ᠤᠰᠤ ᠶᠢ ᠬᠡᠳᠦᠷᠡᠳᠡᠯ᠎ᠡ ᠤᠤᠭᠤᠪᠠᠯ ᠬᠤᠤᠷ ᠪᠤᠯᠤᠨ᠎ᠠ
ᠨᠡᠶᠢᠲᠡᠯᠡᠭᠰᠡᠨ ᠴᠠᠭ᠄
2022/12/20
    ᠮᠡᠳᠡᠭᠡᠵᠢ ᠪᠠᠷ᠂ ᠤᠰᠤ ᠤᠤᠭᠤᠬᠤ ᠨᠢ ᠰᠢᠨ᠎ᠡ ᠲᠢᠲᠢᠮᠯᠢᠭ ᠸᠢᠷᠦ᠋ᠰ᠂ ᠬᠢᠮᠤᠷᠠᠭ᠎ᠠ ᠲᠠᠬᠰᠢᠭᠤᠷ ᠵᠡᠷᠭᠡ ᠡᠪᠡᠳᠴᠢᠨ‌‍ᠬᠢᠵᠢᠭ ᠢ ᠰᠡᠷᠭᠡᠶᠢᠯᠡᠨ ᠨᠠᠮᠳᠠᠭᠠᠬᠤ ᠦᠢᠯᠡᠳᠦᠯ ᠲᠠᠢ ᠪᠠᠶᠢᠳᠠᠭ᠂ ᠬᠡᠬᠦ ᠳᠡᠭᠡᠨ ᠤᠰᠤ ᠶᠢ ᠬᠡᠳᠦᠷᠡᠳᠡᠯ᠎ᠡ ᠤᠤᠭᠤᠪᠠᠯ ᠬᠠᠷᠢᠨ  ᠪᠠᠰᠠ‌ᠤᠰᠤᠨ ᠳᠤ ᠬᠤᠤᠷᠳᠠᠬᠳᠠᠵᠦ ᠮᠡᠳᠡᠨ᠎ᠡ᠃              ᠡᠨᠡ ᠨᠢ ᠭᠤᠤᠯᠳᠠᠭᠤ ᠤᠰᠤ ᠨᠦᠬᠦᠪᠦᠷᠢᠯᠡᠬᠦ ᠬᠡᠮᠵᠢᠶ᠎ᠡ ᠨᠢ ᠤᠰᠤ ᠢᠯᠭᠠᠷᠠᠭᠤᠯᠬᠤ ᠬᠡᠮᠵᠢᠶᠡᠨ ᠠᠴᠠ ᠬᠡᠳᠦᠷᠡᠵᠦ᠂ ᠬᠦᠮᠦᠨ ᠤ ᠪᠡᠶ᠎ᠡ ᠶᠢᠨ ᠴᠢᠰᠤᠨ ᠤ ᠲᠤᠳᠤᠷᠠᠬᠢ ᠨᠠᠲᠷᠢ ᠶᠢᠨ ᠬᠡᠮᠵᠢᠶ᠎ᠡ ᠨᠢ ᠲᠤᠤᠷ᠎ᠠ ᠪᠤᠯᠳᠠᠭ᠂ ᠵᠠᠷᠢᠮ ᠦᠶ᠎ᠡ ᠳᠤ ᠵᠠᠭᠤᠷᠠᠬᠤ᠂ ᠮᠡᠳᠡᠭᠡ ᠠᠯᠳᠠᠬᠤ ᠵᠡᠷᠭᠡ ᠦᠵᠡᠭᠳᠡᠯ ᠢᠯᠡᠷᠡᠵᠦ᠂ ᠴᠢᠨᠠᠬᠰᠢᠯᠠᠨ ᠠᠮᠢ ᠨᠠᠰᠤᠨ ᠳᠤ ᠠᠶᠤᠯ ᠲᠤᠯᠭᠠᠷᠠᠭᠤᠯᠳᠠᠭ  ᠶᠤᠮ ᠪᠠᠶᠢᠨ᠎ᠠ᠃ ᠡᠷᠡᠭᠳᠡᠶᠢᠴᠤᠳ ᠡᠳᠦᠷ ᠪᠤᠯᠭᠠᠨ 1700 ᠮᠢᠯᠢᠯᠢᠲᠷ᠂ ᠡᠮᠡᠭᠳᠡᠶᠢᠴᠤᠳ ᠡᠳᠦᠷ ᠪᠤᠯᠭᠠᠨ 1500 ᠮᠢᠯᠢᠯᠢᠲᠷ ᠤᠰᠤ ᠤᠤᠭᠤᠪᠠᠯ ᠪᠤᠯᠴᠢᠬᠠᠨ᠎ᠠ᠃ ᠬᠡᠬᠦ ᠳᠡᠭᠡᠨ ᠪᠠᠭ᠎ᠠ ᠬᠡᠮᠵᠢᠶ᠎ᠡ ᠪᠠᠷ ᠤᠯᠠᠨ‌ᠤᠳᠠᠭ᠎ᠠ ᠤᠤᠭᠤᠪᠠᠯ ᠵᠤᠬᠢᠨ᠎ᠠ᠂ ᠪᠠᠰᠠ ᠴᠠᠭ ᠤᠯᠠᠷᠢᠯ᠂ ᠪᠡᠶ᠎ᠡ ᠲᠠᠮᠢᠷ ᠤᠨ ᠬᠦᠳᠡᠯᠭᠡᠭᠡᠨ ᠪᠠ ᠡᠪᠡᠳᠴᠢᠨ ᠡᠮᠭᠡᠭ ᠤᠨ ᠪᠠᠶᠢᠳᠠᠯ ᠵᠡᠷᠭᠡ ᠶᠢ  ᠦᠨᠳᠦᠰᠦᠯᠡᠵᠦ  ᠪᠠᠶᠢᠭᠠᠳ  ᠤᠰᠤ  ᠤᠤᠭᠤᠬᠤ‌‍ᠬᠡᠮᠵᠢᠶ᠎ᠡ ᠶᠢ ᠲᠤᠬᠢᠷᠠᠭᠤᠯᠵᠦ ᠪᠤᠯᠤᠨ᠎ᠠ ᠭᠡᠵᠦ ᠲᠤᠰᠬᠠᠢ ᠮᠡᠷᠭᠡᠵᠢᠯᠳᠡᠨ ᠰᠠᠨᠠᠭᠤᠯᠵᠦ ᠪᠠᠶᠢᠨ᠎ᠠ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号