ᠵᠢᠷᠮᠦᠰᠦᠨ ᠬᠥᠩᠭᠡᠵᠢᠭᠰᠡᠨ ᠡᠬᠡᠴᠦᠳ᠂ ᠬᠡᠦᠬᠡᠳ ᠤᠨ ᠭᠡᠷ ᠤᠨ ᠠᠬᠠᠮᠠᠳ᠂ ᠨᠠᠰᠤᠲᠠᠶᠢᠴᠤᠳ᠂ ᠵᠢᠷᠦᠬᠡ ᠴᠢᠰᠤᠨ ᠰᠤᠳᠠᠯ ᠤᠨ ᠡᠪᠡᠳᠴᠢᠲᠡᠨ ᠁ ᠳᠠᠷᠠᠭᠠᠬᠢ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠠᠭᠤᠯᠭ᠎ᠠ ᠶᠢ ᠦᠵᠡᠨ᠎ᠡ ᠤᠤ
ᠨᠡᠶᠢᠲᠡᠯᠡᠭᠰᠡᠨ ᠴᠠᠭ᠄
2022/12/20
      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ 12 ᠳ᠋ᠤᠭᠠᠷ ᠰᠠᠷ᠎ᠠ ᠶᠢᠨ 13 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠪᠢᠳᠡ ᠬᠠᠮᠲᠤ ᠪᠠᠷ ᠣᠶᠢᠯᠠᠭᠠᠵᠠᠭᠠᠶ᠎ᠠ ——       ᠵᠢᠷᠮᠦᠰᠦᠨ ᠬᠥᠩᠭᠡᠵᠢᠭᠰᠡᠨ ᠡᠬᠡᠴᠦᠳ       ᠵᠢᠷᠮᠦᠰᠦᠨ ᠬᠥᠩᠭᠡᠵᠢᠭᠰᠡᠨ ᠡᠬᠡᠴᠦᠳ ᠬᠢᠵᠢᠭ ᠲᠤ ᠬᠠᠯᠳᠠᠪᠤᠷᠢᠯᠠᠭᠳᠠᠪᠠᠯ ᠶᠠᠮᠠᠷ ᠡᠪᠡᠳᠴᠢᠨ ᠤ ᠢᠯᠡᠷᠡᠯ ᠲᠠᠢ ᠪᠣᠢ︖      ᠤᠯᠤᠰ ᠤᠨ ᠳᠣᠲᠣᠭᠠᠳᠤ ᠳᠠᠬᠢ ᠪᠦᠬᠦ ᠤᠯᠤᠰ ᠤᠨ ᠬᠥᠩᠭᠡᠵᠢᠯᠲᠡ ᠶᠢᠨ ᠰᠠᠯᠠᠭᠠᠨ ᠤ ᠶᠠᠰᠤ ᠴᠢᠨᠠᠷ ᠢ ᠡᠵᠡᠮᠳᠡᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠤᠷᠢᠶᠠᠩᠭᠤᠶᠢᠯᠠᠭᠰᠠᠨ ᠤᠯᠤᠰ ᠤᠨ ᠳᠣᠲᠣᠭᠠᠳᠤ ᠶᠢᠨ ᠪᠠᠶᠢᠳᠠᠯ ᠪᠠ ᠣᠯᠠᠨ ᠤᠯᠤᠰ ᠤᠨ ᠮᠡᠳᠡᠭᠡᠯᠡᠯ ᠠᠴᠠ ᠦᠵᠡᠪᠡᠯ᠂ ᠵᠢᠷᠮᠦᠰᠦᠨ ᠬᠥᠩᠭᠡᠵᠢᠭᠰᠡᠨ ᠡᠬᠡᠴᠦᠳ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠶᠡᠷᠦᠩᠬᠡᠢ ᠳᠤ ᠪᠠᠨ ᠡᠪᠡᠳᠴᠢᠯᠡᠬᠦ ᠨᠤᠷᠮ᠎ᠠ ᠪᠠ ᠡᠪᠡᠳᠴᠢᠨ ᠤ ᠪᠠᠶᠢᠳᠠᠯ᠂ ᠡᠪᠡᠳᠴᠢᠨ ᠤ ᠶᠠᠪᠤᠴᠠ ᠶᠢᠨ ᠪᠠᠶᠢᠳᠠᠯ ᠨᠢ ᠪᠦᠷ ᠡᠩ ᠤᠨ ᠬᠥᠮᠥᠰ ᠲᠠᠢ ᠨᠡᠯᠢᠶᠡᠳ ᠣᠶᠢᠷᠠᠯᠴᠠᠭ᠎ᠠ ᠪᠠᠶᠢᠳᠠᠭ᠃ ᠡᠪᠡᠳᠴᠢᠨ ᠤ ᠢᠯᠡᠷᠡᠯ ᠨᠢ ᠭᠤᠣᠯᠳᠠᠭᠤ ᠠᠮᠢᠰᠬᠤᠯ ᠤᠨ ᠳᠡᠭᠡᠳᠦ ᠵᠠᠮ ᠤᠨ ᠬᠠᠯᠳᠠᠪᠤᠷᠢᠯᠠᠯ ᠪᠣᠯᠣᠨ᠎ᠠ᠂ ᠵᠢᠱᠢᠶᠡᠯᠡᠪᠡᠯ ᠬᠠᠨᠢᠶᠠᠯᠭᠠᠬᠤ᠂ ᠬᠤᠭᠤᠯᠠᠢ ᠡᠪᠡᠳᠬᠦ᠂ ᠨᠠᠶᠢᠲᠠᠭᠠᠬᠤ᠂ ᠬᠠᠮᠠᠷ ᠪᠢᠲᠡᠭᠦᠷᠡᠬᠦ᠂ ᠨᠢᠰᠤ ᠭᠤᠭᠤᠵᠢᠬᠤ᠂ ᠪᠦᠬᠦ ᠪᠡᠶ᠎ᠡ ᠱᠠᠷᠬᠢᠷᠠᠨ ᠡᠪᠡᠳᠬᠦ᠂ ᠬᠠᠯᠠᠭᠤᠷᠠᠬᠤ ᠵᠡᠷᠭᠡ ᠢᠯᠡᠷᠡᠯ ᠲᠠᠢ᠂ ᠬᠦᠨᠳᠦ ᠡᠪᠡᠳᠴᠢᠨ ᠤ ᠰᠢᠨᠵᠢ ᠲᠡᠮᠳᠡᠭ ᠲᠤᠩ ᠴᠥᠭᠡᠨ ᠪᠠᠶᠢᠳᠠᠭ᠂ ᠡᠶᠢᠮᠦ ᠠᠴᠠ ᠠᠶᠤᠨ ᠰᠠᠨᠳᠤᠷᠤᠭᠰᠠᠨ ᠤ ᠬᠡᠷᠡᠭ ᠦᠭᠡᠢ᠂ ᠡᠪᠡᠳᠴᠢᠨ ᠤ ᠶᠠᠪᠤᠴᠠ ᠨᠢ ᠴᠦ ᠦᠨᠳᠦᠰᠦᠨ ᠳᠤ ᠪᠠᠨ 5 ᠠᠴᠠ 7 ᠡᠳᠦᠷ ᠪᠣᠯᠣᠨ᠎ᠠ᠃ ᠣᠳᠣᠬᠠᠨ ᠤ ᠪᠠᠶᠢᠳᠠᠯ ᠠᠴᠠ ᠦᠵᠡᠪᠡᠯ᠂ ᠡᠮᠦᠨᠡᠲᠦ ᠣᠷᠣᠨ ᠪᠠ ᠤᠮᠠᠷᠠᠲᠤ ᠣᠷᠣᠨ ᠤ ᠣᠨᠳᠣᠣᠰᠢᠭᠰᠠᠨ ᠸᠢᠷᠦ᠋ᠰ ᠤᠨ ᠰᠠᠭᠤᠷᠢ ᠨᠢ ᠵᠢᠭᠠᠬᠠᠨ ᠠᠳᠠᠯᠢ ᠦᠭᠡᠢ ᠪᠠᠶᠢᠵᠤ᠂ ᠤᠮᠠᠷᠠᠲᠤ ᠣᠷᠣᠨ ᠳᠤ ᠵᠢᠭᠠᠬᠠᠨ ᠬᠠᠭᠤᠷᠠᠢ᠂ ᠠᠭᠤᠷ ᠠᠮᠢᠰᠬᠤᠯ ᠨᠡᠯᠢᠶᠡᠳ ᠬᠦᠢᠲᠡᠨ᠂ ᠡᠪᠡᠳᠴᠢᠨ ᠤ ᠪᠠᠶᠢᠳᠠᠯ ᠨᠢ ᠬᠠᠷᠢᠴᠠᠩᠭᠤᠢ ᠬᠦᠨᠳᠦ᠂ ᠭᠡᠪᠡᠴᠦ ᠡᠪᠡᠳᠴᠢᠨ ᠤ ᠶᠠᠪᠤᠴᠠ ᠨᠢ ᠦᠨᠳᠦᠰᠦᠨ ᠳᠤ ᠪᠠᠨ 5 ᠠᠴᠠ 7 ᠡᠳᠦᠷ ᠪᠠᠶᠢᠳᠠᠭ᠂ ᠣᠨᠴᠠ ᠵᠠᠷᠢᠮ ᠬᠦᠨᠳᠦ ᠡᠪᠡᠳᠴᠢᠲᠡᠨ ᠨᠢ ᠭᠤᠣᠯᠳᠠᠭᠤ ᠲᠡᠭᠦᠨ ᠤ ᠰᠠᠭᠤᠷᠢ ᠡᠪᠡᠳᠴᠢᠨ ᠲᠠᠢ ᠬᠤᠯᠪᠣᠭ᠎ᠠ ᠲᠠᠢ ᠪᠠᠶᠢᠳᠠᠭ᠂ ᠵᠢᠱᠢᠶᠡᠯᠡᠪᠡᠯ ᠤᠤᠯ ᠳᠤ ᠪᠠᠨ ᠡᠯᠢᠭᠡ ᠪᠥᠭᠡᠷᠡᠨ ᠤ ᠠᠵᠢᠯᠯᠠᠭ᠎ᠠ ᠮᠠᠭᠤᠲᠠᠢ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠲᠠᠢ ᠪᠠᠶᠢᠪᠠᠯ᠂ ᠡᠳᠡᠭᠡᠷ ᠬᠥᠮᠥᠰ ᠴᠠᠭ ᠲᠤᠬᠠᠢ ᠳᠤ  ᠨᠢ ᠡᠮᠨᠡᠭᠦᠯᠬᠦ ᠬᠡᠷᠡᠭᠲᠡᠢ᠃       ᠵᠢᠷᠮᠦᠰᠦᠨ ᠬᠥᠩᠭᠡᠵᠢᠭᠰᠡᠨ ᠡᠬᠡᠴᠦᠳ ᠬᠢᠵᠢᠭ ᠲᠤ ᠬᠠᠯᠳᠠᠪᠤᠷᠢᠯᠠᠭᠳᠠᠪᠠᠯ ᠬᠡᠪᠡᠯᠢ ᠳᠠᠬᠢ ᠬᠡᠦᠬᠡᠳ ᠢ ᠨᠥᠯᠥᠭᠡᠯᠡᠨ᠎ᠡ ᠤᠤ︖       ᠵᠢᠷᠮᠦᠰᠦᠨ ᠬᠥᠩᠭᠡᠵᠢᠭᠰᠡᠨ ᠡᠬᠡᠴᠦᠳ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠬᠡᠪᠡᠯᠢ ᠳᠠᠬᠢ ᠬᠡᠦᠬᠡᠳ ᠲᠤ ᠬᠠᠯᠳᠠᠪᠤᠷᠢᠯᠠᠬᠤ ᠦᠭᠡᠢ᠂ ᠤᠴᠢᠷ ᠨᠢ ᠡᠬᠡ ᠶᠢᠨ ᠪᠡᠶ᠎ᠡ ᠳᠤ ᠢᠬᠡᠰ ᠭᠡᠬᠦ ᠮᠠᠰᠢ ᠰᠠᠶᠢᠨ ᠬᠠᠮᠠᠭᠠᠯᠠᠯᠲᠠ ᠶᠢᠨ ᠬᠠᠯᠬᠠᠪᠴᠢ ᠪᠠᠶᠢᠳᠠᠭ ᠠᠴᠠ ᠬᠡᠪᠡᠯᠢ ᠳᠠᠬᠢ ᠬᠡᠦᠬᠡᠳ ᠲᠤ ᠪᠠᠷᠤᠭ ᠬᠠᠯᠳᠠᠪᠤᠷᠢᠯᠠᠬᠤ ᠦᠭᠡᠢ ᠶᠤᠮ᠃ ᠭᠡᠪᠡᠴᠦ ᠬᠥᠩᠭᠡᠵᠢᠭᠰᠡᠨ ᠤ ᠳᠠᠷᠠᠭ᠎ᠠ ᠡᠵᠢ ᠨᠢ ᠬᠡᠦᠬᠡᠳ ᠲᠠᠢ ᠪᠠᠨ ᠬᠠᠮᠲᠤ ᠪᠠᠶᠢᠪᠠᠯ ᠲᠤᠰᠠᠭᠠᠷᠯᠠᠬᠤ ᠶᠢ ᠠᠩᠬᠠᠷᠬᠤ ᠬᠡᠷᠡᠭᠲᠡᠢ᠂ ᠡᠵᠢ  ᠨᠢ ᠣᠷᠣᠨ ᠵᠠᠢ ᠶᠢᠨ ᠲᠠᠯ᠎ᠠ ᠪᠠᠷ ᠨᠢᠷᠠᠢ ᠬᠡᠦᠬᠡᠳ ᠠᠴᠠ ᠪᠠᠨ ᠵᠣᠬᠢᠬᠤ ᠬᠡᠮᠵᠢᠶ᠎ᠡ ᠪᠠᠷ ᠲᠤᠰᠠᠭᠠᠷᠯᠠᠬᠤ ᠪᠤᠶᠤ N95 ᠠᠮᠠᠪᠴᠢ ᠵᠡᠭᠦᠪᠡᠯ ᠡᠬᠡ ᠶᠢᠨ ᠰᠦ ᠪᠠᠨ ᠬᠥᠬᠦᠭᠦᠯᠵᠦ ᠪᠣᠯᠣᠨ᠎ᠠ᠃       ᠵᠢᠷᠮᠦᠰᠦᠨ ᠬᠥᠩᠭᠡᠵᠢᠭᠰᠡᠨ ᠡᠬᠡᠴᠦᠳ ᠬᠠᠯᠠᠭᠤᠷᠠᠬᠤ ᠪᠤᠶᠤ ᠬᠠᠭᠤᠷᠠᠢ ᠪᠠᠷ ᠬᠠᠨᠢᠶᠠᠯᠭᠠᠬᠤ ᠡᠪᠡᠳᠴᠢᠨ ᠤ ᠢᠯᠡᠷᠡᠯ ᠭᠠᠷᠪᠠᠯ ᠶᠠᠭᠠᠬᠢᠪᠠᠯ ᠵᠣᠬᠢᠬᠤ ᠪᠣᠢ︖       ᠵᠢᠷᠮᠦᠰᠦᠨ ᠬᠥᠩᠭᠡᠵᠢᠭᠰᠡᠨ ᠡᠬᠡᠴᠦᠳ ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠬᠤ ᠦᠶ᠎ᠡ ᠳᠤ᠂ ᠪᠥᠭᠡᠮ ᠬᠦᠴᠢᠯ ᠤᠨ ᠪᠠᠶᠢᠴᠠᠭᠠᠯᠲᠠ ᠪᠤᠶᠤ ᠥᠳᠥᠭᠡᠭᠴᠢ ᠶᠢᠨ ᠪᠠᠶᠢᠴᠠᠭᠠᠯᠲᠠ ᠬᠢᠵᠦ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠮᠥᠨ ᠡᠰᠡᠬᠦ ᠶᠢ ᠲᠣᠳᠣᠯᠠᠵᠤ ᠪᠣᠯᠣᠨ᠎ᠠ᠂ ᠡᠶᠢᠮᠦ ᠠᠴᠠ ᠭᠡᠷ ᠲᠤ ᠪᠠᠨ ᠥᠳᠥᠭᠡᠭᠴᠢ ᠶᠢᠨ ᠪᠠᠶᠢᠴᠠᠭᠠᠯᠲᠠ ᠬᠢᠪᠡᠯ ᠨᠡᠩ ᠲᠥᠬᠦᠮ ᠪᠠᠶᠢᠳᠠᠭ᠂ ᠭᠡᠪᠡᠴᠦ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠮᠥᠨ ᠡᠰᠡᠬᠦ ᠬᠠᠮᠢᠶ᠎ᠠ ᠦᠭᠡᠢ ᠡᠪᠡᠳᠴᠢᠨ ᠤ ᠪᠠᠶᠢᠳᠠᠯ ᠳᠤ ᠨᠢ ᠲᠠᠭᠠᠷᠠᠭᠤᠯᠤᠨ ᠠᠷᠭ᠎ᠠ ᠬᠡᠮᠵᠢᠶ᠎ᠡ ᠠᠪᠬᠤ ᠳᠤ ᠪᠠᠨ ᠢᠯᠡᠭᠦᠬᠡᠨ ᠤᠰᠤ ᠤᠤᠭᠤᠯᠭᠠᠬᠤ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠬᠤ ᠪᠠ ᠵᠢᠷᠮᠦᠰᠦᠨ ᠬᠥᠩᠭᠡᠵᠢᠭᠰᠡᠨ ᠡᠬᠡᠴᠦᠳ ᠤᠨ ᠬᠡᠷᠡᠭᠯᠡᠵᠦ ᠪᠣᠯᠬᠤ ᠬᠢᠲᠠᠳ ᠡᠮ ᠢ ᠰᠣᠩᠭᠤᠵᠤ ᠡᠪᠡᠳᠴᠢᠨ ᠤ ᠢᠯᠡᠷᠡᠯ ᠳᠤ ᠨᠢ ᠲᠠᠭᠠᠷᠠᠭᠤᠯᠵᠤ ᠡᠮᠨᠡᠨ ᠵᠠᠰᠠᠵᠤ ᠪᠣᠯᠣᠨ᠎ᠠ᠃      ᠬᠡᠷᠪᠡ ᠬᠠᠯᠠᠭᠤᠨ ᠢ ᠪᠠᠭᠤᠷᠠᠭᠤᠯᠬᠤ ᠡᠸᠦ᠋ᠷᠦᠫᠡ ᠡᠮ ᠢ ᠬᠡᠷᠡᠭᠯᠡᠬᠦ ᠳᠤ᠂ 38.5 