ ᠪᠠᠶᠢᠳᠠᠭ᠃ ᠴᠤᠭᠤᠷ ᠪᠣᠯ ᠲᠤᠰ ᠠᠶᠢᠮᠠᠭ ᠤᠨ ᠠᠷᠠᠳ ᠤᠨ ᠬᠥᠭᠵᠢᠮᠴᠢᠳ ᠠᠴᠠ ᠮᠣᠷᠢᠨ ᠬᠤᠭᠤᠷ ᠤᠨ ᠤᠯᠠᠮᠵᠢᠯᠠᠯᠲᠤ ᠨᠡᠷᠡᠶᠢᠳᠦᠯ ᠪᠤᠯᠬᠤ ᠶᠤᠮ᠃ ︽ᠴᠤᠭᠤᠷ ᠬᠥᠭᠵᠢᠮᠳᠡᠬᠦ ᠠᠷᠭ᠎ᠠ︾ ᠨᠢ ᠬᠤᠷᠴᠢᠨ ᠠᠶᠢᠮᠠᠭ ᠤᠨ ᠳᠠᠭᠤᠤ ᠬᠥᠭᠵᠢᠮ ᠤᠨ ᠰᠠᠭᠤᠷᠢᠨ ᠳᠡᠭᠡᠷ᠎ᠡ ᠪᠤᠶ ᠪᠣᠯᠵᠤ᠂ ᠡᠬᠡᠯ ᠪᠣᠷᠣᠭᠵᠢᠭᠤᠨ᠂ ᠭᠦᠨ ᠴᠢᠬᠢᠮᠡᠢ᠂ ᠢᠷᠠᠭᠤ ᠡᠬᠡᠰᠢᠭᠯᠡᠩ ᠪᠦᠬᠡᠳ ᠤᠶᠠᠷᠠᠭᠤᠨ ᠪᠠᠶᠢᠳᠠᠭ᠃ ᠴᠤᠭᠤᠷ ᠪᠣᠯᠤᠨ ᠲᠡᠭᠦᠨ ᠤ ᠬᠥᠭᠵᠢᠮᠳᠡᠬᠦ ᠠᠷᠭ᠎ᠠ ᠨᠢ ᠡᠷᠲᠡᠨ ᠤ ᠦᠶ᠎ᠡ ᠳᠤ᠂ ᠮᠣᠩᠭᠤᠯ ᠶᠤᠸᠠᠨ ᠤᠯᠤᠰ ᠤᠨ ᠦᠶ᠎ᠡ ᠳᠤ᠂ ᠮᠣᠩᠭᠤᠯ ᠪᠠᠭᠠᠲᠤᠷᠯᠢᠭ ᠲᠤᠤᠯᠢᠰ ᠢ ᠥᠭᠦᠯᠡᠨ ᠳᠠᠭᠤᠯᠠᠬᠤ ᠳᠤ ᠬᠠᠪᠰᠤᠷᠭᠠᠨ ᠬᠥᠭᠵᠢᠮᠳᠡᠬᠦ ᠬᠥᠭᠵᠢᠮ ᠪᠤᠯᠤᠬᠰᠠᠨ ᠶᠤᠮ᠃ ᠠᠯᠳᠠᠷᠲᠤ ᠴᠤᠭᠤᠷ ᠬᠥᠭᠵᠢᠮᠳᠡᠬᠦ ᠶᠡᠭᠡ ᠪᠠᠭᠰᠢᠳᠠᠨ ᠰᠧᠷᠠᠰᠢ ᠶᠢᠨ ᠬᠥᠭᠵᠢᠮᠳᠡᠵᠤ ᠰᠢᠩᠬᠡᠬᠡᠨ ᠦᠯᠡᠳᠡᠬᠡᠭᠰᠡᠨ ᠠᠶ᠎ᠠ ᠲᠤᠳᠤᠷ᠎ᠠ ᠲᠠᠪᠤᠨ ᠪᠠᠳᠠᠭ ᠪᠠᠭᠠᠲᠤᠷᠯᠢᠭ ᠲᠤᠤᠯᠢᠰ ᠢ ᠥᠭᠦᠯᠡᠨ ᠳᠠᠭᠤᠯᠠᠬᠤ ᠳᠤ ᠬᠠᠪᠰᠤᠷᠭᠠᠬᠰᠠᠨ ᠴᠤᠭᠤᠷ ᠬᠥᠭᠵᠢᠮ ᠪᠠᠶᠢᠳᠠᠭ᠃ ᠴᠤᠭᠤᠷ ᠳᠠᠭᠤᠤ ᠬᠥᠭᠵᠢᠮ ᠤᠨ ᠬᠡᠯᠪᠡᠷᠢ ᠨᠢ ᠮᠣᠩᠭᠤᠯ ᠰᠣᠶᠣᠯ ᠢ ᠥᠪᠯᠡᠨ ᠤᠯᠠᠮᠵᠢᠯᠠᠵᠤ᠂ ᠥᠪᠡᠷᠮᠢᠴᠡ ᠪᠤᠳᠠᠭᠠᠯᠢ ᠣᠨᠴᠠᠯᠢᠭ ᠰᠢᠨᠵᠢ ᠶᠢ ᠢᠯᠡᠳᠬᠡᠬᠦ ᠴᠢᠬᠤᠯᠠ ᠠᠴᠢᠶᠠᠯᠠᠪᠤᠷᠢ ᠪᠤᠯᠬᠤ ᠶᠤᠮ᠃
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号