ᠪᠤᠭᠤᠲᠤ ᠶᠢᠨ ᠺᠦᠨᠯᠦ᠋ᠨ ᠴᠠᠨᠠᠯᠠᠯᠳᠠ ᠶᠢᠨ ᠲᠠᠯᠠᠪᠠᠶ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠰᠦᠯᠵᠢᠶᠡᠨ ᠤ ᠬᠠᠯᠠᠮᠰᠢᠯ ᠭᠠᠵᠠᠷ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2022/12/25
   ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ︽2022 ᠣᠨ ᠤ ᠥᠪᠥᠷ ᠮᠣᠩᠭᠤᠯ ᠤᠨ ᠰᠦᠯᠵᠢᠶᠡᠨ ᠤ ᠬᠠᠯᠠᠮᠰᠢᠯ ᠭᠠᠵᠠᠷ︾ ᠢ ᠰᠢᠯᠭᠠᠷᠠᠭᠤᠯᠬᠤ ᠠᠵᠢᠯᠯᠠᠭ᠎ᠠ ᠠᠴᠠ ︽2022 ᠣᠨ ᠤ ᠥᠪᠥᠷ ᠮᠣᠩᠭᠤᠯ ᠤᠨ ᠰᠦᠯᠵᠢᠶᠡᠨ ᠤ ᠬᠠᠯᠠᠮᠰᠢᠯ ᠭᠠᠵᠠᠷ ᠤᠨ ᠡᠪᠦᠯ ᠤᠨ ᠤᠯᠠᠷᠢᠯ ᠤᠨ ᠰᠤᠩᠭᠤᠬᠳᠠᠬᠰᠠᠨ ᠨᠡᠷᠡᠰ︾ ᠢ ᠨᠠᠶᠢᠳᠠᠯᠠᠪᠠ᠂ ᠪᠤᠭᠤᠲᠤ ᠶᠢᠨ ᠺᠦᠨᠯᠦ᠋ᠨ ᠴᠠᠨᠠᠯᠠᠯᠳᠠ ᠶᠢᠨ ᠲᠠᠯᠠᠪᠠᠶ ᠰᠣᠩᠭᠤᠭᠳᠠᠪᠠ᠃    ᠪᠤᠭᠤᠲᠤ ᠶᠢᠨ ᠺᠦᠨᠯᠦ᠋ᠨ ᠴᠠᠨᠠᠯᠠᠯᠳᠠ ᠶᠢᠨ ᠲᠠᠯᠠᠪᠠᠶ ᠨᠢ ᠬᠥᠨᠳᠡᠯᠡᠨ ᠲᠣᠭᠤᠷᠢᠭ ᠤᠨ ᠱᠢ ᠮᠧᠨ ᠦᠵᠡᠮᠵᠢ ᠶᠢᠨ ᠣᠷᠣᠨ ᠤ ᠲᠤᠳᠤᠷ᠎ᠠ ᠪᠠᠶᠢᠵᠤ᠂ 700 ᠭᠠᠷᠤᠶ ᠮᠥ ᠲᠠᠯᠠᠪᠠᠶ ᠲᠠᠢ᠂ ᠶᠡᠷᠦᠩᠬᠡᠶ ᠪᠠᠯᠠ ᠣᠷᠣᠭᠤᠯᠤᠯᠲᠠ ᠨᠢ 3000 ᠭᠠᠷᠤᠶ ᠲᠦᠮᠡᠨ ᠲᠥᠭᠦᠷᠢᠭ ᠪᠠᠶᠢᠵᠤ᠂ ᠪᠦᠬᠦᠨ ᠢ ᠣᠯᠠᠨ ᠤᠯᠤᠰ ᠤᠨ ᠪᠠᠷᠢᠮᠵᠢᠶ᠎ᠠ ᠶᠣᠰᠣᠭᠠᠷ ᠪᠥᠲᠥᠭᠡᠨ ᠪᠠᠶᠢᠭᠤᠯᠵᠤ ᠂  ᠨᠢᠬᠡ ᠯᠠ ᠲᠡᠭᠡᠷ᠎ᠡ ᠮᠢᠩᠭ᠎ᠠ ᠭᠠᠷᠤᠶ ᠴᠠᠨᠠᠯᠠᠯᠳᠠ ᠶᠢᠨ ᠪᠠᠭ᠋ᠠᠳᠠᠳ ᠢ ᠪᠠᠭᠲᠠᠭᠠᠵᠤ ᠲᠡᠶᠢᠯᠦᠨ᠎ᠡ᠃    ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠰᠦᠯᠵᠢᠶᠡᠨ ᠤ ᠬᠠᠯᠠᠮᠰᠢᠯ ᠭᠠᠵᠠᠷ ᠤᠨ ᠡᠪᠦᠯ ᠤᠨ ᠤᠯᠠᠷᠢᠯ ᠤᠨ ᠰᠦᠯᠵᠢᠶᠠᠨ ᠤ ᠬᠠᠯᠠᠮᠰᠢᠯ ᠭᠠᠵᠠᠷ ᠢ ᠰᠤᠩᠭᠤᠨ ᠲᠤᠭᠳᠠᠭᠠᠬᠰᠠᠨ ᠨᠢ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠪᠠ ᠰᠣᠶᠣᠯ ᠤᠨ ᠣᠨᠴᠠᠯᠢᠭ ᠢ ᠭᠦᠶᠴᠡᠳ ᠠᠰᠢᠭᠯᠠᠨ ᠪᠠᠳᠠᠷᠠᠭᠤᠯᠵᠤ᠂ ᠮᠥᠰᠥ ᠴᠠᠰᠤᠨ ᠤ ᠵᠢᠭᠤᠯᠴᠢᠯᠠᠯ ᠢ ᠥᠪᠥᠷ ᠮᠣᠩᠭᠤᠯ ᠤᠨ ᠵᠢᠭᠤᠯᠴᠢᠯᠠᠯ ᠤᠨ ᠰᠢᠨ᠎ᠡ ᠬᠠᠯᠠᠮᠰᠢᠯ ᠴᠡᠭ ᠪᠣᠯᠭᠠᠨ ᠪᠤᠶᠢᠵᠢᠭᠤᠯᠬᠤ ᠪᠠᠷ ᠵᠣᠷᠢᠯᠭ᠎ᠠ ᠪᠠᠨ ᠪᠣᠯᠭᠠᠬᠰᠠᠨ ᠶᠤᠮ᠃ ᠡᠳᠡᠬᠡᠷ ᠰᠤᠩᠭᠤᠬᠳᠠᠬᠰᠠᠨ ᠭᠠᠵᠠᠷ ᠨᠢ ᠥᠷᠭᠡᠨ ᠣᠯᠠᠨ ᠵᠢᠭᠤᠯᠴᠢᠯᠠᠬᠰᠠᠳ ᠪᠠ ᠬᠤᠲᠠ ᠶᠢᠨ ᠠᠷᠠᠳ ᠲᠤ ᠡᠪᠦᠯ ᠤᠨ ᠤᠯᠠᠷᠢᠯ ᠤᠨ ᠵᠢᠭᠤᠯᠴᠢᠯᠠᠯ ᠳᠤ ᠬᠠᠮᠢᠭ᠎ᠠ ᠤᠴᠢᠬᠤ ᠲᠤᠬᠠᠢ ᠵᠦᠭᠯᠡᠭᠦᠷ ᠬᠠᠩᠭᠠᠵᠤ᠂ ᠪᠠᠰᠠ ᠥᠷᠭᠡᠨ ᠣᠯᠠᠨ ᠬᠡᠷᠡᠯ ᠵᠢᠷᠤᠭ ᠤᠨ ᠪᠠᠭ᠋ᠠᠳᠠᠳ ᠲᠤ ᠬᠡᠷᠡᠯ ᠵᠢᠷᠤᠭ ᠰᠡᠬᠦᠳᠡᠷᠯᠡᠬᠦ ᠭᠠᠵᠠᠷ ᠰᠤᠩᠭᠤᠬᠤ ᠲᠤᠬᠠᠢ ᠠᠷᠭ᠎ᠠ ᠪᠤᠳᠤᠯᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号