ᠭᠷᠡᠳᠦ᠋ᠰ ᠠᠴᠠ ᠳᠡᠭᠡᠭᠰᠢ ᠪᠠᠶᠢᠪᠠᠯ ᠫᠠᠷᠠᠽᠧᠲ᠋ᠠᠮᠣᠯ ᠢ ᠰᠣᠩᠭᠤᠨ ᠬᠡᠷᠡᠭᠯᠡᠵᠦ ᠪᠣᠯᠣᠨ᠎ᠠ᠂ ᠡᠨᠡ ᠨᠢ ᠵᠢᠷᠮᠦᠰᠦᠨ ᠬᠥᠩᠭᠡᠵᠢᠭᠰᠡᠨ ᠡᠬᠡᠴᠦᠳ ᠲᠤ ᠬᠠᠷᠢᠴᠠᠩᠭᠤᠢ ᠠᠶᠤᠯ ᠦᠭᠡᠢ ᠪᠠᠶᠢᠳᠠᠭ᠂ ᠣᠨᠴᠠᠭᠠᠶᠢᠯᠠᠨ ᠠᠩᠬᠠᠷᠤᠭᠤᠰᠢᠲᠠᠢ ᠵᠦᠢᠯ ᠭᠡᠪᠡᠯ᠂ ᠬᠠᠯᠠᠭᠤᠨ ᠢ ᠨᠢ ᠪᠠᠭᠤᠷᠠᠭᠤᠯᠬᠤ ᠡᠮ ᠢ ᠬᠡᠷᠡᠭᠯᠡᠬᠦ ᠳᠤ ᠪᠠᠨ ᠨᠢᠭᠡ ᠯᠡ ᠵᠦᠢᠯ ᠤᠨ ᠡᠮ ᠢ ᠬᠡᠷᠡᠭᠯᠡᠬᠦ ᠠᠴᠠ ᠪᠢᠰᠢ᠂ ᠳᠠᠪᠬᠤᠷᠳᠠᠭᠤᠯᠤᠨ ᠬᠡᠷᠡᠭᠯᠡᠵᠦ ᠪᠣᠯᠬᠤ ᠦᠭᠡᠢ᠂ ᠡᠨᠡ ᠨᠢ ᠡᠯᠢᠭᠡ ᠪᠥᠭᠡᠷᠡᠨ ᠤ ᠭᠡᠮᠲᠦᠯ ᠢ ᠬᠠᠷᠢᠴᠠᠩᠭᠤᠢ ᠪᠠᠷ ᠪᠠᠭᠠᠰᠬᠠᠵᠤ ᠪᠣᠯᠣᠨ᠎ᠠ᠃      ᠣᠨᠴᠠᠭᠠᠶᠢᠯᠠᠨ ᠵᠢᠷᠮᠦᠰᠦᠨ ᠬᠥᠩᠭᠡᠵᠢᠭᠰᠡᠨ ᠡᠬᠡᠴᠦᠳ ᠲᠤ ᠠᠪᠴᠤ ᠬᠡᠯᠡᠪᠡᠯ᠂ ᠭᠤᠷᠪᠠᠨ ᠲᠠᠯ᠎ᠠ ᠶᠢᠨ ᠬᠢᠨᠠᠨ ᠰᠢᠨᠵᠢᠯᠡᠯᠲᠡ  ᠶᠢ ᠠᠩᠬᠠᠷᠬᠤ ᠬᠡᠷᠡᠭᠲᠡᠢ᠂ ᠡᠨᠡ ᠭᠤᠷᠪᠠᠨ ᠲᠠᠯ᠎ᠠ ᠶᠢᠨ ᠬᠢᠨᠠᠨ ᠰᠢᠨᠵᠢᠯᠡᠯᠲᠡ ᠨᠢ ᠳᠠᠷᠤᠢ ᠪᠡᠶ᠎ᠡ ᠶᠢᠨ ᠳᠤᠯᠠᠭᠠᠨ ᠂ ᠵᠢᠷᠦᠬᠡᠨ ᠤ ᠴᠣᠬᠢᠯᠭ᠎ᠠ ᠪᠠ ᠴᠢᠰᠤᠨ ᠳᠠᠷᠤᠯᠲᠠ ᠪᠣᠯᠣᠨ᠎ᠠ᠃ ᠡᠶᠢᠮᠦ ᠠᠴᠠ ᠵᠢᠷᠮᠦᠰᠦᠨ ᠬᠥᠩᠭᠡᠵᠢᠭᠰᠡᠨ ᠡᠬᠡᠴᠦᠳ ᠡᠷᠬᠡᠪᠰᠢ ᠪᠡᠶ᠎ᠡ ᠶᠢᠨ ᠳᠤᠯᠠᠭᠠᠨ ᠤ ᠬᠡᠮᠵᠢᠭᠦᠷ᠂ ᠵᠢᠷᠦᠬᠡᠨ ᠤ ᠴᠣᠬᠢᠯᠭ᠎ᠠ ᠪᠠ ᠴᠢᠰᠤᠨ ᠳᠠᠷᠤᠯᠲᠠ ᠶᠢ ᠬᠢᠨᠠᠨ ᠰᠢᠨᠵᠢᠯᠡᠬᠦ ᠪᠠᠭᠠᠵᠢ ᠪᠡᠯᠡᠳᠬᠡᠬᠦ ᠬᠡᠷᠡᠭᠲᠡᠢ᠃ ᠪᠠᠰᠠ ᠥᠪᠡᠷ ᠤᠨ ᠦᠨᠳᠦᠰᠦᠨ ᠴᠢᠰᠤᠨ ᠳᠠᠷᠤᠯᠲᠠ ᠶᠢᠨ ᠪᠠᠶᠢᠴᠠᠭᠠᠯᠲᠠ ᠬᠢᠬᠦ ᠬᠡᠷᠡᠭᠲᠡᠢ᠂ ᠢᠩᠭᠢᠪᠡᠯ ᠴᠢᠰᠤᠨ ᠳᠠᠷᠤᠯᠲᠠ ᠨᠢ ᠬᠡᠪ ᠤᠨ ᠪᠤᠰᠤ ᠪᠠᠶᠢᠳᠠᠯ ᠢᠯᠡᠷᠡᠪᠡᠯ ᠨᠡᠯᠢᠶᠡᠳ ᠡᠷᠲᠡ ᠰᠡᠷᠡᠵᠦ ᠮᠡᠳᠡᠵᠦ ᠪᠣᠯᠣᠨ᠎ᠠ᠃      ᠣᠨᠴᠠᠭᠠᠶᠢᠯᠠᠨ ᠠᠩᠬᠠᠷᠤᠭᠤᠰᠢᠲᠠᠢ ᠵᠦᠢᠯ ᠭᠡᠪᠡᠯ᠂ ᠵᠢᠷᠮᠦᠰᠦᠨ ᠤ ᠰᠡᠭᠦᠯᠴᠢ ᠶᠢᠨ ᠬᠤᠭᠤᠴᠠᠭᠠᠨ ᠤ ᠵᠢᠷᠮᠦᠰᠦᠨ ᠬᠥᠩᠭᠡᠵᠢᠭᠰᠡᠨ ᠡᠬᠡᠴᠦᠳ ᠪᠠᠰᠠ ᠬᠡᠦᠬᠡᠢ ᠶᠢᠨ ᠬᠥᠳᠡᠯᠦᠯ ᠤᠨ ᠬᠢᠨᠠᠨ ᠰᠢᠨᠵᠢᠯᠡᠯᠲᠡ ᠶᠢ ᠠᠩᠬᠠᠷᠴᠤ᠂ ᠵᠢᠷᠮᠦᠰᠦᠨ ᠤ ᠰᠡᠭᠦᠯᠴᠢ ᠶᠢᠨ ᠬᠤᠭᠤᠴᠠᠭᠠᠨ ᠤ ᠬᠡᠦᠬᠡᠢ ᠶᠢᠨ ᠬᠥᠳᠡᠯᠦᠯ ᠢ ᠡᠳᠦᠷ ᠪᠦᠷᠢ ᠨᠢᠭᠡ ᠴᠠᠭ ᠬᠢᠨᠠᠨ ᠰᠢᠨᠵᠢᠯᠡᠵᠦ᠂ ᠴᠠᠭ ᠪᠦᠷᠢ ᠭᠤᠷᠪᠠ ᠠᠴᠠ ᠳᠡᠭᠡᠭᠰᠢ ᠤᠳᠠᠭᠠᠨ ᠤ ᠬᠡᠦᠬᠡᠢ ᠶᠢᠨ ᠬᠥᠳᠡᠯᠦᠯ ᠲᠠᠢ ᠪᠠᠶᠢᠬᠤ ᠬᠡᠷᠡᠭᠲᠡᠢ᠃ ᠬᠡᠷᠪᠡ ᠦᠷᠭᠦᠯᠵᠢᠯᠡᠨ 3 ᠡᠳᠦᠷ ᠠᠴᠠ ᠳᠡᠭᠡᠭᠰᠢ ᠬᠠᠯᠠᠭᠤᠷᠠᠬᠤ ᠡᠪᠡᠳᠴᠢᠨ ᠤ ᠢᠯᠡᠷᠡᠯ ᠲᠠᠢ ᠪᠥᠭᠡᠳ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠭᠡᠳ ᠨᠠᠮᠳᠠᠬᠤ ᠦᠭᠡᠢ ᠪᠤᠶᠤ ᠬᠡᠦᠬᠡᠢ ᠶᠢᠨ ᠬᠥᠳᠡᠯᠦᠯ ᠦᠭᠡᠢ᠂ ᠴᠡᠭᠡᠵᠢ ᠡᠪᠡᠳᠬᠦ᠂ ᠴᠡᠭᠡᠵᠢ ᠪᠠᠭᠲᠠᠷᠠᠬᠤ᠂ ᠭᠡᠳᠡᠰᠦ ᠡᠪᠡᠳᠬᠦ ᠵᠡᠷᠭᠡ ᠪᠠᠶᠢᠳᠠᠯ ᠢᠯᠡᠷᠡᠪᠡᠯ᠂ ᠴᠠᠭ ᠲᠤᠬᠠᠢ ᠳᠤ ᠨᠢ ᠡᠬᠡ ᠪᠠᠷᠢᠬᠤ ᠪᠠᠶᠢᠭᠤᠯᠤᠮᠵᠢ ᠲᠠᠢ ᠬᠠᠷᠢᠯᠴᠠᠵᠤ᠂ ᠴᠠᠭ ᠲᠤᠬᠠᠢ ᠳᠤ ᠨᠢ ᠡᠮᠴᠢᠯᠡᠭᠦᠯᠬᠦ ᠬᠡᠷᠡᠭᠲᠡᠢ᠃       ᠵᠢᠷᠮᠦᠰᠦᠨ ᠬᠥᠩᠭᠡᠵᠢᠭᠰᠡᠨ ᠡᠬᠡᠴᠦᠳ ᠤᠨ ᠳᠡᠷᠭᠡᠳᠡ ᠬᠡᠷᠪᠡ ᠬᠠᠯᠳᠠᠪᠤᠷᠢᠯᠠᠭᠰᠠᠳ ᠪᠤᠶᠤ ᠨᠢᠭᠲᠠ ᠣᠶᠢᠷᠠᠲᠤᠭᠰᠠᠳ ᠭᠠᠷᠪᠠᠯ ᠶᠠᠭᠠᠬᠢᠬᠤ ᠪᠤᠢ︖      ᠵᠢᠷᠮᠦᠰᠦᠨ ᠬᠥᠩᠭᠡᠵᠢᠭᠰᠡᠨ ᠡᠬᠡᠴᠦᠳ ᠤᠨ ᠳᠡᠷᠭᠡᠳᠡ ᠬᠡᠷᠪᠡ ᠬᠠᠯᠳᠠᠪᠤᠷᠢᠯᠠᠭᠰᠠᠳ ᠭᠠᠷᠪᠠᠯ᠂ ᠠᠶᠤᠵᠤ ᠰᠠᠨᠳᠤᠷᠤᠭᠰᠠᠨ ᠤ ᠬᠡᠷᠡᠭ ᠦᠭᠡᠢ᠃ ᠬᠡᠷᠪᠡ ᠭᠡᠷ ᠤᠨ ᠬᠥᠮᠥᠰ ᠨᠢ ᠬᠠᠯᠳᠠᠪᠤᠷᠢᠯᠠᠭᠳᠠᠭᠰᠠᠨ ᠪᠠᠶᠢᠪᠠᠯ᠂ ᠭᠤᠣᠯᠳᠠᠭᠤ ᠭᠡᠷ ᠪᠦᠯᠢ ᠶᠢᠨ ᠨᠥᠬᠦᠴᠡᠯ ᠠᠴᠠ ᠪᠠᠨ ᠡᠭᠦᠰᠦᠨ᠂ ᠠᠯᠢ ᠴᠢᠳᠠᠬᠤ ᠪᠠᠷ ᠣᠷᠣᠨ ᠵᠠᠢ ᠶᠢᠨ ᠲᠠᠯ᠎ᠠ ᠪᠠᠷ ᠬᠠᠷᠢᠴᠠᠩᠭᠤᠢ ᠲᠤᠰᠠᠭᠠᠷᠯᠠᠵᠤ᠂ ᠬᠠᠮᠲᠤ ᠬᠤᠭᠤᠯᠠᠯᠠᠬᠤ ᠦᠭᠡᠢ᠂ ᠠᠮᠢᠳᠤᠷᠠᠯ ᠤᠨ ᠡᠳ᠋ ᠪᠣᠳᠠᠰ ᠢᠶᠠᠨ ᠠᠯᠢ ᠴᠢᠳᠠᠬᠤ ᠪᠠᠷ ᠰᠠᠯᠭᠠᠵᠤ᠂ ᠡᠷᠡᠭᠦᠯ ᠬᠠᠮᠠᠭᠠᠯᠠᠯ ᠤᠨ ᠦᠷᠦᠭᠡ ᠪᠠᠨ ᠠᠷᠢᠭᠤᠳᠬᠠᠨ ᠴᠡᠪᠡᠷᠯᠡᠵᠦ᠂ ᠶᠡᠷᠦ ᠶᠢᠨ ᠦᠶ᠎ᠡ ᠳᠤ ᠠᠮᠢᠳᠤᠷᠠᠬᠤ ᠣᠷᠴᠢᠨ ᠳᠤ ᠪᠠᠨ ᠠᠯᠢ ᠴᠢᠳᠠᠬᠤ ᠪᠠᠷ ᠠᠭᠠᠷ ᠰᠠᠯᠬᠢ ᠨᠡᠪᠲᠡᠷᠡᠭᠦᠯᠬᠦ ᠶᠢ ᠠᠩᠬᠠᠷᠬᠤ ᠬᠡᠷᠡᠭᠲᠡᠢ᠃      ᠬᠡᠷᠪᠡ ᠬᠠᠮᠲᠤ ᠠᠵᠢᠯᠯᠠᠭᠰᠠᠳ ᠲᠤ ᠨᠢ ᠠᠷᠭ᠎ᠠ ᠴᠢᠨᠠᠷ ᠢᠯᠡᠷᠡᠪᠡᠯ᠂ ᠭᠡᠷ ᠲᠤ ᠪᠠᠨ ᠠᠵᠢᠯᠯᠠᠬᠤ ᠪᠣᠯᠣᠮᠵᠢ ᠪᠠᠶᠢᠪᠠᠯ ᠬᠠᠮᠤᠭ ᠤᠨ ᠰᠠᠶᠢᠨ᠂ ᠬᠡᠷᠪᠡ ᠠᠵᠢᠯ ᠤᠨ ᠬᠡᠷᠡᠭᠴᠡᠭᠡ ᠠᠴᠠ ᠪᠣᠯᠵᠤ ᠵᠠᠪᠠᠯ ᠬᠠᠮᠲᠤ ᠶᠢᠨ ᠣᠷᠣᠨ ᠵᠠᠢ ᠳᠤ ᠠᠵᠢᠯᠯᠠᠬᠤ ᠱᠠᠭᠠᠷᠳᠠᠯᠭ᠎ᠠ ᠲᠠᠢ ᠪᠣᠯ᠂ ᠮᠥᠨ ᠴᠦ ᠠᠵᠢᠯᠯᠠᠬᠤ ᠣᠷᠴᠢᠨ ᠤ ᠪᠠᠨ ᠠᠭᠠᠷ ᠰᠠᠯᠬᠢ ᠨᠡᠪᠲᠡᠷᠡᠭᠦᠯᠬᠦ ᠶᠢ ᠣᠨᠴᠠᠭᠠᠶᠢᠯᠠᠨ ᠠᠩᠬᠠᠷᠬᠤ ᠬᠡᠷᠡᠭᠲᠡᠢ᠃ ᠡᠭᠦᠨ ᠠᠴᠠ ᠭᠠᠳᠠᠨ᠎ᠠ ᠡᠷᠬᠡᠪᠰᠢ N95 ᠠᠮᠠᠪᠴᠢ ᠵᠡᠭᠦᠬᠦ ᠬᠡᠷᠡᠭᠲᠡᠢ᠂ ᠡᠨᠡ ᠨᠢ ᠮᠠᠰᠢ ᠴᠢᠬᠤᠯᠠ ᠪᠠᠶᠢᠳᠠᠭ᠃ ᠦᠨᠡᠨ ᠳᠤ ᠪᠠᠨ ᠵᠢᠷᠮᠦᠰᠦᠨ ᠬᠥᠩᠭᠡᠵᠢᠭᠰᠡᠨ ᠡᠬᠡᠴᠦᠳ ᠲᠤ ᠠᠪᠴᠤ ᠬᠡᠯᠡᠪᠡᠯ ᠤᠷᠢᠳᠴᠢᠯᠠᠨ ᠰᠡᠷᠭᠡᠶᠢᠯᠡᠬᠦ ᠨᠢ ᠬᠠᠮᠤᠭ ᠠᠴᠠ ᠴᠢᠬᠤᠯᠠ ᠶᠤᠮ᠃      ᠬᠡᠦᠬᠡᠳ      ᠬᠡᠦᠬᠡᠳ ᠲᠠᠢ ᠭᠡᠷ ᠪᠦᠯᠢ ᠶᠢᠨ ᠬᠢᠨ ᠶᠠᠮᠠᠷ ᠡᠮ ᠨᠥᠭᠡᠴᠡᠯᠡᠵᠦ ᠪᠣᠯᠬᠤ ᠪᠤᠢ︖     ᠬᠡᠦᠬᠡᠳ ᠲᠠᠢ ᠭᠡᠷ ᠪᠦᠯᠢ ᠶᠢᠨ ᠬᠢᠨ ᠬᠡᠦᠬᠡᠳ ᠤᠨ ᠦᠷᠭᠦᠯᠵᠢ ᠬᠡᠷᠡᠭᠯᠡᠳᠡᠭ ᠪᠠᠴᠢᠮ ᠡᠪᠡᠳᠴᠢᠨ ᠢ ᠠᠷᠭᠠᠴᠠᠭᠠᠬᠤ ᠡᠮ ᠢ ᠵᠣᠬᠢᠬᠤ ᠬᠡᠮᠵᠢᠶ᠎ᠡ ᠪᠠᠷ ᠨᠥᠭᠡᠴᠡᠯᠡᠪᠡᠯ ᠵᠣᠬᠢᠨ᠎ᠠ᠂ ᠭᠡᠬᠦ ᠳᠤ ᠪᠠᠨ ᠣᠯᠠᠨ ᠵᠦᠢᠯ ᠤᠨ ᠡᠮ ᠨᠥᠭᠡᠴᠡᠯᠡᠬᠦ ᠱᠠᠭᠠᠷᠳᠠᠯᠭ᠎ᠠ ᠦᠭᠡᠢ᠂ ᠣᠯᠠᠨ ᠵᠦᠢᠯ ᠤᠨ ᠡᠮ ᠨᠥᠭᠡᠴᠡᠯᠡᠭᠰᠡᠨ ᠴᠦ ᠵᠣᠬᠢᠰ ᠦᠭᠡᠢ ᠬᠠᠳᠠᠭᠠᠯᠠᠭᠰᠠᠨ ᠠᠴᠠ ᠪᠣᠯᠵᠤ ᠬᠡᠦᠬᠡᠳ ᠪᠤᠷᠤᠭᠤ ᠡᠮ ᠢ ᠠᠳᠡᠭᠦᠷᠡᠨ ᠬᠡᠷᠡᠭᠯᠡᠵᠦ ᠮᠡᠳᠡᠨ᠎ᠡ᠃     ᠨᠥᠭᠡᠴᠡᠯᠡᠬᠦ ᠴᠢᠬᠤᠯᠠᠲᠠᠢ ᠡᠮ ᠠᠴᠠ ᠲᠠᠨᠢᠯᠴᠠᠭᠤᠯᠪᠠᠯ᠂ ᠨᠢᠭᠡᠳᠦᠭᠡᠷ ᠲᠥᠷᠥᠯ ᠨᠢ ᠬᠠᠯᠠᠭᠤᠨ ᠢ ᠪᠠᠭᠤᠷᠠᠭᠤᠯᠬᠤ ᠡᠮ᠂ ᠬᠡᠦᠬᠡᠳ ᠬᠠᠯᠠᠭᠤᠷᠠᠬᠤ ᠨᠢ ᠦᠷᠭᠦᠯᠵᠢ ᠲᠣᠬᠢᠶᠠᠯᠳᠤᠳᠠᠭ ᠶᠠᠪᠤᠳᠠᠯ ᠪᠠᠶᠢᠵᠤ᠂ 6 ᠰᠠᠷ᠎ᠠ ᠠᠴᠠ ᠳᠡᠭᠡᠭᠰᠢᠬᠢ ᠬᠡᠦᠬᠡᠳ ᠲᠤ ᠪᠢᠳᠡ ᠢᠪᠦ᠋ᠫᠷᠣᠹᠧᠨ᠂ ᠫᠠᠷᠠᠽᠧᠲ᠋ᠠᠮᠣᠯ ᠢ ᠰᠣᠩᠭᠤᠵᠤ ᠪᠣᠯᠣᠨ᠎ᠠ᠂ ᠡᠭᠦᠨ ᠤ ᠳᠣᠲᠣᠷ᠎ᠠ ᠠᠴᠠ ᠨᠢᠭᠡ ᠵᠦᠢᠯ ᠨᠢ ᠪᠠᠶᠢᠪᠠᠯ ᠪᠣᠯᠴᠢᠬᠠᠨ᠎ᠠ᠃ 2 ᠰᠠᠷ᠎ᠠ ᠠᠴᠠ 6 ᠰᠠᠷ᠎ᠠ  ᠲᠠᠢ ᠬᠡᠦᠬᠡᠳ ᠲᠤ ᠢᠪᠦ᠋ᠫᠷᠣᠹᠧᠨ ᠢ ᠬᠡᠷᠡᠭᠯᠡᠬᠦ ᠳᠤ ᠲᠣᠬᠢᠷᠠᠮᠵᠢ ᠦᠭᠡᠢ ᠤᠴᠢᠷ ᠠᠴᠠ ᠫᠠᠷᠠᠽᠧᠲ᠋ᠠᠮᠣᠯ ᠢ ᠰᠣᠩᠭᠤᠵᠤ ᠪᠣᠯᠣᠨ᠎ᠠ᠃ ᠬᠤᠶᠠᠷ ᠰᠠᠷ᠎ᠠ   ᠠᠴᠠ ᠪᠠᠭ᠎ᠠ ᠨᠢᠷᠠᠢ ᠬᠡᠦᠬᠡᠳ ᠲᠤ ᠬᠠᠯᠠᠭᠤᠨ ᠢ ᠪᠠᠭᠤᠷᠠᠭᠤᠯᠬᠤ ᠡᠩ ᠤᠨ ᠡᠮ ᠬᠡᠷᠡᠭᠯᠡᠬᠦ ᠶᠢ ᠵᠥᠪᠯᠡᠬᠦ ᠦᠭᠡᠢ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠶᠢᠨ ᠬᠠᠮᠲᠤ ᠴᠠᠭ ᠲᠤᠬᠠᠢ ᠳᠤ ᠨᠢ ᠡᠮᠴᠢᠯᠡᠭᠦᠯᠬᠦ ᠬᠡᠷᠡᠭᠲᠡᠢ᠃     ᠪᠠᠰᠠ ᠬᠠᠯᠠᠭᠤᠷᠠᠬᠤ᠂ ᠬᠠᠨᠢᠶᠠᠯᠭᠠᠬᠤ ᠮᠡᠲᠦ ᠶᠢᠨ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠪᠠᠶᠢᠳᠠᠯ ᠢ ᠰᠡᠷᠭᠡᠶᠢᠯᠡᠬᠦ ᠳᠤ ᠪᠢᠳᠡ ᠬᠠᠯᠠᠭᠤᠨ ᠢ ᠲᠠᠭᠤᠵᠤ ᠴᠡᠷ ᠢ ᠠᠷᠢᠯᠭᠠᠬᠤ ᠡᠮ ᠨᠥᠭᠡᠴᠡᠯᠡᠵᠦ ᠪᠣᠯᠣᠨ᠎ᠠ᠃ ᠬᠠᠨᠢᠶᠠᠯᠭᠠᠬᠤ ᠨᠢ ᠠᠮᠢᠰᠬᠤᠯ ᠤᠨ ᠵᠠᠮ ᠤᠨ ᠰᠢᠭᠦᠷᠡᠳᠡᠰᠦ ᠶᠢ ᠭᠠᠳᠠᠭᠰᠢᠯᠠᠭᠤᠯᠬᠤ ᠳᠤ ᠲᠤᠰᠠᠲᠠᠢ ᠪᠠᠶᠢᠵᠤ᠂ ᠬᠡᠦᠬᠡᠳ ᠬᠡᠷᠪᠡ ᠬᠥᠩᠭᠡᠨ ᠬᠠᠨᠢᠶᠠᠯᠭᠠᠵᠤ ᠪᠠᠶᠢᠪᠠᠯ ᠡᠮ ᠬᠡᠷᠡᠭᠯᠡᠬᠦ ᠶᠢ ᠵᠥᠪᠯᠡᠬᠦ ᠦᠭᠡᠢ᠂ ᠬᠡᠷᠪᠡ ᠬᠠᠮᠠᠷ ᠨᠢ ᠪᠢᠲᠡᠭᠦᠷᠡᠵᠦ᠂ ᠰᠢᠷᠦᠭᠦᠨ ᠬᠠᠨᠢᠶᠠᠯᠭᠠᠪᠠᠯ ᠤᠲᠤᠯᠭ᠎ᠠ ᠬᠢᠵᠦ᠂ ᠬᠠᠮᠠᠷ ᠢ ᠨᠢ ᠤᠬᠢᠶᠠᠵᠤ ᠪᠣᠯᠣᠨ᠎ᠠ᠃ ᠡᠶᠢᠮᠦ ᠠᠴᠠ ᠭᠡᠷ ᠲᠤ ᠪᠠᠨ ᠴᠢᠭᠢᠭᠲᠦᠴᠡ ᠨᠡᠮᠡᠭᠳᠡᠭᠦᠯᠦᠭᠴᠢ ᠬᠡᠷᠡᠭᠯᠡᠨ ᠠᠭᠠᠷ ᠤᠨ ᠴᠢᠭᠢᠭᠲᠦᠴᠡ ᠶᠢ ᠨᠡᠮᠡᠭᠳᠡᠭᠦᠯᠵᠦ ᠪᠣᠯᠣᠨ᠎ᠠ᠂ ᠢᠩᠭᠢᠪᠡᠯ ᠬᠡᠦᠬᠡᠳ ᠲᠤ ᠢᠯᠡᠭᠦᠦ ᠲᠠᠭᠠᠯᠠᠮᠵᠢ ᠲᠠᠢ ᠪᠣᠯᠬᠤ ᠪᠣᠯᠣᠨ᠎ᠠ᠃     ᠰᠢᠷᠦᠭᠦᠨ ᠬᠠᠨᠢᠶᠠᠯᠭᠠᠪᠠᠯ ᠪᠢᠳᠡ ᠬᠠᠯᠠᠭᠤᠨ ᠢ ᠲᠠᠭᠤᠵᠤ ᠴᠡᠷ ᠢ ᠠᠷᠢᠯᠭᠠᠬᠤ ᠬᠢᠲᠠᠳ ᠪᠡᠯᠡᠨ ᠡᠮ ᠪᠡᠯᠡᠳᠬᠡᠵᠦ ᠪᠣᠯᠣᠨ᠎ᠠ᠂ ᠡᠭᠦᠨ ᠳᠤ ᠬᠡᠦᠬᠡᠳ ᠤᠨ ᠨᠠᠰᠤ ᠶᠢ ᠦᠨᠳᠦᠰᠦᠯᠡᠨ᠂ ᠨᠠᠰᠤᠨ ᠳᠤ ᠨᠢ ᠲᠣᠬᠢᠷᠠᠬᠤ ᠡᠮ ᠬᠡᠷᠡᠭᠯᠡᠪᠡᠯ ᠪᠣᠯᠴᠢᠬᠠᠨ᠎ᠠ᠃ ᠭᠡᠪᠡᠴᠦ ᠬᠤᠶᠠᠷ ᠪᠤᠶᠤ ᠲᠡᠭᠦᠨ ᠠᠴᠠ ᠳᠡᠭᠡᠭᠰᠢ ᠣᠯᠠᠨ ᠵᠦᠢᠯ   ᠤᠨ ᠡᠮ ᠢ ᠬᠠᠮᠲᠤ ᠳᠤ ᠨᠢ ᠬᠡᠷᠡᠭᠯᠡᠬᠦ ᠦᠭᠡᠢ ᠪᠠᠶᠢᠬᠤ ᠶᠢ ᠰᠠᠨᠠᠭᠤᠯᠵᠤ ᠪᠠᠶᠢᠨ᠎ᠠ᠃       ᠬᠡᠦᠬᠡᠳ ᠲᠤ ᠡᠮ ᠬᠡᠷᠡᠭᠯᠡᠬᠦ ᠳᠤ ᠶᠠᠮᠠᠷ ᠶᠠᠮᠠᠷ ᠠᠩᠬᠠᠷᠬᠤ ᠵᠦᠢᠯ ᠪᠠᠶᠢᠬᠤ ᠪᠣᠢ︖       ᠬᠡᠦᠬᠡᠳ ᠲᠤ ᠡᠮ ᠬᠡᠷᠡᠭᠯᠡᠬᠦ ᠳᠤ ᠪᠠᠰᠠ ᠠᠩᠬᠠᠷᠬᠤ ᠵᠦᠢᠯ ᠪᠠᠶᠢᠳᠠᠭ᠂ ᠵᠢᠱᠢᠶᠡᠯᠡᠪᠡᠯ ᠬᠠᠯᠠᠭᠤᠨ ᠢ ᠪᠠᠭᠤᠷᠠᠭᠤᠯᠬᠤ ᠡᠮ ᠶᠢ ᠬᠡᠷᠡᠭᠯᠡᠬᠦ ᠳᠤ ᠪᠠᠨ᠂ ᠬᠤᠶᠠᠷ ᠵᠦᠢᠯ ᠤᠨ ᠡᠮ ᠢ ᠬᠠᠮᠲᠤ ᠳᠤ ᠨᠢ ᠤᠤᠭᠤᠯᠭᠠᠵᠤ ᠪᠣᠯᠬᠤ ᠦᠭᠡᠢ᠂ ᠪᠠᠰᠠ ᠡᠭᠡᠯᠵᠢᠯᠡᠨ ᠤᠤᠭᠤᠬᠤ ᠴᠢᠬᠤᠯᠠ ᠦᠭᠡᠢ᠃ ᠲᠣᠳᠣᠷᠬᠠᠶᠢᠯᠠᠯᠲᠠ ᠶᠢᠨ ᠪᠢᠴᠢᠭ ᠲᠤ ᠨᠢ ᠵᠢᠭᠠᠭᠰᠠᠨ ᠲᠣᠬᠢᠷᠠᠬᠤ ᠨᠠᠰᠤᠨ ᠤ ᠠᠩᠭᠢᠯᠠᠯ ᠰᠠᠨᠠᠭᠤᠯᠵᠤ ᠪᠠᠶᠢᠭ᠎ᠠ ᠲᠤᠩ ᠬᠡᠮᠵᠢᠶ᠎ᠡ ᠪᠤᠶᠤ ᠡᠮᠴᠢ ᠶᠢᠨ ᠵᠢᠭᠠᠪᠤᠷᠢ ᠪᠠᠷ ᠡᠮ ᠬᠡᠷᠡᠭᠯᠡᠬᠦ ᠶᠢᠨ ᠬᠠᠮᠲᠤ ᠤᠳᠠᠭ᠎ᠠ ᠪᠦᠷᠢ ᠶᠢᠨ ᠬᠤᠭᠤᠷᠣᠨᠳᠤᠬᠢ ᠠᠯᠤᠰᠯᠠᠬᠤ ᠴᠠᠭ ᠢ ᠠᠩᠬᠠᠷᠬᠤ ᠬᠡᠷᠡᠭᠲᠡᠢ᠃      ᠭᠡᠷ ᠤᠨ ᠠᠬᠠᠮᠠᠳ ᠥᠪᠡᠷ ᠤᠨ ᠲᠤᠷᠰᠢᠯᠭ᠎ᠠ ᠪᠤᠶᠤ ᠲᠠᠭᠠᠮᠠᠭᠯᠠᠯ ᠢᠶᠠᠷ ᠢᠶᠠᠨ ᠬᠡᠦᠬᠡᠳ ᠲᠤ ᠪᠠᠨ ᠡᠮ ᠬᠡᠷᠡᠭᠯᠡᠵᠦ ᠪᠣᠯᠬᠤ ᠦᠭᠡᠢ᠂ ᠤᠴᠢᠷ ᠨᠢ ᠬᠡᠦᠬᠡᠳ ᠤᠨ ᠡᠷᠬᠡᠲᠡᠨ ᠤ ᠪᠤᠶᠢᠵᠢᠯᠲᠠ ᠨᠢ ᠲᠡᠳᠦᠢ ᠪᠣᠯᠪᠠᠰᠤᠷᠠᠩᠭᠤᠢ ᠪᠢᠰᠢ ᠪᠣᠯᠬᠤᠷ ᠡᠮ ᠬᠡᠷᠡᠭᠯᠡᠬᠦ ᠳᠤ ᠪᠠᠨ ᠨᠡᠩ ᠳᠦᠷᠢᠮᠵᠢᠭᠦᠨ ᠪᠥᠭᠡᠳ ᠪᠣᠯᠭᠤᠮᠵᠢᠲᠠᠢ ᠪᠠᠶᠢᠬᠤ ᠬᠡᠷᠡᠭᠲᠡᠢ᠃ ᠣᠳᠣ ᠮᠠᠰᠢ ᠣᠯᠠᠨ ᠡᠮᠨᠡᠯᠭᠡ ᠶᠢᠨ ᠬᠤᠷᠢᠶ᠎ᠠ ᠨᠢ ᠪᠦᠷ ᠢᠨᠲ᠋ᠧᠷ ᠰᠦᠯᠵᠢᠶᠡᠨ ᠤ ᠡᠮᠴᠢᠯᠡᠭᠡ ᠶᠢ ᠨᠡᠪᠲᠡᠷᠡᠭᠦᠯᠪᠡ᠂ ᠥᠪᠡᠷ ᠢᠶᠠᠨ ᠰᠢᠢᠳᠴᠦ ᠴᠢᠳᠠᠬᠤ ᠦᠭᠡᠢ ᠦᠶ᠎ᠡ ᠳᠤ᠂ ᠪᠢᠳᠡ ᠪᠠᠰᠠ ᠠᠯᠤᠰ ᠵᠠᠢ ᠠᠴᠠ ᠡᠮᠴᠢᠯᠡᠭᠦᠯᠬᠦ ᠪᠠᠷ ᠳᠠᠮᠵᠢᠨ ᠲᠤᠰᠬᠠᠢ ᠮᠡᠷᠭᠡᠵᠢᠯᠲᠡᠨ ᠤ ᠡᠮ ᠬᠡᠷᠡᠭᠯᠡᠬᠦ ᠵᠢᠯᠣᠭᠤᠳᠤᠯᠭ᠎ᠠ ᠰᠠᠨᠠᠭᠤᠯᠭ᠎ᠠ ᠶᠢ ᠠᠪᠴᠤ ᠪᠣᠯᠣᠨ᠎ᠠ᠃       ᠬᠡᠦᠬᠡᠳ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠶᠠᠮᠠᠷ ᠢᠯᠡᠷᠡᠯ ᠲᠠᠢ ᠪᠣᠢ︖       ᠬᠡᠦᠬᠡᠳ ᠤᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭᠠᠬᠢ ᠢᠯᠡᠷᠡᠯ ᠨᠢ ᠲᠣᠮᠣ ᠬᠥᠮᠥᠨ ᠤ  ᠬᠢ ᠲᠠᠢ ᠠᠳᠠᠯᠢᠪᠲᠤᠷ ᠪᠠᠶᠢᠵᠤ᠂ ᠮᠥᠨ ᠴᠦ ᠭᠤᠣᠯᠳᠠᠭᠤ ᠠᠮᠢᠰᠬᠤᠯ ᠤᠨ ᠳᠡᠭᠡᠳᠦ ᠵᠠᠮ ᠤᠨ ᠬᠠᠯᠳᠠᠪᠤᠷᠢᠯᠠᠯ ᠤᠨ ᠢᠯᠡᠷᠡᠯ ᠪᠣᠯᠣᠨ᠎ᠠ᠃ ᠡᠭᠦᠨ ᠳᠤ ᠬᠠᠯᠠᠭᠤᠷᠠᠬᠤ᠂ ᠬᠠᠨᠢᠶᠠᠯᠭᠠᠬᠤ᠂ ᠨᠢᠰᠤ ᠭᠤᠭᠤᠵᠢᠬᠤ᠂ ᠬᠠᠮᠠᠷ ᠪᠢᠲᠡᠭᠦᠷᠡᠬᠦ ᠵᠡᠷᠭᠡ ᠢᠯᠡᠷᠡᠯ ᠭᠠᠷᠴᠤ᠂ ᠡᠨᠡ ᠨᠢ ᠣᠯᠠᠩᠬᠢ ᠬᠡᠦᠬᠡᠳ ᠤᠨ ᠢᠯᠡᠷᠡᠯ ᠪᠣᠯᠣᠨ᠎ᠠ᠃ ᠪᠠᠰᠠ ᠨᠢᠭᠡ ᠪᠦᠯᠦᠭ ᠨᠢ ᠲᠠᠮᠢᠷᠳᠠᠬᠤ᠂ ᠬᠤᠭᠤᠯᠠᠨ ᠤ ᠳᠤᠷᠠᠰᠢᠯ ᠮᠠᠭᠤᠳᠠᠬᠤ᠂ ᠪᠥᠭᠡᠯᠵᠢᠬᠦ᠂ ᠴᠢᠨᠠᠭᠰᠢᠯᠠᠪᠠᠯ ᠰᠠᠭᠤᠯᠭᠠᠬᠤ ᠵᠡᠷᠭᠡ ᠨᠡᠶᠢᠲᠡᠯᠢᠭ ᠪᠤᠰᠤ ᠡᠪᠡᠳᠴᠢᠨ ᠤ ᠢᠯᠡᠷᠡᠯ ᠲᠠᠢ ᠪᠠᠶᠢᠳᠠᠭ᠃ ᠪᠠᠰᠠ ᠵᠠᠷᠢᠮ ᠬᠡᠦᠬᠡᠳ ᠤᠨ ᠠᠮᠢᠰᠬᠤᠭ᠎ᠠ ᠨᠢ ᠳᠠᠪᠬᠤᠴᠠᠵᠤ᠂ ᠳᠠᠭᠤ ᠨᠢ ᠰᠥᠭᠡᠩᠭᠢ ᠪᠣᠯᠬᠤ ᠵᠡᠷᠭᠡ ᠪᠠᠶᠢᠳᠠᠯ ᠢᠯᠡᠷᠡᠨ᠎ᠡ᠃      ᠭᠡᠪᠡᠴᠦ ᠬᠡᠦᠬᠡᠳ ᠤᠳ ᠤᠨ ᠬᠠᠯᠠᠭᠤᠷᠠᠬᠤ ᠬᠡᠮᠵᠢᠶᠡᠨ ᠤ ᠵᠥᠷᠢᠶ᠎ᠡ ᠨᠢ ᠨᠡᠯᠢᠶᠡᠳ ᠶᠡᠭᠡ ᠪᠠᠶᠢᠵᠤ᠂ ᠵᠠᠷᠢᠮ ᠬᠡᠦᠬᠡᠳ  ᠨᠢ ᠨᠡᠯᠢᠶᠡᠳ ᠥᠨᠳᠥᠷ ᠬᠠᠯᠠᠭᠤᠷᠠᠵᠤ᠂ ᠴᠢᠨᠠᠭᠰᠢᠯᠠᠪᠠᠯ 39 ᠭᠷᠡᠳᠦ᠋ᠰ ᠢ ᠳᠠᠪᠠᠨ᠂ 40 ᠭᠷᠡᠳᠦ᠋ᠰ ᠴᠦ ᠬᠦᠷᠴᠦ ᠮᠠᠭᠠᠳ᠂ ᠭᠡᠪᠡᠴᠦ ᠲᠡᠳᠡᠨ ᠤ ᠬᠠᠯᠠᠭᠤᠷᠠᠬᠤ ᠬᠤᠭᠤᠴᠠᠭ᠎ᠠ ᠨᠢ ᠶᠡᠷᠦ ᠳᠤ ᠪᠠᠨ 2 ᠠᠴᠠ 3 ᠡᠳᠦᠷ ᠪᠠᠶᠢᠳᠠᠭ᠃ ᠪᠢᠳᠡᠨ ᠤ ᠣᠳᠣᠬᠠᠨ ᠤ ᠠᠵᠢᠭᠯᠠᠯᠲᠠ ᠪᠠᠷ 2 ᠠᠴᠠ 3 ᠡᠳᠦᠷ ᠲᠤ ᠣᠯᠠᠩᠬᠢ ᠬᠡᠦᠬᠡᠳ ᠤᠨ ᠬᠠᠯᠠᠭᠤᠨ ᠨᠢ ᠪᠠᠭᠤᠷᠠᠴᠢᠬᠠᠳᠠᠭ᠃ ᠡᠶᠢᠮᠦ ᠠᠴᠠ ᠡᠪᠡᠳᠴᠢᠯᠡᠯᠲᠡ ᠶᠢᠨ ᠶᠠᠪᠤᠴᠠ ᠨᠢ 3 ᠠᠴᠠ 5 ᠡᠳᠦᠷ ᠣᠷᠴᠢᠮ ᠪᠠᠶᠢᠳᠠᠭ᠂ ᠡᠨᠡ ᠨᠢ ᠣᠯᠠᠩᠬᠢ ᠬᠡᠦᠬᠡᠳ ᠤᠨ ᠢᠯᠡᠷᠡᠯ ᠪᠠᠶᠢᠵᠤ᠂ ᠬᠦᠨᠳᠦ ᠡᠪᠡᠳᠴᠢᠯᠡᠯᠲᠡ ᠤᠨ ᠲᠣᠬᠢᠶᠠᠯᠳᠤᠮᠵᠢ ᠨᠢ ᠮᠠᠰᠢ ᠳᠣᠣᠷ᠎ᠠ᠃      ᠬᠡᠷᠪᠡ ᠬᠡᠦᠬᠡᠳ ᠬᠠᠯᠠᠭᠤᠷᠠᠬᠤ ᠵᠡᠷᠭᠡ ᠢᠯᠡᠷᠡᠯ ᠭᠠᠷᠪᠠᠯ ᠶᠠᠮᠠᠷ ᠪᠠᠶᠢᠳᠠᠯ ᠳᠤ ᠡᠮᠨᠡᠯᠭᠡ ᠳᠤ ᠣᠴᠢᠬᠤ ᠴᠢᠬᠤᠯᠠ ᠲᠠᠢ᠂ ᠶᠠᠮᠠᠷ ᠪᠠᠶᠢᠳᠠᠯ ᠳᠤ ᠣᠴᠢᠬᠤ ᠴᠢᠬᠤᠯᠠ ᠦᠭᠡᠢ ᠪᠣᠢ︖    ᠬᠠᠮᠤᠭ ᠤᠨ ᠳᠥᠭᠦᠮ ᠢᠯᠭᠠᠬᠤ ᠠᠷᠭ᠎ᠠ ᠭᠡᠪᠡᠯ᠂ ᠪᠢᠳᠡ ᠵᠠᠪᠠᠯ ᠬᠡᠦᠬᠡᠳ ᠤᠨ ᠴᠤᠭ ᠰᠦᠯᠳᠡ ᠶᠢ ᠨᠢ ᠦᠵᠡᠬᠦ ᠬᠡᠷᠡᠭᠲᠡᠢ᠂ ᠬᠡᠷᠪᠡ ᠬᠡᠦᠬᠡᠳ ᠬᠠᠯᠠᠭᠤᠷᠠᠬᠤ ᠵᠡᠷᠭᠡ ᠢᠯᠡᠷᠡᠯ ᠲᠠᠢ ᠪᠣᠯᠪᠠᠴᠤ ᠨᠡᠯᠢᠶᠡᠳ ᠴᠤᠭ ᠵᠢᠪᠬᠤᠭ᠎ᠠ ᠲᠠᠢ᠂ ᠢᠯᠠᠩᠭᠤᠶ᠎ᠠ ᠬᠠᠯᠠᠭᠤᠨ ᠨᠢ ᠪᠠᠭᠤᠷᠠᠭᠰᠠᠨ ᠤ ᠳᠠᠷᠠᠭ᠎ᠠ ᠢᠳᠡᠬᠦ ᠤᠤᠭᠤᠬᠤ ᠨᠠᠭᠠᠳᠬᠤ ᠨᠢ ᠬᠡᠪ ᠤᠨ ᠪᠠᠶᠢᠳᠠᠯ ᠲᠠᠢ ᠪᠠᠶᠢᠪᠠᠯ ᠣᠨᠴᠠᠭᠠᠶ ᠪᠠᠴᠢᠮᠳᠠᠵᠤ ᠰᠠᠨᠳᠤᠷᠤᠭᠰᠠᠨ ᠤ ᠬᠡᠷᠡᠭ ᠦᠭᠡᠢ᠂ ᠮᠥᠨ ᠴᠦ ᠳᠠᠷᠤᠶᠢᠬᠠᠨ ᠡᠮᠨᠡᠯᠭᠡ ᠳᠤ ᠣᠴᠢᠵᠤ ᠡᠮᠨᠡᠭᠦᠯᠬᠦ ᠴᠢᠬᠤᠯᠠ ᠦᠭᠡᠢ ᠂ ᠭᠡᠷ ᠲᠤ ᠪᠠᠨ ᠦᠷᠭᠦᠯᠵᠢᠯᠡᠨ ᠠᠵᠢᠭᠯᠠᠵᠤ᠂ ᠡᠪᠡᠳᠴᠢᠨ ᠤ ᠢᠯᠡᠷᠡᠯ  ᠳᠤ ᠨᠢ ᠲᠠᠭᠠᠷᠠᠭᠤᠯᠤᠨ ᠠᠷᠭ᠎ᠠ ᠬᠡᠮᠵᠢᠶ᠎ᠡ ᠠᠪᠤᠪᠠᠯ ᠪᠣᠯᠴᠢᠬᠠᠨ᠎ᠠ᠃      ᠭᠡᠪᠡᠴᠦ ᠳᠣᠣᠷᠠᠬᠢ ᠮᠡᠲᠦ ᠬᠡᠳᠦᠨ ᠵᠦᠢᠯ ᠤᠨ ᠢᠯᠡᠷᠡᠯ ᠭᠠᠷᠪᠠᠯ ᠡᠮᠨᠡᠯᠭᠡ ᠳᠤ ᠣᠴᠢᠬᠤ ᠶᠢ ᠰᠠᠨᠠᠭᠤᠯᠵᠤ ᠪᠠᠶᠢᠨ᠎ᠠ᠂ ᠵᠢᠱᠢᠶᠡᠯᠡᠪᠡᠯ᠂ 3 ᠡᠳᠦᠷ ᠠᠴᠠ ᠳᠡᠭᠡᠭᠰᠢ ᠬᠠᠯᠠᠭᠤᠷᠠᠵᠤ ᠳᠡᠭᠡᠷᠡᠳᠡᠬᠦ ᠪᠠᠶᠢᠳᠠᠯ ᠦᠭᠡᠢ ᠪᠠᠶᠢᠪᠠᠯ ᠡᠮᠨᠡᠯᠭᠡ ᠳᠤ ᠣᠴᠢᠪᠠᠯ ᠵᠣᠬᠢᠨ᠎ᠠ︔ ᠳᠠᠬᠢᠪᠠᠯ ᠬᠡᠦᠬᠡᠳ ᠴᠤᠭ ᠰᠦᠯᠳᠡ ᠦᠭᠡᠢ᠂ ᠥᠭᠡᠷ᠎ᠡ ᠪᠠᠷ ᠬᠡᠯᠡᠪᠡᠯ ᠬᠠᠯᠠᠭᠤᠨ ᠨᠢ ᠪᠠᠭᠤᠷᠠᠭᠰᠠᠨ ᠴᠤ ᠴᠤᠭ ᠰᠦᠯᠳᠡ ᠦᠭᠡᠢ ᠪᠠᠶᠢᠬᠤ᠂ ᠡᠭᠦᠨ ᠳᠤ ᠨᠢᠷᠠᠢ ᠬᠡᠦᠬᠡᠳ ᠵᠠᠷᠢᠮ ᠳᠤ ᠪᠠᠨ ᠤᠬᠢᠯᠠᠨ ᠪᠤᠬᠢᠨᠢᠳᠤᠵᠤ ᠲᠠᠶᠢᠳᠬᠤᠷᠠᠭᠤᠯᠬᠤ ᠳᠤ ᠬᠡᠴᠡᠭᠦᠦ᠂ ᠲᠣᠮᠣ ᠬᠡᠦᠬᠡᠳ ᠳᠠᠩᠳᠠ ᠤᠨᠲᠠᠵᠤ᠂ ᠴᠤᠭ ᠰᠦᠯᠳᠡ ᠦᠭᠡᠢ᠂ ᠴᠢᠷᠠᠢ ᠶᠢᠨ ᠥᠩᠭᠡ ᠨᠢ ᠪᠠᠷᠤᠭᠲᠠᠢ᠂ ᠡᠶᠢᠮᠦᠷᠬᠦᠦ ᠪᠠᠶᠢᠳᠠᠯ ᠳᠤ ᠪᠡᠶ᠎ᠡ ᠶᠢᠨ ᠬᠠᠯᠠᠭᠤᠨ ᠤ ᠥᠨᠳᠥᠷ ᠳᠣᠣᠷ᠎ᠠ ᠶᠢ ᠬᠠᠮᠢᠶᠠᠷᠤᠯ ᠦᠭᠡᠢ ᠪᠠᠷ ᠡᠮᠨᠡᠯᠭᠡ ᠳᠤ ᠣᠴᠢᠵᠤ ᠡᠮᠴᠢᠯᠡᠭᠦᠯᠬᠦ ᠬᠡᠷᠡᠭᠲᠡᠢ︔ ᠪᠠᠰᠠ ᠵᠠᠷᠢᠮ ᠪᠠᠶᠢᠳᠠᠯ ᠳᠤ ᠬᠠᠨᠢᠶᠠᠯᠭᠠᠬᠤ ᠨᠢ ᠠᠬᠠᠳᠠᠬᠤ ᠪᠠ ᠣᠯᠠᠰᠢᠷᠠᠵᠤ᠂ ᠡᠳᠦᠷ ᠲᠤᠲᠤᠮ ᠤᠨ ᠠᠮᠢᠳᠤᠷᠠᠯ ᠪᠠ ᠤᠨᠲᠠᠵᠤ ᠠᠮᠠᠷᠠᠬᠤ ᠶᠢ ᠨᠢ ᠨᠥᠯᠥᠭᠡᠯᠡᠬᠦ ᠳᠤ ᠬᠦᠷᠪᠡᠯ ᠳᠠᠷᠤᠢ ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ︔ ᠡᠭᠦᠨ ᠠᠴᠠ ᠭᠠᠳᠠᠨ᠎ᠠ ᠪᠠᠰᠠ ᠵᠠᠷᠢᠮ ᠬᠡᠦᠬᠡᠳ ᠠᠮᠢᠰᠬᠤᠭᠠᠳᠠᠬᠤ᠂ ᠠᠮᠢᠰᠬᠤᠭ᠎ᠠ ᠨᠢ ᠲᠦᠷᠭᠡᠰᠴᠦ᠂ ᠴᠢᠨᠠᠭᠰᠢᠯᠠᠭᠠᠳ ᠠᠮᠢᠰᠬᠤᠯ ᠴᠢᠬᠤᠯᠳᠠᠬᠤ᠂ ᠳᠠᠭᠤ ᠨᠢ ᠨᠡᠯᠢᠶᠡᠳ ᠰᠥᠭᠡᠩᠭᠢ ᠪᠣᠯᠬᠤ ᠵᠡᠷᠭᠡ ᠢᠯᠡᠷᠡᠯ ᠭᠠᠷᠪᠠᠯ ᠲᠥᠪᠥᠩᠬᠡᠢ ᠶᠢᠨ ᠦᠷᠪᠢᠰᠦᠯ᠂ ᠮᠥᠭᠡᠷᠰᠦᠨ ᠬᠤᠭᠤᠯᠠᠢ ᠶᠢᠨ ᠦᠷᠪᠢᠰᠦᠯ ᠪᠠᠶᠢᠵᠤ ᠮᠠᠭᠠᠳ ᠤᠴᠢᠷ ᠠᠴᠠ ᠴᠠᠭ ᠲᠤᠬᠠᠢ ᠳᠤ  ᠨᠢ ᠡᠮᠴᠢᠯᠡᠭᠦᠯᠪᠡᠯ ᠵᠣᠬᠢᠨ᠎ᠠ︔ ᠶᠠᠷᠢᠶᠠᠨ ᠦᠭᠡᠢ ᠤᠬᠠᠭᠠᠨ ᠠᠯᠳᠠᠵᠤ᠂ ᠲᠠᠲᠠᠬᠤ ᠵᠡᠷᠭᠡ ᠪᠠᠶᠢᠳᠠᠯ ᠭᠠᠷᠪᠠᠯ ᠨᠡᠩ ᠳᠠᠷᠤᠶᠢᠬᠠᠨ ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ᠃      ᠣᠨᠴᠠᠭᠠᠶᠢᠯᠠᠨ ᠠᠩᠬᠠᠷᠤᠭᠤᠰᠢᠲᠠᠢ ᠨᠢ᠂ ᠰᠠᠶ᠋ᠢᠬᠠᠨ ᠲᠥᠷᠥᠭᠰᠡᠨ ᠨᠢᠷᠠᠢ ᠪᠠ ᠨᠢᠯᠬ᠎ᠠ ᠬᠡᠦᠬᠡᠳ ᠢ ᠪᠠᠭᠲᠠᠭᠠᠭᠰᠠᠨ ᠭᠤᠷᠪᠠᠨ ᠰᠠᠷ᠎ᠠ ᠠᠴᠠ ᠳᠣᠷᠣᠭᠰᠢᠬᠢ ᠨᠠᠰᠤᠨ ᠤ ᠬᠡᠦᠬᠡᠳ ᠪᠣᠯ ᠣᠨᠴᠠᠭᠠᠶ ᠪᠦᠯᠦᠭ ᠤᠨ ᠬᠥᠮᠥᠰ ᠪᠠᠶᠢᠵᠤ᠂ ᠬᠡᠷᠪᠡ ᠬᠠᠯᠠᠭᠤᠷᠠᠬᠤ ᠪᠠᠶᠢᠳᠠᠯ ᠢᠯᠡᠷᠡᠪᠡᠯ ᠴᠠᠭ ᠲᠤᠬᠠᠢ ᠳᠤ ᠨᠢ ᠡᠮᠨᠡᠯᠭᠡ ᠳᠤ ᠣᠴᠢᠵᠤ ᠡᠮᠴᠢᠯᠡᠭᠦᠯᠬᠦ ᠶᠢ ᠰᠠᠨᠠᠭᠤᠯᠵᠤ ᠪᠠᠶᠢᠨ᠎ᠠ᠃      ᠨᠠᠰᠤᠲᠠᠶᠢᠴᠤᠳ      ᠨᠠᠰᠤᠲᠠᠶᠢᠴᠤᠳ‌ᠥᠪᠡᠷ ᠢ ᠪᠠᠨ ᠬᠡᠷᠬᠢᠨ ᠬᠠᠮᠠᠭᠠᠯᠠᠪᠠᠯ ᠵᠣᠬᠢᠬᠤ ᠪᠣᠢ︖      ᠡᠩ ᠲᠡᠷᠢᠭᠦᠨ ᠳᠤ᠂ ᠸᠠᠺᠼᠢᠨ ᠳᠠᠷᠢᠬᠤ ᠬᠡᠷᠡᠭᠲᠡᠢ᠃ ᠡᠭᠦᠨ ᠳᠤ ᠪᠥᠬᠦ ᠶᠠᠪᠤᠴᠠ ᠶᠢᠨ ᠸᠠᠺᠼᠢᠨ ᠳᠠᠷᠢᠬᠤ ᠪᠠ ᠴᠢᠩᠭᠠᠳᠬᠠᠭᠰᠠᠨ ᠸᠠᠺᠼᠢᠨ ᠤ ᠲᠠᠷᠢᠯᠭ᠎ᠠ ᠬᠢᠬᠦ ᠵᠡᠷᠭᠡ ᠶᠢ ᠪᠠᠭᠲᠠᠭᠠᠨ᠎ᠠ᠃ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ᠂ ᠨᠠᠰᠤᠲᠠᠶᠢᠴᠤᠳ ᠤᠨ ᠬᠦᠨᠳᠦ ᠡᠪᠡᠳᠴᠢᠨ ᠳᠤ ᠨᠡᠷᠪᠡᠭᠳᠡᠬᠦ ᠨᠣᠷᠮ᠎ᠠ ᠢᠯᠡᠳᠲᠡ ᠪᠠᠭᠤᠷᠠᠬᠤ ᠪᠣᠯᠣᠨ᠎ᠠ᠃      ᠬᠤᠶᠠᠳᠤᠭᠠᠷ ᠲᠤ᠂ ᠣᠲᠣ ᠶᠢᠨ ᠪᠠᠶᠢᠳᠠᠯ ᠳᠣᠣᠷ᠎ᠠ᠂ ᠨᠠᠰᠤᠲᠠᠶᠢᠴᠤᠳ ᠤᠨ ᠭᠠᠳᠠᠭᠰᠢ ᠳᠤᠲᠠᠭᠤ ᠭᠠᠷᠬᠤ ᠶᠢ ᠬᠦᠰᠡᠵᠦ ᠪᠠᠶᠢᠨ᠎ᠠ᠂ ᠢᠯᠠᠩᠭᠤᠶ᠎ᠠ ᠬᠥᠮᠥᠨ ᠣᠯᠠᠨ ᠴᠤᠭᠯᠠᠷᠠᠳᠠᠭ ᠪᠢᠲᠡᠭᠦᠮᠵᠢᠯᠡᠭᠰᠡᠨ ᠭᠠᠵᠠᠷ ᠲᠤ ᠣᠴᠢᠬᠤ ᠠᠴᠠ ᠵᠠᠶᠢᠯᠠᠰᠬᠢᠬᠦ ᠶᠢ ᠬᠦᠰᠡᠵᠦ ᠪᠠᠶᠢᠨ᠎ᠠ᠂ ᠬᠡᠷᠪᠡ ᠵᠠᠪᠠᠯ ᠣᠴᠢᠬᠤ ᠴᠢᠬᠤᠯᠠ ᠲᠠᠢ ᠪᠣᠯ ᠠᠮᠠᠪᠴᠢ ᠪᠠᠨ ᠰᠠᠶᠢᠲᠤᠷ ᠵᠡᠭᠦᠬᠦ ᠬᠡᠷᠡᠭᠲᠡᠢ ᠃ ᠡᠭᠦᠨ ᠠᠴᠠ ᠭᠠᠳᠠᠨ᠎ᠠ᠂ ᠪᠦᠬᠦᠶᠢᠯᠡ ᠶᠠᠪᠤᠴᠠ ᠳᠤ᠂ ᠭᠠᠳᠠᠭᠠᠳᠤ ᠣᠷᠴᠢᠨ ᠲᠠᠢ ᠣᠶᠢᠷᠠᠳᠬᠤ ᠪᠠᠨ ᠠᠯᠢ ᠴᠢᠳᠠᠬᠤ ᠪᠠᠷ ᠪᠠᠭᠠᠰᠬᠠᠵᠤ᠂ ᠪᠤᠴᠠᠵᠤ ᠢᠷᠡᠪᠡᠯ ᠭᠠᠷ ᠢᠶᠠᠨ ᠵᠠᠪᠠᠯ ᠤᠬᠢᠶᠠᠬᠤ ᠬᠡᠷᠡᠭᠲᠡᠢ᠃      ᠭᠤᠷᠪᠠᠳᠤᠭᠠᠷ ᠲᠤ᠂ ᠢᠯᠡᠭᠦᠬᠡᠨ ᠰᠠᠯᠬᠢ ᠨᠡᠪᠲᠡᠷᠡᠭᠦᠯᠦᠨ᠎ᠡ᠃ ᠣᠲᠣ ᠶᠠᠭ ᠡᠪᠦᠯ ᠤᠨ ᠤᠯᠠᠷᠢᠯ ᠪᠣᠯᠵᠤ᠂ ᠢᠯᠠᠩᠭᠤᠶ᠎ᠠ ᠤᠮᠠᠷᠠᠲᠤ ᠣᠷᠣᠨ ᠤ ᠠᠭᠤᠷ ᠠᠮᠢᠰᠬᠤᠯ ᠨᠡᠯᠢᠶᠡᠳ ᠬᠦᠢᠲᠡᠨ ᠪᠣᠯᠬᠤᠷ ᠰᠠᠯᠬᠢ ᠨᠡᠪᠲᠡᠷᠡᠭᠦᠯᠬᠦ ᠶᠠᠪᠤᠴᠠ ᠳᠤ ᠨᠠᠰᠤᠲᠠᠶᠢᠴᠤᠳ ᠤᠨ ᠳᠤᠯᠠᠭᠠᠯᠠᠭ᠎ᠠ ᠶᠢᠨ ᠠᠰᠠᠭᠤᠳᠠᠯ ᠢ ᠠᠩᠬᠠᠷᠴᠤ᠂ ᠨᠠᠰᠤᠲᠠᠶᠢᠴᠤᠳ ᠢ ᠥᠭᠡᠷ᠎ᠡ ᠨᠢᠭᠡ ᠥᠷᠥᠭᠡᠨ ᠳᠤ ᠣᠷᠣᠭᠤᠯᠵᠤ ᠪᠣᠯᠣᠨ᠎ᠠ᠂ ᠰᠠᠯᠬᠢ ᠨᠡᠪᠲᠡᠷᠡᠭᠦᠯᠦᠭᠰᠡᠨ ᠤ ᠳᠠᠷᠠᠭ᠎ᠠ᠂ ᠭᠡᠷ ᠤᠨ ᠳᠤᠯᠠᠭᠠᠨ ᠬᠡᠪ ᠤᠨ ᠪᠠᠶᠢᠳᠠᠯ ᠳᠤ ᠪᠠᠨ ᠣᠷᠣᠭᠰᠠᠨ ᠤ ᠳᠠᠷᠠᠭ᠎ᠠ ᠨᠠᠰᠤᠲᠠᠶᠢᠴᠤᠳ ᠢ ᠰᠠᠶ᠋ᠢ ᠲᠣᠰ ᠥᠷᠥᠭᠡᠨ ᠳᠤ ᠨᠢ ᠪᠤᠴᠠᠭᠠᠨ᠎ᠠ᠃       ᠳᠥᠷᠪᠡᠳᠦᠭᠡᠷ ᠲᠤ᠂ ᠨᠠᠰᠤᠲᠠᠶᠢᠴᠤᠳ ᠲᠤ ᠶᠡᠷᠦ ᠳᠤ ᠪᠠᠨ ᠡᠨᠡ ᠲᠡᠷᠡ ᠰᠠᠭᠤᠷᠢ ᠡᠪᠡᠳᠴᠢᠨ ᠳᠠᠪᠬᠤᠴᠠᠵᠤ ᠪᠠᠶᠢᠳᠠᠭ᠂ ᠰᠠᠭᠤᠷᠢ ᠡᠪᠡᠳᠴᠢᠨ ᠢ ᠣᠳᠣᠬᠢ ᠱᠠᠲᠤᠨ ᠳᠤ ᠵᠠᠪᠠᠯ ᠰᠠᠶᠢᠲᠤᠷ ᠡᠵᠡᠮᠳᠡᠵᠦ᠂ ᠡᠮᠨᠡᠯᠭᠡ ᠳᠤ ᠣᠴᠢᠵᠤ ᠡᠮ ᠠᠪᠬᠤ ᠠᠴᠠ ᠪᠠᠨ ᠠᠶᠤᠭᠠᠳ ᠡᠮ ᠢᠶᠠᠨ ᠵᠣᠭᠰᠣᠭᠠᠵᠤ ᠪᠣᠯᠬᠤ ᠦᠭᠡᠢ᠂ ᠡᠯ᠎ᠡ ᠵᠦᠢᠯ ᠤᠨ ᠠᠷᠭ᠎ᠠ ᠵᠠᠮ ᠢᠶᠠᠷ ᠡᠮ ᠬᠤᠳᠠᠯᠳᠤᠨ ᠠᠪᠬᠤ ᠪᠤᠶᠤ ᠲᠥᠷᠥᠯ ᠰᠠᠳᠤᠨ ᠨᠠᠶᠢᠵᠠ ᠨᠥᠬᠦᠳ ᠢᠶᠠᠷ ᠢᠶᠠᠨ ᠡᠮ ᠬᠤᠳᠠᠯᠳᠤᠨ ᠠᠪᠤᠭᠤᠯᠵᠤ ᠪᠣᠯᠣᠨ᠎ᠠ᠃      ᠲᠠᠪᠤᠳᠤᠭᠠᠷ ᠲᠤ᠂ ᠨᠠᠰᠤᠲᠠᠶᠢᠴᠤᠳ ᠣᠶᠢᠷ᠎ᠠ ᠶᠢᠨ ᠬᠤᠭᠤᠴᠠᠭᠠᠨ ᠳᠤ ᠡᠷᠬᠡᠪᠰᠢ ᠵᠢᠮ᠎ᠡ ᠶᠣᠰᠣ ᠲᠠᠢ ᠪᠠᠷ ᠠᠮᠢᠳᠤᠷᠠᠵᠤ ᠂ ᠬᠡᠲᠦᠷᠬᠡᠢ ᠰᠠᠨᠳᠤᠷᠬᠤ ᠬᠡᠷᠡᠭ ᠦᠭᠡᠢ᠃ ᠵᠢᠮ᠎ᠡ ᠶᠣᠰᠣ ᠲᠠᠢ ᠪᠠᠷ ᠤᠨᠲᠠᠵᠤ ᠠᠮᠠᠷᠠᠨ᠂ ᠰᠢᠮ᠎ᠡ ᠲᠡᠵᠢᠭᠡᠯ ᠢᠶᠠᠨ ᠪᠠᠲᠤᠯᠠᠬᠤ ᠬᠡᠷᠡᠭᠲᠡᠢ᠂ ᠭᠡᠪᠡᠴᠦ ᠬᠡᠲᠦᠷᠡᠲᠡᠯ᠎ᠡ ᠢᠳᠡᠵᠦ ᠤᠤᠭᠤᠵᠤ ᠪᠣᠯᠬᠤ ᠦᠭᠡᠢ᠃ ᠡᠭᠦᠨ ᠠᠴᠠ ᠭᠠᠳᠠᠨ᠎ᠠ᠂ ᠠᠷᠢᠬᠢ ᠡᠳ᠋ᠯᠡᠬᠦ ᠪᠠᠨ ᠠᠯᠢ ᠴᠢᠳᠠᠬᠤ ᠪᠠᠷ ᠪᠠᠭᠠᠰᠬᠠᠨ᠎ᠠ᠃ ᠬᠡᠷᠪᠡ ᠨᠠᠰᠤᠲᠠᠶᠢᠴᠤᠳ ᠲᠠᠢ ᠬᠠᠮᠲᠤ ᠠᠮᠢᠳᠤᠷᠠᠬᠤ ᠦᠭᠡᠢ ᠭᠡᠷ ᠤᠨ ᠬᠥᠮᠥᠰ ᠨᠢ ᠣᠶᠢᠷ᠎ᠠ ᠶᠢᠨ ᠬᠤᠭᠤᠴᠠᠭᠠᠨ ᠳᠤ ᠨᠠᠰᠤᠲᠠᠶᠢᠴᠤᠳ ᠢᠶᠠᠨ ᠡᠷᠭᠢᠵᠦ ᠦᠵᠡᠬᠦ ᠪᠠᠨ ᠴᠥᠭᠡᠳᠬᠡᠵᠦ᠂ ᠸᠢᠷᠦ᠋ᠰ ᠯᠡᠪᠡᠷᠡᠬᠦ ᠲᠣᠬᠢᠶᠠᠯ ᠢ ᠪᠠᠭᠠᠰᠬᠠᠵᠤ ᠪᠣᠯᠣᠨ᠎ᠠ᠃      ᠬᠡᠷᠪᠡ ᠭᠡᠷ ᠤᠨ ᠬᠥᠮᠥᠰ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠨᠠᠰᠤᠲᠠᠶᠢᠴᠤᠳ ᠥᠪᠡᠷ ᠢ ᠪᠠᠨ ᠬᠡᠷᠬᠢᠨ ᠰᠠᠶᠢᠲᠤᠷ ᠬᠠᠮᠠᠭᠠᠯᠠᠬᠤ ᠪᠣᠶ︖      ᠬᠡᠷᠪᠡ ᠬᠠᠮᠲᠤ ᠠᠮᠢᠳᠤᠷᠠᠵᠤ ᠪᠠᠶᠢᠭ᠎ᠠ ᠬᠥᠮᠥᠨ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ᠂ ᠨᠠᠰᠤᠲᠠᠶᠢᠴᠤᠳ ᠤᠨ ᠸᠢᠷᠦ᠋ᠰ ᠲᠠᠢ ᠣᠶᠢᠷᠠᠳᠬᠤ ᠲᠣᠬᠢᠶᠠᠯ ᠢ ᠠᠯᠢ ᠴᠢᠳᠠᠬᠤ ᠪᠠᠷ ᠪᠠᠭᠠᠰᠬᠠᠬᠤ ᠪᠣᠯ ᠬᠠᠮᠤᠭ ᠤᠨ ᠴᠢᠬᠤᠯᠠ ᠵᠠᠷᠴᠢᠮ ᠪᠣᠯᠣᠨ᠎ᠠ᠃ ᠬᠡᠷᠪᠡ ᠨᠥᠬᠦᠴᠡᠯ ᠲᠠᠢ ᠪᠣᠯ ᠨᠠᠰᠤᠲᠠᠶᠢᠴᠤᠳ ᠢ ᠥᠭᠡᠷ᠎ᠡ ᠨᠢᠭᠡ ᠣᠷᠣᠨ ᠰᠠᠭᠤᠴᠠ ᠳ᠋ᠤ᠋‌ᠠᠪᠠᠴᠢᠨ ᠰᠠᠭᠤᠯᠭᠠᠵᠤ ᠪᠣᠯᠣᠨ᠎ᠠ᠃ ᠬᠡᠷᠪᠡ ᠨᠥᠬᠦᠴᠡᠯ ᠦᠭᠡᠢ ᠪᠣᠯ ᠨᠢᠭᠡᠨ ᠲᠤᠰᠠᠭᠠᠷ ᠦᠷᠦᠭᠡ ᠭᠠᠷᠭᠠᠵᠤ᠂ ᠡᠭᠦᠳᠡ ᠪᠠᠨ ᠰᠠᠶᠢᠲᠤᠷ ᠬᠠᠭᠠᠵᠤ᠂ ᠰᠠᠯᠬᠢ ᠨᠡᠪᠲᠡᠷᠡᠭᠦᠯᠬᠦ ᠶᠢ ᠴᠢᠩᠭᠠᠳᠬᠠᠬᠤ ᠬᠡᠷᠡᠭᠲᠡᠢ᠃ ᠰᠠᠯᠬᠢ ᠨᠡᠪᠲᠡᠷᠡᠭᠦᠯᠬᠦ ᠳᠤ ᠠᠩᠬᠠᠷᠬᠤ ᠵᠦᠢᠯ ᠨᠢ ᠳᠡᠭᠡᠷ᠎ᠡ ᠳᠤᠷᠠᠳᠤᠭᠰᠠᠨ ᠲᠠᠢ ᠠᠳᠠᠯᠢ ᠶᠤᠮ᠃ ᠪᠠᠰᠠ ᠨᠢᠭᠡ ᠵᠦᠢᠯ ᠭᠡᠪᠡᠯ᠂ ᠣᠷᠴᠢᠨ ᠲᠣᠭᠤᠷᠢᠨ ᠤ ᠠᠷᠢᠭᠤᠳᠬᠠᠯ ᠢ ᠴᠢᠩᠭᠠᠳᠬᠠᠬᠤ ᠬᠡᠷᠡᠭᠲᠡᠢ᠂ ᠢᠯᠠᠩᠭᠤᠶ᠎ᠠ ᠣᠯᠠᠨ ᠨᠡᠶᠢᠲᠡ ᠶᠢᠨ ᠢᠯᠡ ᠣᠷᠴᠢᠨ ᠲᠣᠭᠤᠷᠢᠨ ᠳᠤ᠂ ᠵᠢᠱᠢᠶᠡᠯᠡᠪᠡᠯ ᠵᠣᠷᠯᠣᠩ᠂ ᠡᠭᠦᠳᠡᠨ ᠤ ᠪᠠᠷᠢᠭᠤᠯ᠂ ᠤᠰᠤᠨ ᠴᠣᠷᠭᠤ ᠳᠤ ᠡᠪᠡᠳᠴᠢᠲᠡᠨ ᠬᠦᠷᠦᠯᠴᠡᠭᠰᠡᠨ ᠤ ᠳᠠᠷᠠᠭ᠎ᠠ ᠵᠠᠪᠠᠯ ᠠᠷᠢᠭᠤᠳᠬᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠨᠠᠰᠤᠲᠠᠶᠢᠴᠤᠳ ᠤᠨ ᠪᠠᠶᠢᠳᠠᠯ ᠤᠨ ᠬᠤᠪᠢᠷᠠᠯᠲᠠ ᠶᠢ ᠠᠩᠬᠠᠷᠴᠤ᠂ ᠬᠡᠷᠪᠡ ᠠᠰᠠᠭᠤᠳᠠᠯ ᠭᠠᠷᠪᠠᠯ ᠡᠷᠲᠡᠬᠡᠨ ᠢᠯᠭᠠᠨ ᠲᠣᠳᠣᠯᠠᠵᠤ᠂ ᠡᠷᠲᠡᠬᠡᠨ ᠣᠨᠣᠰᠢᠯᠠᠬᠤ ᠬᠡᠷᠡᠭᠲᠡᠢ᠃      ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠶᠠᠭᠠᠬᠢᠪᠠᠯ ᠵᠣᠬᠢᠬᠤ ᠪᠣᠶ︖      ᠨᠢᠭᠡᠳᠦᠭᠡᠷ ᠲᠤ᠂ ᠨᠠᠰᠤᠲᠠᠶᠢᠴᠤᠳ ᠬᠡᠷᠪᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ᠂ ᠶᠠᠭᠤᠨ ᠤ ᠡᠮᠦᠨ᠎ᠡ ᠠᠵᠢᠭᠯᠠᠯᠲᠠ ᠪᠠ ᠬᠢᠨᠠᠨ ᠰᠢᠨᠵᠢᠯᠡᠯᠲᠡ ᠶᠢ ᠴᠢᠩᠭᠠᠳᠬᠠᠬᠤ ᠬᠡᠷᠡᠭᠲᠡᠢ᠃      ᠬᠤᠶᠠᠳᠤᠭᠠᠷ ᠲᠤ᠂ ᠡᠳᠦᠷ ᠲᠤᠲᠤᠮ ᠤᠨ ᠰᠤᠪᠢᠯᠠᠯᠲᠠ ᠶᠢ ᠴᠢᠩᠭᠠᠳᠬᠠᠬᠤ ᠬᠡᠷᠡᠭᠲᠡᠢ᠂ ᠡᠨᠡ ᠬᠦ ᠡᠳᠦᠷ ᠲᠤᠲᠤᠮ ᠤᠨ ᠰᠤᠪᠢᠯᠠᠯᠲᠠ ᠳᠤ ᠬᠠᠷᠠᠰᠣ ᠢᠳᠡᠭᠡᠨ ᠤᠮᠳᠠᠭᠠᠨ ᠢ ᠪᠠᠭᠲᠠᠭᠠᠨ᠎ᠠ᠃ ᠨᠠᠰᠤᠲᠠᠢ ᠬᠥᠮᠥᠨ ᠬᠠᠯᠳᠠᠪᠤᠷᠢᠯᠠᠭᠳᠠᠭᠰᠠᠨ ᠤ ᠳᠠᠷᠠᠭ᠎ᠠ ᠬᠤᠳᠣᠭᠤᠳᠤ ᠭᠡᠳᠡᠰᠦᠨ ᠤ ᠵᠠᠮ ᠤᠨ ᠴᠢᠳᠠᠮᠵᠢ ᠨᠢ ᠮᠠᠭᠤᠳᠠᠬᠤ ᠪᠣᠯᠬᠤᠷ ᠪᠠᠭ᠎ᠠ ᠢᠳᠡᠵᠦ ᠣᠯᠠᠨ ᠤᠳᠠᠭ᠎ᠠ ᠬᠤᠭᠤᠯᠠᠯᠠᠵᠤ᠂ ᠨᠢᠭᠡ ᠤᠳᠠᠭ᠎ᠠ ᠶᠡᠭᠡ ᠬᠡᠮᠵᠢᠶ᠎ᠡ ᠪᠠᠷ ᠢᠳᠡᠭᠰᠡᠨ ᠤ ᠳᠠᠷᠠᠭ᠎ᠠ ᠪᠥᠭᠡᠯᠵᠢᠬᠦ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ︔ ᠡᠭᠦᠨ ᠠᠴᠠ ᠭᠠᠳᠠᠨ᠎ᠠ ᠨᠠᠰᠤᠲᠠᠶᠢᠴᠤᠳ ᠤᠨ ᠤᠨᠲᠠᠵᠤ ᠠᠮᠠᠷᠠᠬᠤ ᠶᠢ ᠪᠠᠲᠤᠯᠠᠬᠤ ᠬᠡᠷᠡᠭᠲᠡᠢ︔ ᠪᠠᠰᠠ ᠵᠣᠬᠢᠬᠤ ᠬᠡᠮᠵᠢᠶᠡᠨ ᠤ ᠤᠰᠤ ᠨᠥᠬᠦᠪᠦᠷᠢᠯᠡᠬᠦ ᠬᠡᠷᠡᠭᠲᠡᠢ᠂ ᠤᠰᠤᠨ ᠤ ᠬᠡᠮᠵᠢᠶ᠎ᠡ ᠶᠢ ᠢᠳᠡᠭᠡᠨ ᠤᠮᠳᠠᠭᠠᠨ ᠲᠠᠢ ᠠᠳᠠᠯᠢ ᠪᠠᠶᠢᠯᠭᠠᠵᠤ᠂ ᠪᠡᠶ᠎ᠡ ᠶᠢᠨ ᠳᠤᠯᠠᠭᠠᠨ ᠪᠠ ᠬᠥᠯᠥᠰᠦ ᠭᠠᠷᠬᠤ ᠪᠠᠶᠢᠳᠠᠯ ᠲᠠᠢ ᠨᠢ ᠤᠶᠠᠯᠳᠤᠭᠤᠯᠤᠨ ᠵᠣᠬᠢᠰᠲᠠᠢ ᠨᠥᠬᠦᠪᠦᠷᠢᠯᠡᠬᠦ ᠶᠢ ᠰᠠᠨᠠᠭᠤᠯᠵᠤ ᠪᠠᠶᠢᠨ᠎ᠠ᠃ ᠤᠰᠤ ᠶᠢ ᠪᠠᠰᠠ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠨᠥᠬᠦᠪᠦᠷᠢᠯᠡᠵᠦ᠂ ᠨᠢᠭᠡ ᠤᠳᠠᠭ᠎ᠠ ᠶᠡᠭᠡ ᠬᠡᠮᠵᠢᠶᠡᠨ ᠤ ᠤᠰᠤ ᠨᠥᠬᠦᠪᠦᠷᠢᠯᠡᠭᠡᠳ ᠬᠤᠳᠣᠭᠤᠳᠤ ᠭᠡᠳᠡᠰᠦ ᠨᠢ ᠡᠪ ᠦᠭᠡᠶᠢᠷᠡᠬᠦ ᠪᠠ ᠵᠢᠷᠦᠬᠡᠨ ᠤ ᠳᠠᠷᠤᠭᠠᠰᠤ ᠶᠢ ᠨᠢ ᠬᠦᠨᠳᠦᠷᠡᠭᠦᠯᠬᠦ ᠠᠴᠠ ᠰᠡᠷᠭᠡᠶᠢᠯᠡᠬᠦ ᠬᠡᠷᠡᠭᠲᠡᠢ᠃      ᠭᠤᠷᠪᠠᠳᠤᠭᠠᠷ ᠲᠤ᠂ ᠬᠠᠯᠠᠭᠤᠨ ᠢ ᠪᠠᠭᠤᠷᠠᠭᠤᠯᠬᠤ ᠡᠮ ᠢ ᠨᠠᠰᠤᠲᠠᠶᠢᠴᠤᠳ ᠲᠤ ᠬᠡᠷᠡᠭᠯᠡᠬᠦ ᠳᠤ ᠪᠠᠨ ᠨᠡᠩ ᠪᠣᠯᠭᠤᠮᠵᠢᠲᠠᠢ ᠪᠠᠶᠢᠵᠤ᠂ ᠪᠡᠶ᠎ᠡ ᠶᠢᠨ ᠳᠤᠯᠠᠭᠠᠨ ᠨᠢ ᠬᠡᠳᠦᠢ ᠥᠨᠳᠥᠷ᠂ ᠨᠠᠰᠤ ᠨᠢ ᠬᠡᠳᠦᠢ ᠥᠨᠳᠥᠷ ᠪᠣᠯ᠂ ᠡᠮ ᠬᠡᠷᠡᠭᠯᠡᠬᠦ ᠳᠤ ᠪᠠᠨ ᠨᠡᠩ ᠪᠣᠯᠭᠤᠮᠵᠢᠲᠠᠢ ᠪᠠᠶᠢᠬᠤ ᠬᠡᠷᠡᠭᠲᠡᠢ᠃ ᠡᠭᠦᠨ ᠳᠤ 38℃ ᠲᠤ 1 ᠦᠷᠢᠯ᠂ 39℃ ᠲᠤ 2 ᠦᠷᠢᠯ ᠭᠡᠬᠦ ᠮᠡᠲᠦ ᠪᠠᠷ ᠬᠡᠷᠡᠭᠯᠡᠬᠦ ᠪᠢᠰᠢ᠃ ᠬᠠᠯᠠᠭᠤᠷᠠᠬᠤ ᠨᠢ ᠬᠡᠳᠦᠢ ᠥᠨᠳᠥᠷ ᠪᠣᠯᠬᠤ ᠲᠤᠳᠤᠮ᠂ ᠡᠮ ᠬᠡᠷᠡᠭᠯᠡᠬᠦ ᠳᠤ ᠪᠠᠨ ᠲᠡᠳᠦᠢ ᠪᠣᠯᠭᠤᠮᠵᠢᠲᠠᠢ ᠪᠠᠶᠢᠬᠤ ᠬᠡᠷᠡᠭᠲᠡᠢ᠃ ᠡᠨᠡ ᠨᠢ ᠭᠤᠣᠯᠳᠠᠭᠤ ᠨᠠᠰᠤᠲᠠᠶᠢᠴᠤᠳ ᠲᠤ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠭᠰᠡᠨ ᠤ ᠳᠠᠷᠠᠭ᠎ᠠ ᠨᠢᠭᠡ ᠤᠳᠠᠭ᠎ᠠ ᠶᠡᠭᠡ ᠬᠡᠮᠵᠢᠶᠡᠨ ᠤ ᠬᠥᠯᠥᠰᠦ ᠭᠠᠷᠬᠤ ᠠᠴᠠ ᠪᠣᠯᠵᠤ ᠲᠠᠮᠢᠷᠳᠠᠨ ᠮᠠᠨᠠᠷᠠᠬᠤ ᠪᠤᠶᠤ ᠴᠢᠨᠠᠭᠰᠢᠯᠠᠪᠠᠯ ᠴᠢᠰᠤᠨ ᠳᠠᠷᠤᠯᠲᠠ ᠳᠣᠣᠷ᠎ᠠ ᠪᠣᠯᠬᠤ ᠪᠠᠶᠢᠳᠠᠯ ᠠᠴᠠ ᠰᠡᠷᠭᠡᠶᠢᠯᠡᠬᠦ ᠶᠢᠨ ᠲᠥᠯᠥᠭᠡ ᠶᠤᠮ᠃ ᠡᠭᠦᠨ ᠢ ᠤᠯᠠᠨ ᠳᠤ ᠣᠨᠴᠠᠭᠠᠶᠢᠯᠠᠨ ᠰᠠᠨᠠᠭᠤᠯᠵᠤ ᠪᠠᠶᠢᠨ᠎ᠠ᠃ ᠡᠭᠦᠨ ᠠᠴᠠ ᠭᠠᠳᠠᠨ᠎ᠠ᠂ ᠡᠨᠡ ᠬᠤᠭᠤᠴᠠᠭᠠᠨ ᠳᠤ ᠬᠠᠯᠠᠭᠤᠨ ᠢ ᠪᠠᠭᠤᠷᠠᠭᠤᠯᠬᠤ ᠶᠢ ᠤᠳᠠᠭᠠᠰᠢᠷᠠᠭᠤᠯᠵᠤ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠵᠤ ᠪᠣᠯᠣᠨ᠎ᠠ︔ ᠪᠠᠰᠠ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠬᠦ ᠳᠤ ᠪᠠᠨ ᠣᠯᠠᠨ ᠵᠦᠢᠯ ᠤᠨ ᠡᠮ ᠢ ᠬᠠᠮᠲᠤ ᠳᠤ ᠨᠢ ᠬᠡᠷᠡᠭᠯᠡᠬᠦ ᠠᠴᠠ ᠵᠠᠶᠢᠯᠠᠰᠬᠢᠨ᠎ᠡ᠃ ᠪᠠᠰᠠ ᠵᠠᠷᠢᠮ ᠲᠠᠭᠰᠢᠭᠤᠷ ᠤᠨ ᠡᠮ ᠨᠢ ᠨᠡᠶᠢᠯᠡᠮᠡᠯ ᠵᠣᠷ ᠤᠨ ᠨᠠᠶᠢᠷᠠᠯᠭ᠎ᠠ ᠲᠠᠢ ᠪᠠᠶᠢᠵᠤ᠂ ᠡᠰᠡᠷᠭᠦ ᠫᠠᠷᠠᠽᠧᠲ᠋ᠠᠮᠣᠯ ᠠᠭᠤᠯᠵᠤ ᠮᠡᠳᠡᠨ᠎ᠡ᠂ ᠬᠡᠷᠪᠡ ᠡᠳᠡᠭᠡᠷ ᠡᠮ ᠢ ᠬᠠᠮᠲᠤ ᠳᠤ ᠨᠢ ᠬᠡᠷᠡᠭᠯᠡᠪᠡᠯ ᠡᠮ ᠤᠨ ᠬᠡᠮᠵᠢᠶ᠎ᠡ ᠨᠢ ᠬᠡᠲᠦᠷᠡᠬᠦ ᠪᠠᠶᠢᠳᠠᠯ ᠭᠠᠷᠴᠤ ᠮᠡᠳᠡᠨ᠎ᠡ᠃ ᠡᠶᠢᠮᠦ ᠠᠴᠠ ᠡᠷᠬᠡᠪᠰᠢ ᠡᠮ ᠤᠨ ᠲᠣᠳᠣᠷᠬᠠᠶᠢᠯᠠᠯᠲᠠ ᠶᠢᠨ ᠪᠢᠴᠢᠭ ᠢ ᠰᠠᠶᠢᠲᠤᠷ ᠯᠠᠪᠯᠠᠬᠤ ᠬᠡᠷᠡᠭᠲᠡᠢ᠃       ᠳᠥᠷᠪᠡᠳᠦᠭᠡᠷ ᠲᠤ᠂ ᠬᠢᠲᠠᠳ ᠪᠡᠯᠡᠨ ᠡᠮ᠃ ᠬᠢᠲᠠᠳ ᠪᠡᠯᠡᠨ ᠡᠮ ᠢ ᠬᠡᠷᠡᠭᠯᠡᠬᠦ ᠳᠤ ᠴᠦ ᠠᠳᠠᠯᠢᠬᠠᠨ ᠪᠠᠶᠢᠳᠠᠭ᠂ ᠵᠠᠪᠠᠯ ᠴᠥᠭᠡᠨ ᠮᠥᠷᠲᠡᠭᠡᠨ ᠨᠠᠷᠢᠯᠢᠭ ᠪᠠᠶᠢᠬᠤ ᠬᠡᠷᠡᠭᠲᠡᠢ᠃ ᠨᠢᠭᠡ ᠵᠦᠢᠯ ᠤᠨ ᠡᠮ ᠢ ᠰᠣᠩᠭᠤᠨ ᠬᠡᠷᠡᠭᠯᠡᠵᠦ ᠪᠣᠯᠣᠨ᠎ᠠ᠂ ᠠᠳᠠᠯᠢ ᠦᠢᠯᠡᠳᠦᠯ ᠲᠠᠢ ᠣᠯᠠᠨ ᠵᠦᠢᠯ ᠤᠨ ᠬᠢᠲᠠᠳ ᠪᠡᠯᠡᠨ ᠡᠮ ᠢ ᠬᠠᠮᠲᠤ ᠳᠤ ᠨᠢ ᠬᠡᠷᠡᠭᠯᠡᠵᠦ ᠪᠣᠯᠬᠤ ᠦᠭᠡᠢ᠃      ᠲᠠᠪᠤᠳᠤᠭᠠᠷ ᠲᠤ᠂ ᠰᠠᠭᠤᠷᠢ ᠡᠪᠡᠳᠴᠢᠨ ᠳᠠᠪᠬᠤᠴᠠᠭᠰᠠᠨ ᠨᠠᠰᠤᠲᠠᠶᠢᠴᠤᠳ ᠡᠷᠬᠡᠪᠰᠢ ᠰᠠᠭᠤᠷᠢ ᠡᠪᠡᠳᠴᠢᠨ ᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠠᠳᠡ ᠬᠤᠶᠠᠷ ᠲᠠᠯ᠎ᠠ ᠶᠢ ᠣᠨᠴᠠᠭᠠᠶᠢᠯᠠᠨ ᠴᠢᠬᠤᠯᠠᠴᠢᠯᠠᠵᠤ ᠪᠠᠶᠢᠨ᠎ᠠ᠃ ᠨᠢᠭᠡ ᠨᠢ ᠴᠢᠰᠤᠨ ᠳᠠᠷᠤᠯᠲᠠ ᠥᠨᠳᠥᠷ ᠡᠪᠡᠳᠴᠢᠨ ᠢ ᠰᠡᠷᠭᠡᠶᠢᠯᠡᠬᠦ ᠡᠮ᠂ ᠤᠴᠢᠷ ᠨᠢ ᠬᠠᠯᠠᠭᠤᠷᠠᠭᠰᠠᠨ ᠠᠴᠠ ᠪᠣᠯᠵᠤ ᠶᠡᠭᠡ ᠬᠡᠮᠵᠢᠶᠡᠨ ᠤ ᠤᠰᠤ ᠠᠯᠳᠠᠭᠳᠠᠵᠤ ᠴᠢᠰᠤᠨ ᠳᠠᠷᠤᠯᠲᠠ ᠶᠢ ᠪᠠᠭᠤᠷᠠᠭᠤᠯᠵᠤ ᠮᠡᠳᠡᠨ᠎ᠡ᠃ ᠬᠠᠯᠠᠭᠤᠷᠠᠵᠤ ᠪᠠᠶᠢᠭ᠎ᠠ ᠬᠤᠭᠤᠴᠠᠭᠠᠨ ᠳᠤ᠂ ᠣᠨᠴᠠᠭᠠᠶᠢᠯᠠᠨ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠬᠦ ᠦᠶ᠎ᠡ ᠳᠤ ᠡᠷᠬᠡᠪᠰᠢ ᠴᠢᠰᠤᠨ ᠳᠠᠷᠤᠯᠲᠠ ᠶᠢ ᠨᠢ ᠪᠠᠶᠢᠴᠠᠭᠠᠬᠤ ᠶᠢ ᠠᠩᠬᠠᠷᠬᠤ ᠬᠡᠷᠡᠭᠲᠡᠢ᠃ ᠬᠡᠷᠪᠡ ᠴᠢᠰᠤᠨ ᠳᠠᠷᠤᠯᠲᠠ ᠨᠢ ᠳᠣᠣᠷᠠᠳᠠᠵᠤ ᠬᠡᠪ ᠤᠨ ᠬᠡᠮᠵᠢᠶ᠎ᠡ ᠠᠴᠠ ᠳᠣᠣᠷ᠎ᠠ ᠪᠣᠯᠪᠠᠯ ᠴᠢᠰᠤᠨ ᠳᠠᠷᠤᠯᠲᠠ ᠶᠢ ᠪᠠᠭᠤᠷᠠᠭᠤᠯᠬᠤ ᠡᠮ ᠤᠨ ᠬᠡᠮᠵᠢᠶ᠎ᠡ ᠶᠢ ᠪᠠᠭᠠᠰᠬᠠᠬᠤ ᠪᠤᠶᠤ ᠴᠢᠨᠠᠭᠰᠢᠯᠠᠪᠠᠯ ᠬᠡᠷᠡᠭᠯᠡᠬᠦ ᠪᠠᠨ ᠵᠣᠭᠰᠣᠵᠤ᠂ ᠴᠢᠰᠤᠨ ᠳᠠᠷᠤᠯᠲᠠ ᠨᠢ ᠬᠡᠪ ᠤᠨ ᠪᠠᠶᠢᠳᠠᠯ ᠳᠤ ᠪᠠᠨ ᠣᠷᠣᠭᠰᠠᠨ ᠤ ᠳᠠᠷᠠᠭ᠎ᠠ ᠰᠠᠶ᠋ᠢ ᠵᠤᠷᠰᠢᠯ ᠶᠣᠰᠣᠭᠠᠷ ᠬᠡᠷᠡᠭᠯᠡᠨ᠎ᠡ᠃ ᠨᠥᠭᠦᠭᠡ ᠨᠢᠭᠡ ᠨᠢ ᠴᠢᠰᠤᠨ ᠰᠢᠬᠢᠷ ᠢ ᠪᠠᠭᠤᠷᠠᠭᠤᠯᠬᠤ ᠡᠮ ᠪᠣᠯᠣᠨ᠎ᠠ᠂ ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ ᠢᠳᠡᠬᠦ ᠬᠤᠭᠤᠯᠠᠨ ᠤ ᠬᠡᠮᠵᠢᠶ᠎ᠡ  ᠨᠢ ᠮᠠᠰᠢ ᠪᠠᠭᠠᠳᠠᠵᠤ ᠮᠡᠳᠡᠨ᠎ᠡ᠂ ᠡᠶᠢᠮᠦ ᠠᠴᠠ ᠪᠢᠳᠡ ᠴᠢᠰᠤᠨ ᠰᠢᠬᠢᠷ ᠤᠨ ᠬᠤᠪᠢᠷᠠᠯᠲᠠ ᠶᠢ ᠬᠢᠨᠠᠨ ᠰᠢᠨᠵᠢᠯᠡᠵᠦ᠂ ᠴᠢᠰᠤᠨ ᠰᠢᠬᠢᠷ ᠳᠣᠣᠷ᠎ᠠ ᠪᠣᠯᠬᠤ ᠠᠴᠠ ᠰᠡᠷᠭᠡᠶᠢᠯᠡᠬᠦ ᠬᠡᠷᠡᠭᠲᠡᠢ᠃      ᠬᠠᠮᠤᠭ ᠤᠨ ᠰᠡᠬᠦᠯ ᠳᠤ᠂ ᠨᠠᠰᠤᠲᠠᠶᠢᠴᠤᠳ ᠲᠤ ᠣᠨᠴᠠᠭᠠᠶᠢᠯᠠᠨ ᠰᠠᠨᠠᠭᠤᠯᠬᠤ ᠨᠢ᠂ ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ᠂ ᠲᠣᠭᠲᠠᠪᠤᠷᠢᠵᠢᠭᠤᠯᠬᠤ ᠴᠢᠳᠠᠪᠤᠷᠢ ᠨᠢ ᠪᠠᠭᠤᠷᠠᠳᠠᠭ᠂ ᠵᠠᠯᠠᠭᠤᠴᠤᠳ ᠲᠤ ᠴᠤ ᠡᠶᠢᠮᠦ ᠲᠥᠷᠥᠭᠳᠡᠯ ᠪᠠᠶᠢᠵᠤ ᠮᠡᠳᠡᠨ᠎ᠡ᠃ ᠬᠠᠯᠠᠭᠤᠷᠠᠭᠰᠠᠨ ᠤ ᠲᠠᠷᠠᠭ᠎ᠠ ᠵᠠᠮ ᠶᠠᠪᠤᠬᠤ ᠳᠤ ᠪᠠᠨ ᠵᠢᠭᠠᠬᠠᠨ ᠬᠠᠶᠢᠪᠠᠯᠵᠠᠬᠤ ᠪᠣᠯᠣᠨ᠎ᠠ᠂ ᠨᠠᠰᠤᠲᠠᠶᠢᠴᠤᠳ ᠲᠤ ᠡᠶᠢᠮᠦ ᠪᠠᠶᠢᠳᠠᠯ ᠭᠠᠷᠤᠭᠰᠠᠨ ᠤ ᠲᠠᠷᠠᠭ᠎ᠠ ᠮᠠᠰᠢ ᠠᠮᠠᠷᠬᠠᠨ ᠣᠶᠢᠴᠢᠳᠠᠭ᠂ ᠣᠶᠢᠴᠢᠭᠰᠠᠨ ᠤ ᠲᠠᠷᠠᠭ᠎ᠠ ᠠᠮᠠᠷᠬᠠᠨ ᠶᠠᠰᠤ ᠬᠤᠭᠤᠷᠠᠳᠠᠭ ᠶᠤᠮ᠃ ᠡᠶᠢᠮᠦ ᠠᠴᠠ ᠨᠠᠰᠤᠲᠠᠶᠢᠴᠤᠳ ᠬᠠᠯᠠᠭᠤᠷᠠᠬᠤ᠂ ᠨᠡᠯᠢᠶᠡᠳ ᠲᠠᠮᠢᠷᠳᠠᠬᠤ ᠦᠶ᠎ᠡ ᠳᠤ ᠣᠶᠢᠴᠢᠬᠤ ᠠᠴᠠ ᠣᠨᠴᠠ ᠰᠡᠷᠭᠡᠶᠢᠯᠡᠬᠦ ᠬᠡᠷᠡᠭᠲᠡᠢ᠃       ᠶᠠᠮᠠᠷ ᠪᠠᠶᠢᠳᠠᠯ ᠳᠤ ᠨᠠᠰᠤᠲᠠᠶᠢᠴᠤᠳ ᠤᠨ ᠡᠮᠨᠡᠯᠭᠡ ᠳᠤ ᠣᠴᠢᠵᠤ ᠡᠮᠨᠡᠭᠦᠯᠬᠦ ᠶᠢ ᠪᠣᠳᠣᠯᠬᠢᠯᠠᠬᠤ ᠴᠢᠬᠤᠯᠠᠲᠠᠢ ᠪᠣᠶ︖     ᠨᠢᠭᠡᠳᠦᠭᠡᠷ ᠲᠤ᠂ ᠡᠪᠡᠳᠴᠢᠨ ᠤ ᠢᠯᠡᠷᠡᠯ ᠨᠢ ᠦᠷᠭᠦᠯᠵᠢᠯᠡᠬᠦ ᠪᠤᠶᠤ ᠬᠦᠨᠳᠦᠷᠡᠬᠦ᠂ ᠵᠢᠱᠢᠶᠡᠯᠡᠪᠡᠯ ᠦᠷᠭᠦᠯᠵᠢᠯᠡᠨ ᠬᠠᠯᠠᠭᠤᠷᠠᠬᠤ ᠪᠤᠶᠤ ᠴᠢᠨᠠᠭᠰᠢᠯᠠᠪᠠᠯ ᠬᠦᠨᠳᠦᠷᠡᠬᠦ ᠬᠠᠨᠳᠤᠰᠢ ᠲᠠᠢ᠃     ᠬᠤᠶᠠᠳᠤᠭᠠᠷ ᠲᠤ᠂ ᠰᠢᠨ᠎ᠡ ᠡᠪᠡᠳᠴᠢᠨ ᠤ ᠰᠢᠨᠵᠢ ᠢᠯᠡᠷᠡᠬᠦ᠂ ᠵᠢᠱᠢᠶᠡᠯᠡᠪᠡᠯ ᠴᠡᠭᠡᠵᠢ ᠡᠪᠡᠳᠬᠦ᠂ ᠠᠮᠢᠰᠬᠤᠯ ᠴᠢᠬᠤᠯᠳᠠᠬᠤ᠂ ᠥᠳᠬᠡᠨ ᠰᠢᠩᠭᠡᠨ ᠮᠥᠷ ᠠᠯᠳᠠᠭᠳᠠᠬᠤ ᠪᠤᠶᠤ ᠭᠡᠨᠡᠳᠲᠡ ᠮᠥᠴᠢ ᠪᠠᠨ ᠬᠥᠳᠡᠯᠭᠡᠵᠦ ᠳᠡᠶᠢᠯᠬᠦ ᠦᠭᠡᠢ ᠪᠣᠯᠬᠤ ᠂ ᠣᠨᠴᠠᠭᠠᠶᠢᠯᠠᠨ ᠥᠷᠥᠭᠡᠰᠦᠨ ᠲᠠᠯ᠎ᠠ ᠶᠢᠨ ᠮᠥᠴᠢ ᠶᠢᠨ ᠬᠥᠳᠡᠯᠭᠡᠭᠡᠨ ᠬᠢᠵᠦ ᠳᠡᠶᠢᠯᠬᠦ ᠦᠭᠡᠢ ᠪᠣᠯᠬᠤ᠂ ᠡᠰᠡᠬᠦᠯ᠎ᠡ ᠬᠤᠭᠤᠯᠠ ᠢᠳᠡᠵᠦ ᠳᠡᠶᠢᠯᠬᠦ ᠦᠭᠡᠢ ᠪᠣᠯᠬᠤ᠂ ᠳᠤᠷ᠎ᠠ ᠪᠣᠯᠭᠢᠵᠤ ᠪᠥᠭᠡᠯᠵᠢᠬᠦ ᠪᠠᠶᠢᠳᠠᠯ ᠢᠯᠡᠷᠡᠬᠦ᠂ ᠡᠰᠡᠬᠦᠯ᠎ᠡ ᠳᠠᠩᠳᠠ ᠤᠨᠲᠠᠬᠤ ᠪᠠᠶᠢᠳᠠᠯ ᠲᠠᠢ ᠪᠣᠯᠬᠤ᠂ ᠬᠥᠮᠥᠨ ᠢ ᠲᠠᠨᠢᠬᠤ ᠦᠭᠡᠢ ᠪᠣᠯᠬᠤ᠂ ᠲᠣᠭᠲᠠᠭᠰᠠᠨ ᠴᠢᠭᠯᠡᠯ ᠤᠨ ᠰᠠᠭᠠᠳ ᠲᠠᠢ ᠪᠣᠯᠬᠤ ᠵᠡᠷᠭᠡ ᠨᠢ ᠪᠦᠷ ᠠᠶᠤᠯ ᠲᠦᠭᠰᠢᠭᠦᠷᠢ ᠶᠢᠨ ᠳᠣᠬᠢᠶ᠎ᠠ ᠪᠣᠯᠣᠨ᠎ᠠ᠃     ᠡᠭᠦᠨ ᠠᠴᠠ ᠭᠠᠳᠠᠨ᠎ᠠ᠂ ᠰᠠᠭᠤᠷᠢ ᠡᠪᠡᠳᠴᠢᠨ ᠨᠢ ᠬᠦᠨᠳᠦᠷᠡᠬᠦ᠂ ᠵᠢᠱᠢᠶᠡᠯᠡᠪᠡᠯ ᠨᠠᠰᠤᠲᠠᠶᠢᠴᠤᠳ ᠤᠤᠯ ᠳᠤ ᠪᠠᠨ ᠵᠢᠷᠦᠬᠡᠨ ᠤ ᠲᠢᠲᠢᠮ ᠡᠪᠡᠳᠴᠢᠨ ᠲᠠᠢ ᠪᠣᠯ᠂ ᠵᠢᠷᠦᠬᠡ ᠪᠠᠵᠠᠯᠠᠨ ᠡᠪᠡᠳᠬᠦ ᠢᠯᠡᠷᠡᠯ ᠲᠠᠢ᠂ ᠤᠤᠯ ᠨᠢ ᠠᠭᠤᠰᠬᠢᠨ ᠤ ᠠᠷᠬᠠᠭ ᠡᠪᠡᠳᠴᠢᠨ ᠪᠤᠶᠤ ᠠᠭᠰᠠᠭ᠎ᠠ ᠲᠠᠢ ᠪᠣᠯ᠂ ᠠᠭᠤᠰᠬᠢᠨ ᠤ ᠠᠷᠬᠠᠭ ᠡᠪᠡᠳᠴᠢᠨ ᠪᠠ ᠠᠭᠰᠠᠭ᠎ᠠ ᠨᠢ ᠬᠦᠨᠳᠦᠷᠡᠬᠦ ᠢᠯᠡᠷᠡᠯ ᠲᠠᠢ ᠪᠠᠶᠢᠵᠤ᠂ ᠬᠦᠨᠳᠦᠷᠡᠬᠦ ᠦᠶ᠎ᠡ ᠳᠤ ᠨᠠᠰᠤᠲᠠᠶᠢᠴᠤᠳ ᠡᠷᠬᠡᠪᠰᠢ ᠡᠮᠨᠡᠭᠦᠯᠬᠦ ᠴᠢᠬᠤᠯᠠᠲᠠᠢ ᠶᠢ ᠣᠨᠴᠠᠭᠠᠶᠢᠯᠠᠨ ᠰᠠᠨᠠᠭᠤᠯᠵᠤ ᠪᠠᠶᠢᠨ᠎ᠠ᠃      ᠡᠭᠦᠨ ᠠᠴᠠ ᠭᠠᠳᠠᠨ᠎ᠠ᠂ ᠵᠠᠷᠢᠮ ᠰᠠᠭᠤᠷᠢ ᠡᠪᠡᠳᠴᠢᠨ ᠤ ᠲᠣᠰ ᠪᠡᠶ᠎ᠡ ᠨᠢ ᠲᠣᠭᠲᠠᠭᠤᠨ ᠪᠤᠰᠤ ᠪᠠᠶᠢᠳᠠᠭ᠂ ᠵᠢᠱᠢᠶᠡᠯᠡᠪᠡᠯ ᠠᠮᠢᠰᠬᠤᠯ ᠤᠨ ᠰᠢᠰᠲ᠋ᠧᠮ ᠤᠨ ᠬᠦᠨᠳᠦ ᠡᠪᠡᠳᠴᠢᠨ ᠲᠠᠢ᠂ ᠵᠢᠷᠦᠬᠡᠨ ᠤ ᠬᠦᠨᠳᠦ ᠡᠪᠡᠳᠴᠢᠨ ᠲᠠᠢ᠂ ᠡᠰᠡᠬᠦᠯ᠎ᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠭᠰᠡᠨ ᠦᠭᠡᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠬᠦᠨᠳᠦ ᠢᠯᠡᠷᠡᠯ ᠲᠠᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠠᠶᠤᠯ ᠶᠡᠬᠡᠲᠡᠢ ᠬᠥᠮᠥᠰ ᠤᠨ ᠳᠤᠮᠳᠠ ᠠᠶᠤᠯ ᠶᠡᠬᠡᠲᠡᠢ ᠬᠥᠮᠥᠰ ᠪᠣᠯᠬᠤᠷ ᠣᠨᠴᠠᠭᠠᠶ ᠠᠩᠬᠠᠷᠬᠤ ᠴᠢᠬᠤᠯᠠᠲᠠᠢ ᠶᠤᠮ᠃      ᠶᠠᠭᠠᠬᠢᠭᠠᠳ ᠸᠠᠺᠼᠢᠨ ᠤ ᠲᠠᠷᠢᠯᠭ᠎ᠠ ᠬᠢᠭᠰᠡᠨ ᠦᠭᠡᠢ ᠨᠠᠰᠤᠲᠠᠶᠢᠴᠤᠳ ᠤᠨ ᠠᠶᠤᠯ ᠲᠦᠭᠰᠢᠭᠦᠷᠢ ᠨᠢ ᠶᠡᠭᠡ ᠪᠠᠶᠢᠳᠠᠭ ᠪᠣᠶ︖     ᠡᠭᠦᠨ ᠳᠤ ᠬᠤᠶᠠᠷ ᠰᠢᠯᠲᠠᠭᠠᠨ ᠪᠣᠶ᠂ ᠨᠢᠭᠡ ᠳᠤ᠂ ᠨᠠᠰᠤ ᠨᠢ ᠨᠡᠮᠡᠭᠳᠡᠬᠦ ᠶᠢ ᠳᠠᠭᠠᠯᠳᠤᠨ᠂ ᠲᠡᠭᠦᠨ ᠤ ᠡᠭᠡᠯᠢᠯᠡᠭᠡ ᠶᠢᠨ ᠴᠢᠳᠠᠪᠤᠷᠢ ᠨᠢ ᠮᠠᠭᠤᠳᠠᠵᠤ ᠪᠠᠶᠢᠨ᠎ᠠ᠂ ᠬᠤᠶᠠᠷ ᠲᠤ᠂ ᠣᠯᠠᠩᠬᠢ ᠨᠠᠰᠤᠲᠠᠶᠢᠴᠤᠳ ᠴᠥᠮ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ᠂ ᠡᠨᠡ ᠬᠦ ᠰᠠᠭᠤᠷᠢ ᠴᠢᠨᠠᠷᠲᠠᠢ ᠡᠪᠡᠳᠴᠢᠨ ᠢ ᠬᠦᠨᠳᠦᠷᠡᠬᠦ ᠲᠦᠭᠰᠢᠭᠦᠷᠢ ᠲᠠᠢ ᠪᠠᠶᠢᠳᠠᠭ᠃ᠡᠶᠢᠮᠦ ᠪᠠᠶᠢᠳᠠᠯ ᠳᠣᠣᠷ᠎ᠠ᠂ ᠨᠠᠰᠤᠲᠠᠶᠢᠴᠤᠳ ᠭᠠᠭᠴᠠᠭᠠᠷ ᠰᠠᠭᠤᠵᠤ ᠪᠠᠶᠢᠭᠰᠠᠨ ᠴᠤ ᠲᠡᠷᠡ᠂ ᠭᠡᠷ ᠤᠨ ᠬᠥᠮᠥᠰ ᠲᠠᠢ ᠪᠠᠨ ᠬᠠᠮᠲᠤ ᠰᠠᠭᠤᠵᠤ ᠪᠠᠶᠢᠭᠰᠠᠨ ᠴᠤ ᠲᠡᠷᠡ᠂ ᠸᠠᠺᠼᠢᠨ ᠤ ᠲᠠᠷᠢᠯᠭ᠎ᠠ ᠶᠢ ᠬᠢᠵᠦ ᠳᠠᠭᠤᠰᠬᠠᠭᠰᠠᠨ ᠦᠭᠡᠢ ᠯᠡ ᠶᠤᠮ ᠪᠣᠯ᠂ ᠲᠠᠷᠢᠯᠭ᠎ᠠ ᠶᠢ ᠬᠢᠵᠦ ᠳᠠᠭᠤᠰᠬᠠᠬᠤ ᠶᠢ ᠰᠠᠨᠠᠭᠤᠯᠵᠤ ᠪᠠᠶᠢᠨ᠎ᠠ᠃ ᠡᠭᠦᠨ ᠳᠤ ᠪᠥᠬᠦ ᠶᠠᠪᠤᠴᠠ ᠶᠢᠨ ᠲᠠᠷᠢᠯᠭ᠎ᠠ᠂ ᠴᠢᠩᠭᠠᠳᠬᠠᠬᠤ ᠲᠠᠷᠢᠯᠭ᠎ᠠ ᠶᠢ ᠪᠠᠭᠲᠠᠭᠠᠨ᠎ᠠ᠃     ᠡᠭᠦᠨ ᠠᠴᠠ ᠡᠮᠦᠨ᠎ᠡ ᠨᠥᠬᠦᠴᠡᠯ ᠳᠤ ᠨᠡᠶᠢᠴᠡᠬᠦ ᠦᠭᠡᠢ ᠨᠠᠰᠤᠲᠠᠶᠢᠴᠤᠳ ᠲᠤ ᠬᠡᠵᠢᠶᠡᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ ᠦᠦ︖      ᠸᠠᠺᠼᠢᠨ ᠤ ᠲᠠᠷᠢᠯᠭ᠎ᠠ ᠬᠢᠬᠦ ᠶᠠᠪᠤᠴᠠ ᠳᠤ ᠪᠢᠳᠡ ᠡᠶᠢᠮᠦ ᠨᠢᠭᠡᠨ ᠴᠢᠩᠭ᠎ᠠ ᠴᠡᠭᠡᠷ ᠪᠠᠶᠢᠳᠠᠭ᠂ ᠲᠤᠬᠠᠶᠢᠯᠠᠪᠠᠯ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠬᠦᠨᠳᠦ ᠨᠣᠴᠢᠲᠠᠢ ᠬᠠᠷᠰᠢᠮᠠᠲᠠᠭᠠᠢ ᠤᠷᠪᠠᠯ ᠭᠠᠷᠤᠭᠰᠠᠨ ᠪᠣᠯ ᠡᠨᠡ ᠬᠦ ᠸᠠᠺᠼᠢᠨ ᠢ ᠳᠠᠬᠢᠵᠤ ᠳᠠᠷᠢᠵᠤ ᠪᠣᠯᠬᠤ ᠦᠭᠡᠢ᠃ ᠪᠤᠰᠤᠳ ᠣᠯᠠᠩᠬᠢ ᠪᠠᠶᠢᠳᠠᠯ ᠨᠢ ᠴᠥᠮ ᠠᠯᠭᠤᠷ ᠲᠠᠷᠢᠯᠭ᠎ᠠ ᠬᠢᠵᠦ ᠪᠣᠯᠬᠤ ᠪᠠᠶᠢᠳᠠᠯ ᠳᠤ ᠲᠣᠭᠠᠴᠠᠭᠳᠠᠨ᠎ᠠ᠂ ᠡᠭᠦᠨ ᠳᠤ ᠡᠮᠦᠨᠡᠬᠢ ᠬᠤᠭᠤᠴᠠᠭᠠᠨ ᠳᠤ ᠰᠠᠭᠤᠷᠢ ᠴᠢᠨᠠᠷᠲᠠᠢ ᠡᠪᠡᠳᠴᠢᠨ ᠠᠴᠠ ᠪᠣᠯᠵᠤ ᠦᠨᠡᠯᠡᠨ ᠵᠢᠱᠢᠬᠦ ᠶᠠᠪᠤᠴᠠ ᠳᠤ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ ᠪᠠᠶᠢᠳᠠᠯ ᠢ ᠪᠠᠭᠲᠠᠭᠠᠨ᠎ᠠ᠂ ᠡᠭᠦᠨ ᠳᠤ ᠣᠯᠠᠩᠬᠢ ᠨᠢ ᠠᠯᠭᠤᠷ ᠲᠠᠷᠢᠯᠭ᠎ᠠ ᠬᠢᠬᠦ ᠪᠠᠶᠢᠳᠠᠯ ᠳᠤ ᠲᠣᠭᠠᠴᠠᠭᠳᠠᠨ᠎ᠠ᠃      ᠬᠡᠷᠪᠡ ᠨᠠᠰᠤᠲᠠᠶᠢᠴᠤᠳ ᠰᠠᠭᠤᠷᠢ ᠴᠢᠨᠠᠷᠲᠠᠢ ᠡᠪᠡᠳᠴᠢᠨ ᠲᠠᠢ ᠪᠣᠯ ᠡᠬᠢᠨ ᠤ ᠬᠤᠭᠤᠴᠠᠭᠠᠨ ᠳᠤ ᠲᠦᠷᠭᠡᠨ ᠴᠢᠨᠠᠷᠲᠠᠢ ᠬᠥᠳᠡᠯᠬᠦ ᠬᠤᠭᠤᠴᠠᠭᠠᠨ ᠳᠤ ᠣᠷᠣᠰᠢᠵᠤ᠂ ᠬᠡᠰᠡᠭ ᠬᠤᠭᠤᠴᠠᠭ᠎ᠠ ᠡᠮᠨᠡᠭᠦᠯᠦᠭᠰᠡᠨ ᠤ ᠳᠠᠷᠠᠭ᠎ᠠ ᠲᠣᠭᠲᠠᠮᠠᠯ ᠬᠤᠭᠤᠴᠠᠭᠠᠨ ᠳᠤ ᠣᠷᠣᠰᠢᠬᠤ᠂ ᠥᠭᠡᠷ᠎ᠡ ᠪᠠᠷ ᠬᠡᠯᠡᠪᠡᠯ ᠣᠨᠴᠠᠭᠠᠶ ᠵᠠᠰᠠᠯ ᠠᠴᠠ ᠪᠣᠯᠵᠤ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ ᠪᠠᠶᠢᠭᠰᠠᠨ ᠪᠣᠯ᠂ ᠡᠶᠢᠮᠦᠷᠬᠦᠦ ᠣᠨᠴᠠᠭᠠᠶ ᠵᠠᠰᠠᠯ ᠨᠢ ᠳᠠᠭᠤᠰᠤᠭᠰᠠᠨ ᠤ ᠳᠠᠷᠠᠭ᠎ᠠ ᠡᠲᠡᠭᠡᠷ ᠬᠥᠮᠥᠰ ᠴᠥᠮ ᠲᠠᠷᠢᠯᠭ᠎ᠠ ᠬᠢᠬᠦ ᠶᠢ ᠪᠣᠳᠣᠯᠬᠢᠯᠠᠵᠤ ᠪᠣᠯᠣᠨ᠎ᠠ᠃ ᠢᠯᠠᠩᠭᠤᠶ᠎ᠠ ᠣᠳᠣᠬᠠᠨ ᠳᠤ ᠡᠶᠢᠮᠦᠷᠬᠦᠦ ᠬᠢᠵᠢᠭ ᠳᠡᠯᠭᠡᠷᠡᠬᠦ ᠬᠦᠴᠦᠯᠡᠴᠡ ᠨᠢ ᠨᠡᠯᠢᠶᠡᠳ ᠴᠢᠩᠭ᠎ᠠ ᠂ ᠬᠠᠯᠳᠠᠪᠤᠷᠢᠯᠠᠬᠤ ᠡᠬᠢ ᠰᠤᠷᠪᠤᠯᠵᠢ ᠨᠢ ᠨᠡᠯᠢᠶᠡᠳ ᠠᠷᠪᠢᠨ ᠪᠠᠶᠢᠬᠤ ᠪᠠᠶᠢᠳᠠᠯ ᠳᠣᠣᠷ᠎ᠠ᠂ ᠡᠲᠡᠭᠡᠷ ᠬᠥᠮᠥᠰ ᠲᠤ ᠳᠠᠬᠢᠨᠲᠠ ᠦᠨᠡᠯᠡᠨ ᠵᠢᠱᠢᠯᠲᠡ ᠬᠢᠵᠦ ᠲᠠᠷᠢᠯᠭ᠎ᠠ ᠬᠢᠵᠦ ᠪᠣᠯᠬᠤ ᠳᠤ ᠬᠦᠷᠪᠡᠯ ᠳᠠᠷᠤᠢ ᠲᠠᠷᠢᠯᠭ᠎ᠠ ᠬᠢᠵᠦ ᠪᠣᠯᠣᠨ᠎ᠠ᠃      ᠵᠢᠷᠦᠬᠡ ᠴᠢᠰᠤᠨ ᠰᠤᠳᠠᠯ ᠤᠨ ᠡᠪᠡᠳᠴᠢᠲᠡᠨ      ᠵᠢᠷᠦᠬᠡ ᠴᠢᠰᠤᠨ ᠰᠤᠳᠠᠯ ᠤᠨ ᠡᠪᠡᠳᠴᠢᠲᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠭᠳᠠᠭᠰᠠᠨ ᠤ ᠳᠠᠷᠠᠭ᠎ᠠ᠂ ᠭᠡᠷ ᠲᠤ ᠪᠠᠨ ᠡᠮᠨᠡᠨ ᠵᠠᠰᠠᠬᠤ ᠳᠤ ᠶᠠᠭᠤ ᠶᠢ ᠠᠩᠬᠠᠷᠪᠠᠯ ᠵᠣᠬᠢᠬᠤ ᠪᠣᠢ︖       ᠤᠤᠯ ᠨᠢ ᠵᠢᠷᠦᠬᠡ ᠴᠢᠰᠤᠨ ᠰᠤᠳᠠᠯ ᠤᠨ ᠰᠠᠭᠤᠷᠢ ᠡᠪᠡᠳᠴᠢᠨ ᠲᠠᠢ ᠬᠥᠮᠥᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠴᠦ ᠰᠠᠨᠠᠭ᠎ᠠ ᠵᠣᠪᠠᠭ᠋ᠤ ᠬᠡᠷᠡᠭ ᠦᠭᠡᠢ᠂ ᠲᠡᠳᠡ ᠭᠡᠷ ᠲᠤ ᠪᠠᠨ ᠰᠠᠭᠤᠵᠤ ᠤᠤᠯ ᠤᠨ ᠡᠪᠡᠳᠴᠢᠨ ᠢᠶᠠᠨ ᠰᠠᠶᠢᠲᠤᠷ ᠵᠠᠰᠠᠭᠤᠯᠬᠤ ᠬᠡᠷᠡᠭᠲᠡᠢ᠂ ᠲᠡᠳᠡᠨᠦᠰ ᠤᠨ ᠣᠯᠠᠩᠬᠢ ᠨᠢ ᠪᠦᠷ ᠵᠢᠷᠦᠬᠡᠨ ᠤ ᠲᠢᠲᠢᠮ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠪᠤᠶᠤ ᠵᠢᠷᠦᠬᠡ ᠮᠠᠭᠤᠳᠠᠬᠤ ᠮᠡᠲᠦ ᠶᠢᠨ ᠡᠪᠡᠳᠴᠢᠨ ᠳᠤ ᠨᠡᠷᠪᠡᠭᠳᠡᠵᠦ᠂ ᠪᠦᠷ ᠰᠠᠭᠤᠷᠢ ᠡᠪᠡᠳᠴᠢᠨ ᠤ ᠡᠮ ᠤᠤᠭᠤᠵᠤ ᠪᠠᠶᠢᠳᠠᠭ᠃       ᠶᠡᠭᠡ ᠪᠠᠷ ᠬᠠᠯᠠᠭᠤᠷᠠᠭᠰᠠᠨ ᠤ ᠳᠠᠷᠠᠭ᠎ᠠ ᠤᠰᠤ ᠠᠷᠪᠢᠨ ᠤᠤᠭᠤᠪᠠᠯ ᠵᠢᠷᠦᠬᠡ ᠮᠠᠭᠤᠳᠠᠬᠤ ᠢᠯᠡᠷᠡᠯ ᠢ ᠨᠥᠯᠥᠭᠡᠯᠡᠵᠦ ᠮᠡᠳᠡᠨ᠎ᠡ᠂ ᠵᠢᠱᠢᠶᠡᠯᠡᠪᠡᠯ ᠪᠤᠯᠴᠢᠩ ᠮᠢᠬ᠎ᠠ ᠱᠠᠷᠬᠢᠷᠠᠵᠤ ᠡᠪᠡᠳᠬᠦ ᠶᠢ ᠨᠠᠮᠳᠠᠭᠤᠯᠬᠤ ᠡᠮ ᠪᠠ ᠵᠢᠷᠦᠬᠡ ᠴᠢᠰᠤᠨ ᠰᠤᠳᠠᠯ ᠤᠨ ᠵᠠᠰᠠᠯ ᠤᠨ ᠡᠮ ᠵᠡᠷᠭᠡ ᠨᠢ ᠣᠳᠣᠬᠠᠨ ᠳᠤ ᠲᠡᠳᠡᠭᠡᠷ ᠤᠨ ᠬᠤᠭᠤᠷᠣᠨᠳᠣᠬᠢ ᠡᠰᠡᠷᠭᠦ ᠦᠢᠯᠡᠳᠦᠯ ᠢ ᠬᠠᠷᠠᠬᠠᠨ ᠣᠯᠵᠤ ᠮᠡᠳᠡᠭᠡᠳᠦᠢ᠂ ᠡᠶᠢᠮᠦ ᠠᠴᠠ ᠰᠠᠨᠠᠭ᠎ᠠ ᠵᠣᠪᠠᠭᠰᠠᠨ ᠤ ᠬᠡᠷᠡᠭ ᠠᠯᠠᠭ᠎ᠠ᠃ ᠤᠴᠢᠷ ᠨᠢ ᠠᠩᠬᠠᠷᠬᠤ ᠴᠢᠬᠤᠯᠠᠲᠠᠢ ᠭᠤᠣᠯ ᠠᠰᠠᠭᠤᠳᠠᠯ ᠭᠡᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠢ ᠡᠭᠦᠰᠬᠡᠬᠦ ᠪᠠ ᠬᠦᠨᠳᠦᠷᠡᠭᠦᠯᠬᠦ ᠶᠠᠪᠤᠳᠠᠯ ᠪᠠᠶᠢᠵᠤ᠂ ᠵᠢᠷᠦᠬᠡᠨ ᠤ ᠰᠠᠭᠤᠷᠢ ᠡᠪᠡᠳᠴᠢᠨ ᠢ ᠰᠠᠶᠢᠲᠤᠷ ᠵᠠᠰᠠᠬᠤ ᠳᠤ᠂ ᠤᠤᠯ ᠤᠨ ᠪᠠᠶᠢᠭᠰᠠᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠮ ᠢᠶᠠᠨ ᠰᠠᠶᠢᠲᠤᠷ ᠬᠡᠷᠡᠭᠯᠡᠵᠦ᠂ ᠪᠡᠶ᠎ᠡ ᠮᠠᠬᠠᠪᠤᠳ ᠤᠨ ᠡᠭᠡᠯᠢᠯᠡᠭᠡ ᠶᠢᠨ ᠴᠢᠳᠠᠯ ᠢᠶᠠᠨ ᠨᠡᠮᠡᠭᠳᠡᠭᠦᠯᠦᠨ᠂ ᠤᠨᠲᠠᠯᠭ᠎ᠠ ᠪᠠᠨ ᠰᠠᠶᠢᠵᠢᠷᠠᠭᠤᠯᠵᠤ᠂ ᠪᠤᠬᠢᠨᠢᠳᠤᠵᠤ ᠵᠣᠪᠠᠭ᠋ᠤ ᠪᠣᠳᠣᠯ ᠢ ᠲᠡᠪᠴᠢᠬᠦ ᠬᠡᠷᠡᠭᠲᠡᠢ᠃ ᠣᠯᠠᠩᠬᠢ ᠵᠢᠷᠦᠬᠡᠨ ᠤ ᠡᠪᠡᠳᠴᠢᠲᠡᠨ ᠨᠢ ᠮᠠᠰᠢ ᠣᠯᠠᠨ ᠨᠠᠵᠠᠭᠠᠢ ᠰᠤᠷᠠᠭ ᠴᠢᠮᠡᠭᠡ ᠶᠢ ᠣᠯᠵᠤ ᠰᠣᠨᠣᠰᠤᠭᠰᠠᠭᠠᠷ ᠳᠠᠷᠤᠢ ᠡᠪᠡᠳᠴᠢᠨ ᠨᠢ ᠬᠦᠨᠳᠦᠷᠡᠳᠡᠭ᠃ ᠡᠶᠢᠮᠦ ᠠᠴᠠ ᠠᠶᠤᠵᠤ ᠰᠦᠷᠳᠡᠭᠰᠡᠨ ᠤ ᠬᠡᠷᠡᠭ ᠦᠭᠡᠢ᠂ ᠡᠶᠢᠮᠦᠷᠬᠦᠦ ᠰᠡᠳᠬᠢᠴᠡ ᠶᠢ ᠢᠯᠠᠨ ᠳᠠᠪᠠᠭ᠋ᠤ ᠬᠡᠷᠡᠭᠲᠡᠢ᠃ ᠡᠭᠦᠨ ᠠᠴᠠ ᠭᠠᠳᠠᠨ᠎ᠠ ᠤᠷᠲᠤ ᠬᠤᠭᠤᠴᠠᠭ᠎ᠠ ᠪᠠᠷ ᠤᠤᠭᠤᠵᠤ ᠪᠠᠶᠢᠭᠰᠠᠨ ᠵᠢᠷᠦᠬᠡ ᠴᠢᠰᠤᠨ ᠰᠤᠳᠠᠯ ᠤᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠡᠮ ᠢᠶᠠᠨ ᠵᠣᠭᠰᠣᠭᠠᠵᠤ ᠪᠣᠯᠬᠤ ᠦᠭᠡᠢ᠂ ᠡᠮ ᠤᠤᠭᠤᠬᠤ ᠪᠠᠨ ᠵᠣᠭᠰᠣᠪᠠᠯ ᠡᠪᠡᠳᠴᠢᠨ ᠢ ᠡᠭᠦᠰᠬᠡᠬᠦ ᠪᠤᠶᠤ ᠬᠦᠨᠳᠦᠷᠡᠭᠦᠯᠵᠦ ᠮᠡᠳᠡᠨ᠎ᠡ᠃ ᠬᠡᠷᠪᠡ ᠦᠷᠭᠦᠯᠵᠢᠯᠡᠭᠰᠡᠨ ᠴᠢᠨᠠᠷᠲᠠᠢ ᠴᠡᠭᠡᠵᠢ ᠡᠪᠡᠳᠬᠦ ᠳᠤ ᠬᠦᠷᠪᠡᠯ ᠡᠮᠨᠡᠯᠭᠡ ᠳᠤ ᠣᠴᠢᠵᠤ ᠪᠠᠶᠢᠴᠠᠭᠠᠯᠭᠠᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ 24 ᠴᠠᠭ ᠲᠤ ᠪᠦᠷ ᠨᠡᠭᠡᠭᠡᠯᠲᠡᠲᠡᠢ ᠪᠠᠶᠢᠵᠤ᠂ ᠤᠯᠠᠮ ᠨᠢᠭᠡ ᠠᠯᠬᠤᠮ ᠣᠨᠣᠰᠢᠯᠠᠬᠤ ᠪᠠ ᠡᠮᠨᠡᠨ ᠵᠠᠰᠠᠭᠤᠯᠵᠤ ᠪᠣᠯᠣᠨ᠎ᠠ᠃       ᠵᠢᠷᠦᠬᠡ ᠴᠢᠰᠤᠨ ᠰᠤᠳᠠᠯ ᠤᠨ ᠡᠪᠡᠳᠴᠢᠲᠡᠨ ᠬᠠᠯᠳᠠᠪᠤᠷᠢᠯᠠᠯ ᠢ ᠬᠡᠷᠬᠢᠨ ᠰᠡᠷᠭᠡᠶᠢᠯᠡᠬᠦ ᠪᠣᠢ︖      ᠤᠤᠯ ᠳᠤ ᠪᠠᠨ ᠵᠢᠷᠦᠬᠡ ᠴᠢᠰᠤᠨ ᠰᠤᠳᠠᠯ ᠤᠨ ᠡᠪᠡᠳᠴᠢᠨ ᠲᠠᠢ ᠬᠥᠮᠥᠰ᠂ ᠣᠨᠴᠠᠭᠠᠶᠢᠯᠠᠨ ᠴᠢᠰᠤᠨ ᠳᠠᠷᠤᠯᠲᠠ ᠥᠨᠳᠥᠷ᠂ ᠵᠢᠷᠦᠬᠡᠨ ᠤ ᠲᠢᠲᠢᠮ ᠡᠪᠡᠳᠴᠢᠨ᠂ ᠵᠢᠷᠦᠬᠡ ᠮᠠᠭᠤᠳᠠᠬᠤ ᠵᠡᠷᠭᠡ ᠡᠪᠡᠳᠴᠢᠲᠡᠨ᠂ ᠪᠠᠰᠠ ᠵᠢᠷᠦᠬᠡᠨ ᠤ ᠵᠠᠰᠠᠯ ᠬᠢᠯᠭᠡᠭᠰᠡᠨ ᠡᠪᠡᠳᠴᠢᠲᠡᠨ᠂ ᠡᠰᠡᠬᠦᠯ᠎ᠡ ᠵᠢᠷᠦᠬᠡᠨ ᠤ ᠭᠠᠳᠠᠷ ᠮᠡᠰᠡ ᠵᠠᠰᠠᠯ ᠬᠢᠯᠭᠡᠭᠰᠡᠨ ᠡᠪᠡᠳᠴᠢᠲᠡᠨ ᠭᠡᠷ ᠲᠤ ᠪᠠᠨ ᠰᠠᠭᠤᠬᠤ ᠳᠤ ᠪᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠠᠴᠠ ᠣᠨᠴᠠᠭᠠᠶᠢᠯᠠᠨ ᠰᠡᠷᠭᠡᠶᠢᠯᠡᠬᠦ ᠬᠡᠷᠡᠭᠲᠡᠢ᠃       ᠳᠣᠣᠷᠠᠬᠢ ᠳᠥᠷᠪᠡᠨ ᠲᠠᠯ᠎ᠠ ᠨᠢ ᠣᠯᠠᠨ ᠤᠯᠤᠰ ᠤᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠠᠴᠠ ᠲᠣᠭᠲᠠᠭᠠᠭᠰᠠᠨ ᠭᠡᠷ ᠪᠦᠯᠢ ᠶᠢᠨ ᠠᠮᠢᠳᠤᠷᠠᠯ ᠤᠨ ᠵᠠᠷᠴᠢᠮ ᠪᠣᠯᠣᠨ᠎ᠠ᠄       ᠨᠢᠭᠡᠳᠦᠭᠡᠷ ᠲᠤ᠂ ᠢᠳᠡᠭᠡᠨ ᠤᠮᠳᠠᠭᠠᠨ ᠢᠶᠠᠨ ᠵᠣᠬᠢᠰᠲᠠᠢ ᠪᠠᠶᠢᠯᠭᠠᠬᠤ ᠬᠡᠷᠡᠭᠲᠡᠢ᠃ ᠰᠢᠬᠢᠷ ᠲᠣᠰᠣ ᠳᠠᠪᠤᠰᠤ ᠶᠢ ᠬᠡᠲᠦᠷᠡᠲᠡᠯ᠎ᠡ ᠢᠳᠡᠪᠡᠯ ᠯᠠᠪᠲᠠᠢ ᠡᠷᠡᠭᠦᠯ ᠮᠡᠨᠳᠦ ᠳᠤ ᠠᠰᠢᠭ ᠦᠭᠡᠢ ᠪᠠᠶᠢᠵᠤ᠂ ᠵᠢᠷᠦᠬᠡᠨ ᠤ ᠳᠠᠭᠠᠭᠠᠴᠠ ᠶᠢ ᠨᠡᠮᠡᠭᠳᠡᠭᠦᠯᠦᠨ᠎ᠡ᠂ ᠡᠶᠢᠮᠦ ᠠᠴᠠ ᠵᠠᠪᠠᠯ ᠰᠢᠬᠢᠷ ᠲᠣᠰᠣ ᠳᠠᠪᠤᠰᠤ ᠢᠳᠡᠬᠦ ᠬᠡᠮᠵᠢᠶ᠎ᠡ ᠪᠠᠨ ᠬᠢᠵᠠᠭᠠᠷᠯᠠᠬᠤ ᠬᠡᠷᠡᠭᠲᠡᠢ᠃        ᠬᠤᠶᠠᠳᠤᠭᠠᠷ ᠲᠤ᠂ ᠲᠠᠮᠠᠬᠢ ᠪᠠᠨ ᠵᠣᠭᠰᠣᠵᠤ ᠠᠷᠢᠬᠢ ᠪᠠᠨ ᠬᠢᠵᠠᠭᠠᠷᠯᠠᠨ᠎ᠠ᠃ ᠣᠯᠠᠩᠬᠢ ᠬᠥᠮᠥᠰ 65 ᠭᠷᠡᠳᠦ᠋ᠰ ᠠᠴᠠ ᠳᠡᠭᠡᠭᠰᠢᠬᠢ ᠠᠷᠢᠬᠢ ᠨᠢ ᠰᠢᠨ᠎ᠡ ᠲᠢᠲᠢᠮᠯᠢᠭ ᠸᠢᠷᠦ᠋ᠰ ᠢ ᠠᠯᠠᠵᠤ ᠳᠡᠶᠢᠯᠦᠨ᠎ᠡ ᠭᠡᠵᠦ ᠦᠵᠡᠳᠡᠭ᠂ ᠭᠡᠪᠡᠴᠦ ᠠᠷᠢᠬᠢ ᠤᠤᠭᠤᠪᠠᠯ ᠯᠠᠪᠲᠠᠢ ᠤᠷᠢᠳ ᠢᠶᠠᠷ ᠵᠢᠷᠦᠬᠡᠨ ᠡᠪᠡᠳᠴᠢᠨ ᠢ ᠬᠥᠳᠡᠯᠭᠡᠨ᠎ᠡ᠃ ᠡᠶᠢᠮᠦ ᠠᠴᠠ ᠲᠠᠮᠠᠬᠢ ᠪᠠᠨ ᠵᠣᠭᠰᠣᠵᠤ ᠠᠷᠢᠬᠢ ᠪᠠᠨ ᠬᠢᠵᠠᠭᠠᠷᠯᠠᠬᠤ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠯᠠᠪ ᠠᠰᠢᠭᠲᠠᠢ ᠭᠡᠳᠡᠭ ᠢ ᠣᠯᠠᠨ ᠳᠤ ᠰᠠᠨᠠᠭᠤᠯᠵᠤ ᠪᠠᠶᠢᠨ᠎ᠠ᠃       ᠭᠤᠷᠪᠠᠳᠤᠭᠠᠷ ᠲᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠨ᠎ᠡ᠃ ᠭᠡᠷ ᠲᠤ ᠪᠠᠨ ᠪᠠᠶᠢᠬᠤ ᠬᠤᠭᠤᠴᠠᠭᠠᠨ ᠳᠤ ᠪᠠᠨ ᠵᠢᠷᠦᠬᠡ ᠴᠢᠰᠤᠨ ᠰᠤᠳᠠᠯ ᠤᠨ ᠰᠠᠭᠤᠷᠢ ᠡᠪᠡᠳᠴᠢᠨ ᠲᠠᠢ ᠪᠣᠯ ᠶᠡᠷᠦ ᠳᠤ ᠪᠠᠨ ᠪᠤᠯᠴᠢᠩ ᠤᠨ ᠬᠥᠳᠡᠯᠭᠡᠭᠡᠨ ᠬᠢᠬᠦ ᠶᠢ ᠠᠩᠬᠠᠷᠴᠤ᠂ ᠬᠦᠴᠢᠯᠲᠥ᠋ᠷᠥᠭᠴᠢ ᠦᠭᠡᠢ ᠬᠥᠳᠡᠯᠭᠡᠭᠡᠨ ᠬᠢᠵᠦ᠂ ᠶᠠᠯᠢᠩ ᠡᠷᠭᠦᠬᠦ ᠪᠤᠶᠤ ᠤᠰᠤᠨ ᠯᠣᠩᠬᠤ ᠪᠠᠷ ᠮᠥᠴᠢ ᠶᠢᠨ ᠬᠥᠳᠡᠯᠭᠡᠭᠡᠨ ᠬᠢᠵᠦ ᠪᠣᠯᠣᠨ᠎ᠠ᠂ ᠮᠥᠴᠢ ᠶᠢᠨ ᠬᠥᠳᠡᠯᠭᠡᠭᠡᠨ ᠨᠢ ᠵᠢᠷᠦᠬᠡᠨ ᠤ ᠠᠵᠢᠯᠯᠠᠭ᠎ᠠ ᠪᠠ ᠵᠢᠷᠦᠬᠡᠨ ᠤ ᠴᠢᠰᠤᠨ ᠰᠤᠳᠠᠯ ᠳᠤ ᠪᠦᠷ ᠰᠠᠶᠢᠨ ᠪᠠᠶᠢᠳᠠᠭ᠃       ᠳᠥᠷᠪᠡᠳᠦᠭᠡᠷ ᠲᠤ᠂ ᠰᠡᠳᠬᠢᠯ ᠰᠠᠨᠠᠭ᠎ᠠ ᠪᠠᠨ ᠲᠠᠶᠢᠪᠤᠭᠤᠨ ᠪᠠᠶᠢᠯᠭᠠᠨ᠎ᠠ᠃ ᠠᠶᠤᠵᠤ ᠰᠦᠷᠳᠡᠬᠦ ᠶᠢ ᠢᠯᠠᠨ ᠳᠠᠪᠠᠭ᠋ᠤ ᠬᠡᠷᠡᠭᠲᠡᠢ᠃ ᠡᠨᠡ ᠬᠦ ᠰᠢᠨ᠎ᠡ ᠲᠢᠲᠢᠮᠯᠢᠭ ᠸᠢᠷᠦ᠋ᠰ ᠨᠢ ᠶᠠᠭ ᠪᠢᠳᠡᠨ ᠤ ᠲᠡᠯᠡᠶ ᠪᠠᠷ ᠠᠶᠠᠯᠠᠬᠤ ᠲᠠᠢ ᠠᠳᠠᠯᠢ ᠪᠠᠶᠢᠵᠤ᠂ ᠯᠠᠪᠲᠠᠢ ᠢᠯᠠᠨ ᠳᠠᠪᠠᠵᠤ ᠴᠢᠳᠠᠨ᠎ᠠ᠃ ᠵᠢᠷᠦᠬᠡ ᠴᠢᠰᠤᠨ ᠰᠤᠳᠠᠯ ᠤᠨ ᠡᠪᠡᠳᠴᠢᠨ ᠢᠶᠠᠨ ᠬᠦᠨᠳᠦᠷᠡᠭᠦᠯᠵᠦ ᠪᠣᠯᠬᠤ ᠦᠭᠡᠢ᠂ ᠭᠡᠷ ᠲᠤ ᠪᠠᠨ ᠰᠠᠭᠤᠬᠤ ᠳᠤ ᠪᠠᠨ ᠴᠤ ᠡᠪᠡᠳᠴᠢᠨ ᠡᠭᠦᠰᠴᠦ ᠬᠦᠨᠳᠦᠷᠡᠬᠦ ᠠᠴᠠ ᠰᠡᠷᠭᠡᠶᠢᠯᠡᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号